《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ
2026-05-16 11:19:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠣᠳᠠᠲᠤ ᠴᠣᠭ᠍ᠴᠠ᠎ᠶ᠋ᠢᠨ ᠠᠵᠤ ᠠᠬᠤᠶ ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠬᠡᠷᠡᠭ᠌ᠲᠡᠶ

  

5 ᠰᠠᠷ᠎ᠠ᠎ᠶ᠋ᠢᠨ 16 ᠎ᠤ᠋ ᠡᠳᠦᠷ ᠬᠡᠪᠯᠡᠭ᠌ᠳᠡᠬᠰᠡᠨ 10 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠎ᠶᠢᠨ ᠲᠡᠷᠢᠭᠦᠯᠡᠭ᠌ᠴᠢ ᠰᠢ ᠵᠢᠨ ᠫᠢᠩ᠎ᠦᠨ 《ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠬᠡᠷᠡᠭ᠌ᠲᠡᠶ》 ᠭᠡᠬᠦ᠌ ᠴᠢᠬᠤᠯᠠ ᠵᠣᠬᠢᠶᠠᠯ ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠎ᠦᠨ 2016 ᠣᠨ᠎ᠤ 12 ᠰᠠᠷ᠎ᠠ᠎ᠡᠴᠡ 2025 ᠣᠨ ᠎ᠤ 12 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠲᠡᠬᠦᠪᠦᠷᠢ ᠪᠣᠯᠤᠨ᠎ᠠ᠃

ᠵᠣᠬᠢᠶᠠᠯ᠎ᠳᠤ᠂ ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯ ᠨᠢᠭᠡ ᠤᠯᠤᠰ᠎ᠤᠨ ᠠᠵᠤ ᠠᠬᠤᠢ᠎ᠶ᠋ᠢᠨ ᠣᠷᠣᠱᠢᠨ ᠲᠣᠭ᠍ᠲᠠᠨᠢᠬᠤ ᠦᠨᠳᠦᠰᠦ᠂ ᠡᠳ᠋ ᠪᠠᠶᠠᠯᠢᠭ ᠎ᠢ ᠡᠭᠦᠳᠦᠨ ᠪᠦᠲᠦᠭᠡᠬᠦ᠌ ᠦᠨᠳᠦᠰᠦᠨ ᠡᠬᠢ ᠪᠤᠯᠠᠭ᠂ ᠤᠯᠤᠰ᠎ᠤᠨ ᠬᠦᠴᠦᠷᠬᠡᠭ᠌ᠵᠢᠨ ᠮᠠᠨᠳᠤᠬᠤ᠎ᠶ᠋ᠢᠨ ᠴᠢᠬᠤᠯᠠ ᠲᠤᠯᠭᠠᠭᠤᠷᠢ ᠮᠥᠨ᠃ ᠠᠵᠤ ᠠᠬᠤᠢ ᠬᠥᠭ᠌ᠵᠢᠭᠡᠳ ᠶᠠᠮᠠᠷ ᠦᠶ᠎ᠡ ᠳ᠋ᠤ ᠬᠦᠷᠦᠭᠰᠡᠨ ᠴᠤ᠌᠂ ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯ ᠴᠥᠮ ᠮᠠᠨ ᠎ᠤ ᠤᠯᠤᠰ᠎ᠤᠨ ᠠᠵᠤ ᠠᠬᠤᠢ᠎ᠪᠡᠨ ᠬᠥᠭ᠌ᠵᠢᠬᠦᠯᠬᠦ᠂ ᠪᠢᠳᠡᠨ ᠤ᠋ ᠤᠯᠠᠨ ᠤᠯᠤᠰ᠎ᠤᠨ ᠠᠵᠤ ᠠᠬᠤᠢ ᠎ᠶ᠋ᠢᠨ ᠥᠷᠢᠰᠥᠯᠳᠦᠭᠡᠨ᠎ᠦ ᠳᠤᠮᠳᠠ ᠰᠠᠨᠠᠭᠠᠴᠢᠯᠠᠭᠠᠲᠤ ᠡᠷᠬᠡ᠎ᠶ᠋ᠢ ᠤᠯᠬᠤ ᠰᠠᠭᠤᠷᠢ ᠮᠥᠨ᠃ ᠮᠠᠨ ᠎ᠤ ᠤᠯᠤᠰ ᠎ᠤᠨ ᠠᠵᠤ ᠠᠬᠤᠢ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠲᠦᠱᠢᠭ᠌ᠯᠡᠨ ᠬᠥᠭ᠌ᠵᠢᠭ᠌ᠰᠡᠨ ᠶᠤᠮ᠂ ᠪᠠᠰᠠ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠲᠦᠱᠢᠭ᠌ᠯᠡᠨ ᠢᠷᠡᠭᠡᠳᠦᠢ ᠵᠦᠭ ᠤᠷᠤᠭ᠍ᠰᠢᠯᠠᠬᠤ ᠬᠡᠷᠡᠭ᠌ᠲᠡᠢ᠃ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠡᠬᠢ ᠪᠠᠶᠠᠯᠢᠭ ᠎ᠤᠨ ᠡᠯᠧᠮᠧᠨ᠋ᠲ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠲᠡᠢᠰᠢ ᠲᠥᠪᠯᠡᠷᠡᠭᠦᠯᠬᠦ᠌᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠎ᠶ᠋ᠢ ᠪᠣᠳᠠᠲᠤ ᠴᠣᠭ᠍ᠴᠠ᠎ᠶ᠋ᠢᠨ ᠠᠵᠤ ᠠᠬᠤᠢ ᠲᠡᠢᠰᠢ ᠬᠡᠯᠪᠡᠢᠯᠭᠡᠬᠦ᠌᠂ ᠠᠵᠢᠯ᠎ᠤᠨ ᠬᠦᠴᠦᠨ ᠎ᠢ ᠪᠣᠳᠠᠲᠤ ᠴᠣᠭ᠍ᠴᠠ ᠎ᠶ᠋ᠢᠨ ᠠᠵᠤ ᠠᠬᠤᠢ ᠲᠡᠢᠰᠢ ᠴᠢᠩᠭᠠᠳᠭᠠᠬᠤ᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠴᠣᠭ᠍ᠴᠠ ᠎ᠶ᠋ᠢᠨ ᠠᠵᠤ ᠠᠬᠤᠢ᠎ᠶ᠋ᠢ ᠲᠠᠰᠤᠷᠠᠯᠳᠠ ᠦᠭᠡᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠦᠶ᠋ᠯᠡᠳᠬᠦ᠌ ᠦᠶ᠋ᠯᠡᠰ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ ᠮᠥᠨ᠂ ᠦᠶ᠋ᠯᠡᠳᠬᠦ᠌ ᠦᠶ᠋ᠯᠡᠰ ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠢ ᠡᠷᠡᠰ ᠭᠤᠢᠪᠢᠰᠢ ᠥᠬᠡᠶ᠎ᠪᠡᠷ ᠪᠥᠲᠥᠭᠡᠨ ᠪᠠᠢᠭᠤᠯᠬᠤ ᠬᠡᠷᠡᠭ᠌ᠲᠡᠶ᠃ ᠠᠵᠤ ᠦᠢᠯᠡᠰ᠎ᠦᠨ ᠰᠠᠭᠤᠷᠢ ᠎ᠶ᠋ᠢ ᠲᠠᠬᠢᠨ ᠴᠤᠬᠴᠠᠯᠠᠬᠤ ᠢᠨᠵᠧᠨᠧᠷᠢᠩ ᠪᠠ ᠴᠢᠬᠤᠯᠠ ᠶᠡᠬᠡ ᠮᠡᠷᠭᠡᠵᠢᠯ ᠲᠣᠨᠣᠭ᠍ᠯᠠᠯ ᠎ᠤᠨ ᠪᠤᠭᠤᠮᠳᠠ ᠰᠢᠪᠳᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠲᠤᠰᠭᠠᠢ ᠨᠠᠷᠢᠯᠢᠭ ᠣᠨᠴᠠ ᠱᠢᠨ᠎ᠡ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠲᠡᠮᠵᠢᠵᠤ᠂ ᠦᠢᠯᠡᠳᠬᠦ᠌ ᠦᠢᠯᠡᠰ᠎ᠦᠨ ᠳᠡᠭᠡᠳᠦ ᠲᠡᠰᠵᠢᠭ᠌ᠰᠡᠨ᠂ ᠤᠶᠤᠨᠴᠢᠯᠠᠭ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ᠎ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠡᠴᠡ᠎ᠪᠠᠨ ᠵᠣᠬᠢᠴᠠᠬᠤ ᠪᠠ ᠲᠡᠭᠦᠨ᠎ᠢ ᠬᠦᠳᠦᠯᠦᠨ ᠳᠠᠭᠠᠭᠤᠯᠵᠤ᠂ ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠤᠭᠤᠮᠳᠠ ᠰᠢᠪᠳᠤᠯᠬᠤ ᠵᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠠ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠲᠡᠷᠢᠭᠦᠨ᠎ᠦ ᠦᠢᠯᠡᠳᠬᠦ᠌ ᠦᠢᠯᠡᠰ᠎ᠢ ᠲᠦᠷᠭᠡᠨ ᠬᠥᠭ᠌ᠵᠢᠭᠦᠯᠵᠦ᠍᠂ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠶ᠋ᠢ ᠲᠣᠭᠠᠴᠢᠯᠠᠭ᠍ᠰᠠᠨ ᠠᠵᠤ ᠠᠬᠤᠢ᠂ ᠠᠵᠤ ᠦᠢᠯᠡᠰ ᠎ᠦᠨ ᠮᠡᠳᠡᠭᠡ ᠵᠠᠩᠭᠢᠵᠢᠯᠲᠠ ᠵᠡᠷᠭᠡ᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠪᠣᠳᠠᠰ᠎ᠤᠨ ᠪᠠ ᠮᠡᠷᠭᠡᠵᠢᠯ᠎ᠦᠨ ᠰᠠᠭᠤᠷᠢ᠎ᠶ᠋ᠢ ᠴᠤᠬᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠬᠡᠷᠡᠭ᠌ᠲᠡᠢ᠃《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠡᠷᠬᠡᠪᠰᠢ ᠲᠤᠬᠠᠶ ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠢᠳᠡᠪᠬᠢᠲᠡᠶ᠎ᠪᠡᠷ ᠬᠥᠭ᠌ᠵᠢᠭᠦᠯᠬᠦ᠂ ᠢᠷᠡᠭᠡᠳᠦᠶ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠯᠠᠭᠤᠯᠬᠤ᠎ᠶ᠋ᠢ ᠵᠡᠷᠭᠡ᠎ᠳᠦᠨᠢ ᠴᠢᠬᠤᠯᠠᠴᠢᠯᠠᠬᠤ ᠵᠢ ᠪᠠᠷᠢᠮᠳᠠᠯᠠᠬᠤ ᠬᠡᠷᠡᠭ᠌ᠲᠡᠶ᠃ ᠳᠠᠪᠠᠭᠤᠯᠢᠭ ᠠᠵᠤ ᠦᠢᠯᠡᠰ᠎ᠦᠨ ᠲᠦᠷᠦᠭᠦᠯᠡᠬᠦ᠌ ᠪᠠᠢᠷᠢ ᠰᠠᠭᠤᠷᠢ᠎ᠶ᠋ᠢ ᠪᠡᠬᠢᠵᠢᠭᠦᠯᠵᠦ᠍᠂ ᠠᠮᠤᠷ ᠲᠦᠪᠱᠢᠨ ᠬᠥᠭ᠌ᠵᠢᠯᠲᠡ᠎ᠳᠦ ᠬᠣᠯᠪᠣᠭ᠍ᠳᠠᠬᠤ ᠬᠦᠷᠢᠶᠡᠨ᠎ᠳᠡᠬᠢ ᠳᠤᠲᠠᠭᠤᠳᠠᠯ᠎ᠢᠶᠠᠨ ᠲᠦᠷᠭᠡᠨ ᠨᠥᠬᠥᠪᠥᠷᠢᠯᠡᠬᠦ ᠬᠡᠷᠡᠭᠲᠡᠢ᠃ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠠᠭᠤᠰᠤᠯᠴᠠᠵᠤ ᠪᠥᠯᠦᠭᠵᠢᠨ ᠬᠥᠭ᠌ᠵᠢᠬᠦ᠌᠎ᠶ᠋ᠢ ᠠᠬᠢᠭᠤᠯᠵᠤ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠮᠡᠷᠭᠡᠵᠢᠯ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠡᠰ᠎ᠤᠨ ᠲᠣᠨᠣᠭ᠍ᠯᠠᠯ᠂ ᠪᠣᠬᠢᠷᠲᠤᠯ ᠦᠭᠡᠢ ᠣᠷᠴᠢᠨ ᠲᠤᠭᠤᠷᠢᠨ ᠎ᠤ ᠬᠠᠮᠠᠭᠠᠯᠠᠯᠲᠠ ᠵᠡᠷᠭᠡ ᠨᠢᠭᠡ ᠪᠦᠯᠦᠭ ᠱᠢᠨ᠎ᠡ ᠨᠡᠮᠡᠭ᠌ᠳᠡᠯ᠎ᠦᠨ ᠬᠥᠳᠡᠯᠭᠡᠭᠦᠷ᠎ᠢ ᠴᠤᠬᠴᠠᠯᠠᠬᠤ ᠬᠡᠷᠡᠭᠲᠡᠢ᠃ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠢ ᠦᠢᠯᠡᠴᠢᠯᠡᠭᠡᠨ᠎ᠦ ᠦᠢᠯᠡᠰ ᠎ᠦᠨ ᠱᠢᠨ᠎ᠡ ᠱᠢᠰᠲ᠋ᠧᠮ ᠎ᠢ ᠪᠠᠢᠭᠤᠯᠵᠤ᠂ ᠥᠨᠳᠥᠷ ᠪᠦᠲᠦᠮᠵᠢᠲᠡᠢ ᠪᠥᠭᠡᠳ ᠢᠯᠭᠤᠮ ᠱᠢᠯᠤᠭᠤᠨ ᠭᠦᠢᠯᠭᠡᠭᠡᠨ ᠎ᠦ ᠱᠢᠰᠲ᠋ᠧᠮ ᠎ᠢ ᠪᠠᠢᠭᠤᠯᠵᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ ᠎ᠢ ᠪᠠᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠮᠥᠩᠭᠥᠨ ᠭᠦᠢᠯᠭᠡᠭᠡᠨ᠎ᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦᠯᠬᠦ᠎ᠪᠡᠷ ᠦᠨᠳᠦᠰᠦᠨ ᠵᠣᠷᠢᠯᠲᠠ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯ ᠮᠥᠩᠭᠥᠨ ᠭᠦᠢᠯᠭᠡᠭᠡᠨ᠎ᠦ ᠰᠠᠭᠤᠷᠢ ᠮᠥᠨ᠂ ᠮᠥᠩᠭᠥᠨ ᠭᠦᠢᠯᠭᠡᠭᠡᠨ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠠᠮᠢᠨ ᠰᠤᠳᠠᠰᠤ ᠮᠥᠨ᠂ ᠪᠣᠳᠠᠲᠤ ᠴᠣᠭ᠍ᠴᠠ᠎ᠶ᠋ᠢᠨ ᠠᠵᠤ ᠠᠬᠤᠢ ᠎ᠳᠤ ᠦᠢᠯᠡᠴᠢᠯᠡᠬᠦ᠌ ᠪᠣᠯ ᠮᠥᠩᠭᠥᠨ ᠭᠦᠢᠯᠭᠡᠭᠡᠨ ᠎ᠦ ᠲᠠᠷᠬᠠᠨ ᠡᠭᠦᠷᠭᠡ ᠮᠥᠨ᠃ ᠮᠠᠨ᠎ᠤ ᠤᠯᠤᠰ᠎ᠤᠨ ᠮᠥᠩᠭᠥᠨ ᠭᠦᠢᠯᠭᠡᠭᠡᠨ ᠡᠷᠬᠡᠪᠰᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦ᠌ ᠡᠭᠦᠷᠭᠡ ᠬᠠᠷᠢᠭᠤᠴᠠᠯᠭ᠎ᠠ᠎ᠶ᠋ᠢ ᠰᠠᠢᠲᠤᠷ ᠡᠬᠦᠷᠬᠡᠯᠡᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠂ ᠶᠠᠭᠠᠬᠢᠭ᠍ᠰᠠᠨ ᠴᠤ᠌ ᠪᠣᠳᠠᠳᠠᠢ᠎ᠡᠴᠡ ᠰᠠᠯᠵᠤ ᠬᠡᠢᠰᠪᠦᠷᠢ ᠪᠠᠢᠵᠤ ᠪᠤᠯᠬᠤ ᠦᠭᠡᠢ ᠭᠡᠵᠦ ᠴᠢᠬᠤᠯᠠᠴᠢᠯᠠᠪᠠ᠃


ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 15 ᠎ᠤ᠋ ᠴᠠᠬᠢᠯᠭᠠᠨ ᠮᠡᠳᠡᠭᠡ) 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号