ᠦᠪᠦᠷ ᠮᠤᠩᠭᠤᠯ ᠤ᠋ᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ 2100 ᠭᠠᠷᠤᠢ ᠠᠵᠤ ᠠᠬᠤᠢ ᠵᠢᠨ ᠶᠠᠯᠠᠳᠤ ᠬᠡᠷᠡᠭ ᠎ᠢ ᠲᠠᠩᠨᠠᠨ ᠢᠯᠡᠷᠡᠬᠦᠯᠵᠡᠢ
2026-05-16 12:11:57
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ 14 ᠤ᠋ ᠡᠳᠦᠷ᠂ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ 《5·15》 ᠤ᠋ ᠦᠪᠦᠷ ᠮᠤᠩᠭᠤᠯ ᠤ᠋ᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠠᠵᠤ ᠠᠬᠤᠢ ᠵᠢᠨ ᠶᠠᠯᠠᠳᠤ ᠠᠵᠢᠯᠯᠠᠭ᠎ᠠ  ᠳ᠋ᠸ᠋ ᠴᠤᠬᠢᠯᠳᠠ ᠦᠭᠴᠦ ᠰᠡᠷᠬᠡᠢᠯᠡᠬᠦ ᠤᠬᠠᠭᠤᠯᠭ᠎ᠠ ᠵᠢᠨ ᠡᠳᠦᠷ ᠤ᠋ᠨ ᠰᠤᠨᠢᠨ ᠮᠡᠳᠡᠬᠡ ᠨᠡᠢᠳᠡᠯᠡᠬᠦ ᠬᠤᠷᠠᠯ ᠬᠤᠷᠠᠯᠳᠤᠭᠤᠯᠵᠦ᠂ ᠠᠵᠤ ᠠᠬᠤᠢ ᠵᠢᠨ ᠶᠠᠯᠠᠳᠤ ᠠᠵᠢᠯᠯᠠᠭ᠎ᠠ ᠳ᠋ᠸ᠋ ᠴᠤᠬᠢᠯᠳᠠ ᠦᠭᠴᠦ ᠰᠡᠷᠬᠡᠢᠯᠡᠭᠰᠡᠨ ᠬᠠᠮᠢᠶ᠎ᠠ ᠪᠦᠬᠦᠢ ᠪᠠᠢᠳᠠᠯ ᠎ᠢ ᠮᠡᠳᠡᠭᠳᠡᠵᠡᠢ᠃

ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠠᠵᠤ ᠠᠬᠤᠢ᠎ᠶ᠋ᠢᠨ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭ᠌ᠴᠦ᠂ ᠠᠵᠤ ᠠᠬᠤᠢ᠎ᠶ᠋ᠢᠨ ᠠᠮᠤᠷ ᠲᠦᠪᠱᠢᠨ᠎ᠢ ᠬᠦᠴᠦᠲᠡᠢ ᠬᠠᠮᠠᠭᠠᠯᠠᠪᠠ᠃  2025 ᠣᠨ᠎ᠡᠴᠨ  ᠨᠠᠭᠠᠰᠢ᠂ ᠦᠪᠦᠷ ᠮᠤᠩᠭᠤᠯ ᠳ᠋ᠸ᠋  ᠠᠵᠤ ᠠᠬᠤᠶ᠎ᠶ᠋ᠢᠨ ᠶᠠᠯᠠᠲᠤ ᠬᠡᠷᠡᠭ ᠎ᠢ ᠨᠡᠢᠲᠡ 2100 ᠭᠠᠷᠤᠶ ᠳᠡᠩᠨᠡᠨ ᠢᠯᠡᠷᠡᠭᠦᠯᠵᠦ᠍ ᠂ ᠳᠡᠭᠡᠷ᠎ᠡ ᠱᠠᠲᠤᠨ᠎ᠤ ᠰᠠᠯᠠᠭ᠎ᠠ ᠮᠥᠴᠢᠷ᠎ᠡᠴᠡ ᠣᠯᠠᠨ ᠤᠳᠠᠭ᠎ᠠ ᠵᠠᠷᠯᠠᠨ ᠬᠥᠬᠢᠭᠦᠯᠪᠡ᠃ ᠢᠯᠠᠩᠭᠤᠶ᠎ᠠ ᠨᠢᠭᠤᠴᠠ ᠵᠣᠭᠣᠰ᠎ᠤᠨ ᠫᠦᠰᠡ ᠪᠠ ᠵᠣᠭᠣᠰ ᠤᠬᠢᠶᠠᠬᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠲᠤᠰᠭᠠᠢ ᠠᠵᠢᠯᠯᠠᠭ᠎ᠠ᠎ᠳᠤᠮᠳᠠ 28 ᠶᠠᠯᠠᠲᠤ ᠡᠪᠰᠡᠯ ᠪᠦᠯᠦᠭ ᠎ᠢ  ᠰᠦᠢᠷᠡᠬᠦᠯᠵᠦ᠂ ᠨᠢᠭᠡ ᠪᠦᠯᠦᠭ ᠬᠠᠤᠯᠢ ᠪᠤᠰᠤ ᠪᠡᠯᠡ ᠮᠥᠩᠭᠥ᠎ᠶ᠋ᠢ ᠱᠢᠯᠵᠢᠭᠦᠯᠬᠦ᠌ ᠵᠠᠮ᠎ᠢ ᠪᠦᠲᠦᠮᠵᠢᠲᠡᠢ᠎ᠪᠡᠷ ᠲᠠᠰᠤᠯᠪᠠ᠃ 《ᠦᠨᠡᠬᠡᠨ ᠠᠪᠠ》 ᠠᠵᠢᠯᠯᠠᠭ᠎ᠠ ᠳᠤᠮᠳᠠ᠂ ᠬᠢᠯᠢ᠎ᠶ᠋ᠢᠨ ᠭᠠᠳᠠᠨ᠎ᠠ ᠠᠵᠤ ᠠᠬᠤᠢ᠎ᠶ᠋ᠢᠨ ᠶᠠᠯ᠎ᠠ ᠬᠢᠭ᠌ᠰᠡᠨ ᠰᠡᠵᠢᠭ᠌ᠯᠡᠯᠲᠡᠢ 14 ᠬᠥᠮᠦᠨ᠎ᠢ ᠨᠡᠬᠡᠮᠵᠢᠯᠡᠨ ᠪᠠᠷᠢᠪᠴᠢᠯᠠᠵᠠᠢ᠃  ᠬᠠᠤᠯᠢ ᠪᠤᠰᠤ᠎ᠪᠠᠷ ᠪᠠᠯᠠ ᠴᠤᠭ᠍ᠯᠠᠭᠤᠯᠬᠤ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠳᠤᠮᠳᠠ᠂ ᠨᠠᠰᠤᠵᠢᠯ ᠎ᠤᠨ ᠠᠰᠠᠷᠠᠮᠵᠢ ᠵᠡᠷᠭᠡ ᠨᠡᠢᠭᠡᠮ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠶ ᠬᠦᠷᠢᠶ᠎ᠡ ᠎ᠲᠡᠶ ᠨᠢᠭ᠍ᠲᠠ ᠤᠶᠠᠯᠳᠤᠭᠤᠯᠤᠨ᠂ ᠬᠠᠤᠯᠢ ᠪᠤᠰᠤ᠎ᠪᠠᠷ ᠪᠠᠯᠠ ᠴᠤᠭ᠍ᠯᠠᠭᠤᠯᠬᠤ ᠶᠠᠯᠠᠲᠤ ᠬᠡᠷᠡᠭ ᠎ᠢ ᠨᠡᠢᠲᠡ 210 ᠭᠠᠷᠤᠶ ᠬᠡᠷᠡᠭ ᠪᠤᠯᠭᠠᠨ ᠲᠠᠩᠰᠠᠯᠠᠵᠤ᠂ 280 ᠭᠠᠷᠤᠶ ᠶᠠᠯ᠎ᠠ ᠵᠢᠨ ᠰᠡᠵᠢᠭ᠌ᠳᠡᠨ᠎ᠢ ᠪᠠᠷᠢᠪᠴᠢᠯᠠᠵᠤ᠂ 3100 ᠭᠠᠷᠤᠶ ᠲᠦᠮᠡᠨ ᠲᠥᠭᠥᠷᠢᠭ᠎ᠦᠨ ᠬᠣᠬᠢᠷᠠᠯ᠎ᠢ ᠡᠭᠡᠭᠦᠯᠦᠨ ᠠᠪᠴᠢᠷᠠᠵᠠᠢ᠃

ᠪᠦᠬᠦ ᠤᠷᠤᠨ᠎ᠤ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠬᠢᠨ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠨᠡᠢᠭᠡᠮ᠎ᠦᠨ ᠵᠠᠰᠠᠯᠲᠠ᠎ᠶ᠋ᠢᠨ ᠠᠵᠢᠯ᠎ᠳᠤ ᠭᠦᠢᠴᠡᠳ ᠣᠷᠣᠯᠴᠠᠵᠦ᠂ ᠬᠣᠷᠢᠭ᠎ᠠ ᠱᠤᠭᠤᠮ ᠎ᠤᠨ ᠰᠡᠳᠬᠢᠴᠡ ᠵᠢ  ᠢᠮᠠᠭ᠍ᠲᠠ ᠪᠠᠷᠢᠮᠲᠠᠯᠠᠵᠤ᠂ ᠠᠵᠤ ᠠᠬᠤᠢ᠎ᠶ᠋ᠢᠨ ᠬᠦᠷᠢᠶᠡᠨ᠎ᠳᠡᠬᠢ ᠠᠶᠤᠯ ᠲᠦᠭ᠌ᠰᠢᠭᠦᠷᠢ ᠎ᠶ᠋ᠢ ᠬᠦᠴᠦᠯᠡᠨ ᠰᠡᠷᠭᠡᠢᠯᠡᠨ ᠠᠷᠢᠯᠭᠠᠪᠠ; ᠬᠠᠤᠯᠢ ᠶ᠋ᠢ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠬᠠᠤᠯᠢ ᠬᠡᠷᠡᠭ᠌ᠵᠢᠭᠦᠯᠬᠦ ᠤᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠦᠨᠡᠨ ᠬᠦ᠌ ᠳᠡᠭᠡᠭ᠌ᠰᠢᠯᠡᠭᠦᠯᠪᠡ; ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠎ᠶ᠋ᠢ ᠵᠢᠷᠤᠮᠵᠢᠭᠤᠯᠵᠤ᠂  ᠬᠠᠤᠯᠢ ᠬᠡᠷᠡᠭᠵᠢᠬᠦᠯᠬᠦ᠎ᠳᠤ ᠭᠠᠷ ᠲᠦᠷᠦᠭᠦ ᠎ᠶ᠋ᠢ ᠰᠡᠷᠭᠡᠢᠯᠡᠬᠦ᠌ 《ᠭᠤᠷᠪᠠᠨ ᠲᠣᠭ᠍ᠲᠠᠭᠠᠯ 》 ᠎ᠢ᠋ ᠴᠢᠩᠭ᠎ᠠ ᠵᠢᠷᠤᠮᠯᠠᠵᠦ᠂ ᠤᠨᠳᠤᠤ ᠭᠠᠵᠠᠷ᠎ᠲᠤ ᠬᠡᠷᠡᠭ ᠱᠢᠶ᠋ᠳᠪᠦᠷᠢᠯᠡᠬᠦ᠌᠎ᠶ᠋ᠢ ᠵᠢᠷᠤᠮᠵᠢᠭᠤᠯᠬᠤ 《 ᠵᠢᠷᠭᠤᠭ᠎ᠠ᠎ᠶ᠋ᠢ ᠴᠢᠩᠭ᠎ᠠ ᠴᠠᠭᠠᠵᠠᠯᠠᠬᠤ 》 ᠂ ᠠᠱᠢᠭ ᠬᠥᠭᠡᠭᠡᠴᠡᠯᠳᠦᠨ ᠬᠠᠤᠯᠢ ᠬᠡᠷᠡᠭ᠌ᠵᠢᠭᠦᠯᠬᠦ᠌᠎ᠶ᠋ᠢ ᠴᠠᠭᠠᠵᠠᠯᠠᠬᠤ 《ᠲᠤᠯᠤᠭᠠᠨ ᠵᠦᠶ᠋ᠯ᠎ᠦᠨ ᠲᠣᠭ᠍ᠲᠠᠭᠠᠯ》 ᠵᠡᠷᠭᠡ ᠵᠢᠨ ᠱᠠᠭᠠᠷᠳᠠᠯᠭ᠎ᠠ᠎ᠶ᠋ᠢ ᠴᠢᠩᠭ᠎ᠠ ᠲᠤᠭᠤᠰᠢᠯᠠᠭᠤᠯᠤᠨ ᠨᠠᠢᠳᠠᠪᠤᠷᠢᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号