ᠤᠢᠷ᠎ᠠ ᠳ᠋ᠤ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ ᠵᠢᠨ ᠲᠦᠷᠦᠭᠦᠯᠡᠨ ᠮᠡᠳᠡᠭᠦᠯᠦᠭᠰᠡᠨ (ᠦᠪᠦᠷ ᠮᠤᠩᠭᠤᠯ᠎ᠤᠨ ᠦᠪᠡᠷᠳᠡᠬᠡᠨ ᠵᠠᠰᠬᠠᠤ ᠤᠷᠤᠨ᠎ᠤ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ᠎ᠤ ᠰᠠᠭᠤᠷᠢᠨ) 《ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ᠎ᠪᠠᠷ ᠭᠠᠷᠳᠠᠴᠠ ᠪᠣᠯᠭᠠᠵᠤ ᠳᠤᠮᠳᠠᠳᠤ ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠢ ᠠᠬᠢᠭᠤᠯᠬᠤ ᠬᠡᠷᠡᠭ᠎ᠤᠨ ᠵᠢᠱ᠌ᠢᠶ᠎ᠠ》 ᠨᠢ ᠰᠤᠷᠭᠠᠨ ᠬᠥᠮᠦᠵᠢᠯ᠎ᠦᠨ ᠶᠠᠮᠤᠨ᠎ᠤ ᠨᠡᠢᠳᠡᠯᠡᠭᠰᠡᠨ ᠰᠢᠨ᠎ᠡ ᠴᠠᠭ ᠦᠶ᠎ᠡ᠎ᠶᠢᠨ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠲᠦᠷᠦᠬᠦᠦ ᠪᠦᠯᠦᠭ᠎ᠦᠨ ᠨᠡᠢᠲᠡᠯᠢᠭ ᠵᠢᠱ᠌ᠢᠶ᠎ᠠ ᠪᠡᠷ ᠰᠤᠩᠭᠤᠭᠳᠠᠭᠰᠠᠨ ᠪᠠᠢᠨ᠎ᠠ᠃
ᠦᠪᠦᠷ ᠮᠤᠩᠭᠤᠯ᠎ᠤᠨ ᠦᠪᠡᠷᠳᠡᠬᠡᠨ ᠵᠠᠰᠬᠠᠤ ᠤᠷᠤᠨ᠎ᠤ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ ᠢ ᠪᠠᠳᠤ ᠴᠤᠭᠴᠠᠯᠠᠬᠤ ᠰᠤᠳᠤᠯᠭᠠᠨ᠎ᠤ ᠰᠠᠭᠤᠷᠢᠨ ᠨᠢ ᠥᠪᠥᠷ ᠮᠣᠩᠭᠣᠯ᠎ᠤᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ᠎ᠢ ᠨᠢᠭᠡ ᠴᠤᠭᠴᠠᠵᠢᠭᠤᠯᠬᠤ ᠰᠢᠰᠲᠧᠮᠳᠤ ᠰᠤᠳᠤᠯᠭᠠᠨ᠎ᠢ ᠦᠷᠬᠦᠯᠵᠢᠯᠡᠨ ᠬᠦᠨᠵᠡᠬᠡᠢᠷᠡᠬᠦᠯᠵᠦ᠂《ᠳᠤᠮᠳᠠᠳᠤ᠎ᠶᠢᠨ ᠦᠨᠳᠦᠰᠦᠲᠡᠨ ᠦ ᠬᠠᠮᠲᠤ᠎ᠶᠢᠨ ᠴᠣᠭᠴᠠ ᠶᠢᠨ ᠲᠣᠢᠮᠣ᠌》 ᠬᠢᠴᠢᠶᠡᠯ᠎ᠤᠨ ᠵᠢᠭᠠᠨ ᠰᠤᠷᠭᠠᠯᠲᠠ᠎ᠶᠢᠨ ᠰᠤᠳᠤᠯᠭᠠᠨ᠎ᠢ ᠳᠣᠪᠣᠶ᠋ᠢᠯᠭᠠᠵᠤ᠂ ᠬᠠᠮᠲᠤ᠎ᠪᠠᠷ ᠬᠢᠴᠢᠶᠡᠯ ᠪᠡᠯᠡᠳᠬᠡᠬᠦ᠂ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠬᠤ᠂ ᠵᠢᠭᠠᠨ ᠰᠤᠷᠭᠠᠯᠳᠠ ᠵᠢ ᠲᠣᠭᠣᠷᠢᠨ ᠦᠵᠡᠬᠦ ᠵᠡᠷᠭᠡ ᠠᠷᠭ᠎ᠠ ᠬᠡᠯᠪᠡᠷᠢ᠎ᠪᠡᠷ ᠲᠠᠮᠵᠢᠨ᠂《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤᠵᠢᠭᠠᠨ ᠰᠤᠷᠭᠠᠯᠳᠠ ᠵᠢᠨ ᠵᠢᠯᠤᠭᠣᠳᠬᠤ ᠬᠥᠲᠥᠯᠪᠦᠷᠢ》 ᠵᠢᠴᠢ 《ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠢᠴᠢᠶᠡᠯ᠎ᠤᠨ ᠵᠢᠭᠠᠨ ᠰᠤᠷᠭᠠᠯᠲᠠ ᠶᠢᠨ ᠵᠦᠭᠯᠡᠭᠦᠷ》 ᠢ᠋ ᠰᠤᠳᠤᠯᠤᠨ ᠨᠠᠢᠷᠠᠭᠤᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠳᠥᠷᠪᠡᠨ ᠰᠤᠷᠤᠯᠭ᠎ᠠ᠎ᠶᠢᠨ ᠱᠠᠲᠤ᠎ᠶᠢ ᠬᠠᠮᠤᠷᠤᠭᠰᠠᠨ 30 ᠭᠠᠷᠤᠢ ᠬᠢᠴᠢᠶᠡᠯᠲᠦᠷᠦᠯ ᠳ᠋ᠤ ᠬᠣᠯᠪᠣᠭᠳᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ᠎ᠢ ᠱᠠᠳᠤ ᠱᠠᠳᠤ ᠪᠡᠷ ᠬᠦᠨᠵᠡᠬᠡᠢᠷᠡᠬᠦᠯᠬᠦ ᠳ᠋ᠤ ᠰᠢᠨᠵᠢᠯᠡᠬᠦ ᠤᠬᠠᠭᠠᠨᠴᠢ ᠵᠢᠷᠤᠮᠵᠢᠭ᠍ᠰᠠᠨ ᠵᠢᠯᠣᠭᠣᠳᠤᠯᠭ᠎ᠠ ᠬᠠᠩᠭᠠᠪᠠ᠃ ᠰᠤᠳᠤᠯᠭᠠᠨ ᠤ ᠰᠠᠭᠤᠷᠢᠨ ᠨᠢ ᠪᠠᠰᠠ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ ᠠᠷᠭ᠎ᠠ ᠵᠠᠮ ᠢ ᠰᠦᠪᠡᠭᠴᠢᠯᠡᠵᠦ᠂《1+12+N》 ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ ᠪᠠᠢᠭᠤᠯᠤᠨ᠂ 20 ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢᠨ ᠰᠠᠭᠤᠷᠢᠨ ᠢ ᠲᠦᠷᠦᠭᠦᠯᠡᠨ ᠪᠠᠢᠭᠤᠯᠵᠤ᠂ 50 ᠭᠠᠷᠤᠢ ᠲᠠᠯᠠᠪᠤᠷ ᠰᠤᠷᠤᠯᠭ᠎ᠠ᠎ᠶᠢᠨ ᠬᠤᠭᠤᠴᠠᠭ᠎ᠠ ᠠᠯᠤᠰᠯᠠᠭᠰᠠᠨ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠂ 60 ᠲᠦᠮᠡᠨ ᠬᠥᠮᠥᠨ ᠤᠳᠠᠭ᠎ᠠ (ᠰᠣᠷᠣᠭ᠍ᠴᠢ) ᠵᠢ ᠬᠠᠮᠤᠷᠴᠠᠢ᠃ 《ᠠᠨᠠᠷ᠎ᠤᠨ ᠤᠯᠠᠭᠠᠨ》 ᠰᠢᠷᠢᠰ ᠣᠨᠴᠠᠯᠢᠭ᠍ᠲᠤ ᠬᠢᠴᠢᠶᠡᠯ᠎ᠢ 8 ᠨᠡᠭᠡᠭᠡᠨ ᠬᠥᠭᠵᠢᠭᠦᠯᠵᠦ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ ᠪᠦᠯᠢ ᠮᠡᠳᠤ ᠳᠤᠳᠤᠨᠤ》ᠭᠡᠬᠦ ᠵᠢᠱ᠌ᠢᠶ᠎ᠡ ᠦᠵᠡᠭᠦᠯᠬᠦ ᠬᠢᠴᠢᠶᠡᠯ᠎ᠢ ᠤᠯᠤᠰ᠎ᠤᠨ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠎ᠳᠤ ᠣᠷᠣᠭᠤᠯᠵᠤ᠂ ᠪᠠᠶᠠᠯᠢᠭ ᠠᠭᠤᠯᠭ᠎ᠠ ᠪᠦᠬᠦᠢ 《ᠠᠶᠠᠯᠠᠨ ᠰᠤᠷᠤᠯᠴᠠᠬᠤ ᠬᠢᠴᠢᠶᠡᠯ᠎ᠦᠨ ᠲᠠᠩᠬᠢᠮ》 ᠢ᠋ ᠪᠤᠢ ᠪᠤᠯᠭᠠᠪᠠ᠃ ᠰᠤᠳᠤᠯᠭᠠᠨ᠎ᠤ ᠰᠠᠭᠤᠷᠢᠨ ᠨᠢ ᠰᠢᠨᠵᠢᠯᠡᠭᠡᠨ᠎ᠦ ᠰᠠᠯᠠᠭ᠎ᠠ᠎ᠶᠢᠨ ᠳᠠᠪᠠᠭᠤᠯᠢᠭ ᠪᠠ ᠰᠤᠳᠤᠯᠭᠠᠨ᠎ᠤ ᠣᠨᠴᠠᠯᠢᠭ᠋᠎ᠲᠤ ᠠᠩᠬᠠᠷᠤᠯ᠎ᠢᠶᠠᠨ ᠲᠥᠪᠯᠡᠷᠡᠭᠦᠯᠵᠦ᠂ 《ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ᠎ᠪᠠᠷ ᠭᠠᠷᠳᠠᠴᠠ ᠪᠣᠯᠭᠠᠵᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠢ ᠠᠬᠢᠭᠤᠯᠬᠤ ᠬᠡᠷᠡᠭ᠎ᠤᠨ ᠵᠢᠱ᠌ᠢᠶ᠎ᠠ》 ᠨᠢ ᠰᠤᠷᠭᠠᠨ ᠬᠥᠮᠦᠵᠢᠯ᠎ᠦᠨ ᠶᠠᠮᠤᠨ᠎ᠤ ᠪᠥᠬᠥ ᠤᠯᠤᠰ᠎ᠤᠨ ᠲᠦᠷᠦᠭᠦᠸ᠋ ᠪᠦᠯᠦᠭ ᠦᠨ ᠵᠠᠭᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠪᠠ᠃ ᠲᠤᠰ ᠰᠤᠳᠤᠯᠭᠠᠨ᠎ᠤ ᠰᠠᠭᠤᠷᠢᠨ᠎ᠤ ᠵᠢᠭᠠᠨ ᠰᠤᠷᠭᠠᠯᠲᠠ᠎ᠶᠢᠨ ᠦᠷ᠎ᠡ ᠪᠦᠲᠦᠮᠵᠢ᠂ ᠰᠤᠳᠤᠯᠭᠠᠨ᠎ᠤ ᠦᠷ᠎ᠡ ᠪᠦᠲᠦᠭᠡᠯ᠎ᠢ ᠵᠢᠭᠠᠨ ᠰᠤᠷᠭᠠᠯᠲᠠ᠎ᠶᠢᠨ ᠦᠵᠡᠭᠦᠯᠭᠡ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠂ ᠲᠤᠰᠬᠠᠢ ᠮᠡᠷᠭᠡᠵᠢᠯᠲᠡᠨ᠎ᠦ ᠲᠠᠢᠯᠤᠮᠵᠢ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠣᠷᠣᠨ᠎ᠤ ᠳᠣᠲᠣᠷ᠎ᠠ ᠭᠠᠳᠠᠨᠠᠬᠢ 100 ᠰᠢᠬᠠᠮ ᠰᠤᠷᠭᠠᠭᠤᠯᠢ ᠳ᠋ᠤ ᠵᠢᠯᠤᠭᠤᠳᠤᠯᠭ᠎ᠠ ᠬᠢᠭᠰᠡᠨ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号