ᠥᠪᠥᠷ ᠮᠣᠩᠭᠣᠯ᠎ᠤᠨ 19 ᠪᠠᠭᠰᠢ ᠰᠤᠷᠭᠠᠨ ᠬᠥᠮᠦᠵᠢᠯ᠎ᠦᠨ ᠶᠠᠮᠤᠨ᠎ᠤ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠬᠡᠨ ᠦᠵᠡᠬᠦᠯᠵᠦ ᠰᠤᠯᠢᠯᠴᠠᠬᠤ ᠨᠡᠢᠳᠡᠯᠢᠭ ᠵᠢᠱ᠌ᠢᠶ᠎ᠠ ᠳ᠋ᠤ ᠰᠤᠩᠭᠤᠭᠳᠠᠪᠠ
2026-05-17 12:23:15
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ ᠤᠢᠷ᠎ᠠ ᠳ᠋ᠤ  ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠠᠩᠭᠢ᠎ᠶᠢᠨ ᠡᠷᠬᠢᠯᠡᠭᠴᠢ᠎ᠶᠢᠨ ᠦᠨᠳᠦᠰᠦᠨ ᠪᠣᠯᠪᠠᠰᠤᠷᠠᠯ ᠪᠠ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠦᠨᠳᠦᠰᠦᠨ ᠴᠢᠳᠠᠪᠤᠷᠢ᠎ᠶᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ᠎ᠶᠢᠨ ᠨᠡᠢᠲᠡᠯᠢᠭ ᠵᠢᠱ᠌ᠢᠶ᠎ᠡ᠎ᠶᠢ ᠨᠡᠢᠳᠡᠯᠡᠪᠡ᠃ ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ 9 ᠠᠩᠭᠢ᠎ᠶᠢᠨ ᠡᠷᠬᠢᠯᠡᠭᠴᠢ ᠪᠠ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ 10 ᠪᠠᠭ᠍ᠰᠢ᠎ᠶᠢᠨ ᠦᠨᠳᠦᠰᠦᠨ ᠴᠢᠳᠠᠪᠤᠷᠢ᠎ᠶᠢᠨ ᠮᠠᠲᠧᠷᠢᠶᠠᠯ᠎ᠨᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ᠎ᠶᠢᠨ ᠨᠡᠢᠲᠡᠯᠢᠭ ᠵᠢᠱ᠌ᠢᠶ᠎ᠡ᠎ᠳᠦ ᠠᠮᠵᠢᠯᠲᠠᠲᠠᠢ ᠰᠤᠩᠭᠤᠭᠳᠠᠵᠤ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠠᠩᠭᠢ᠎ᠶᠢᠨ ᠡᠷᠬᠢᠯᠡᠭᠴᠢ ᠪᠠ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭ᠍ᠰᠢ᠎ᠶᠢᠨ ᠡᠩᠨᠡᠭᠡ᠎ᠶᠢᠨ ᠶᠡᠷᠦᠩᠬᠡᠢ ᠬᠡᠪ ᠴᠢᠨᠠᠷ᠂ ᠲᠤᠰᠬᠠᠢ ᠮᠡᠷᠭᠡᠵᠢᠯ᠎ᠦᠨ ᠬᠢᠷᠢ ᠲᠦᠪᠰᠢᠨ ᠪᠠ ᠬᠥᠮᠥᠨ᠎ᠢ ᠬᠥᠮᠥᠵᠢᠭᠦᠯᠬᠦ ᠴᠢᠳᠠᠪᠤᠷᠢ᠎ᠶᠢ ᠭᠦᠢᠴᠡᠳ ᠢᠯᠡᠷᠡᠭᠦᠯᠪᠡ᠃

ᠣᠢᠷ᠎ᠠ᠎ᠶᠢᠨ ᠵᠢᠯ᠎ᠡᠴᠡ ᠥᠪᠥᠷ ᠮᠣᠩᠭᠣᠯ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢᠨ ᠲᠣᠭᠣᠷᠢᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠡᠩᠨᠡᠭᠡᠨ᠎ᠤ ᠲᠤᠰᠬᠠᠢ ᠮᠡᠷᠭᠡᠵᠢᠯ᠎ᠵᠢᠡᠷ ᠬᠦᠮᠦᠵᠢᠬᠦᠯᠬᠦ ᠲᠣᠭᠲᠠᠴᠠ᠎ᠶᠢ ᠪᠦᠷᠢᠨᠰᠢᠭᠦᠯᠪᠡ᠃ ᠬᠡᠰᠡᠭ ᠲᠤᠭᠤᠷᠢᠭ ᠬᠤᠪᠢᠶᠠᠨ ᠲᠤᠰᠬᠠᠢ ᠰᠡᠳᠦᠪᠲᠦ ᠪᠣᠯᠪᠠᠰᠤᠷᠠᠯ ᠪᠠ ᠰᠤᠳᠤᠯᠤᠨ ᠰᠤᠷᠤᠯᠴᠠᠬᠤ᠎ᠶᠢ ᠵᠣᠬᠢᠶᠠᠨ ᠪᠠᠢᠭᠤᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠠᠩᠭᠢ᠎ᠶᠢᠨ ᠡᠷᠬᠢᠯᠡᠭᠴᠢ ᠪᠠ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠦᠨᠳᠦᠰᠦᠨ ᠴᠢᠳᠠᠪᠤᠷᠢ᠎ᠶᠢᠨ ᠤᠷᠤᠯᠳᠤᠭᠠᠨ᠂ ᠠᠳᠠᠯᠢ ᠬᠢᠴᠢᠶᠡᠯ᠎ᠢ ᠠᠳᠠᠯᠢ ᠪᠤᠰᠤ ᠪᠡᠷ ᠰᠡᠳᠬᠢᠮᠵᠢᠯᠡᠬᠦ ᠪᠠ 《ᠬᠢᠴᠢᠶᠡᠯ ᠶᠠᠷᠢᠬᠤ ᠰᠣᠨᠣᠰᠬᠤ ᠰᠤᠳᠤᠯᠤᠨ ᠦᠨᠡᠯᠡᠬᠦ ᠶᠡᠬᠡ ᠪᠤᠯᠪᠠᠰᠤᠷᠠᠯ》 ᠵᠡᠷᠭᠡ ᠵᠢᠭᠠᠨ ᠰᠤᠷᠭᠠᠯᠲᠠ᠎ᠶᠢᠨ ᠦᠵᠡᠭᠦᠯᠭᠡ᠎ᠶᠢᠨ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠶᠣᠰᠣ᠌ ᠰᠤᠷᠲᠠᠬᠤᠨ᠎ᠤ ᠬᠥᠮᠦᠵᠢᠯ᠎ᠦᠨ ᠨᠠᠷᠠᠲᠤ ᠪᠠᠭ᠍ᠰᠢ᠎ᠶᠢᠨ ᠠᠵᠢᠯ᠎ᠤᠨ ᠦᠷᠦᠬᠡ ᠵᠢ 200 ᠬᠥᠮᠥᠵᠢᠭᠦᠯᠦᠨ ᠪᠣᠢᠵᠢᠭᠤᠯᠵᠤ᠂ 《ᠠᠨᠠᠷ᠎ᠤᠨ ᠤᠯᠠᠭᠠᠨ ᠤᠮᠠᠷᠠᠲᠤ ᠬᠢᠯᠢ᠎ᠶᠢᠨ ᠨᠣᠭᠣᠭᠠᠨ ᠰᠠᠨᠰᠠᠷ᠎ᠤᠨ ᠠᠶᠠᠯᠠᠯ᠎ᠤᠨ ᠴᠡᠩᠬᠡᠷ ᠦᠩᠬᠡ》 ᠬᠡᠬᠦ ᠣᠨᠴᠠᠯᠢᠭ᠍ᠲᠤ ᠦᠵᠡᠯ ᠰᠠᠨᠠᠭ᠎ᠠ ᠤᠯᠤᠰ ᠲᠥᠷᠥ᠎ᠶᠢᠨ《ᠰᠤᠳᠤᠨ ᠬᠢᠴᠢᠶᠡᠯ》 ᠤ᠋ᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ ᠠᠩᠭᠢ᠎ᠶᠢᠨ ᠡᠷᠬᠢᠯᠡᠭᠴᠢ ᠪᠠ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠬᠢᠷᠢ ᠲᠦᠪᠰᠢᠨ ᠪᠠ ᠬᠥᠮᠥᠨ᠎ᠢ ᠬᠥᠮᠥᠵᠢᠭᠦᠯᠬᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠲᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠰᠤᠩᠭᠤᠭᠳᠠᠭᠰᠠᠨ ᠪᠠᠭᠰᠢ ᠨᠠᠷ᠎ᠤᠨ 《ᠬᠥᠮᠥᠨ᠎ᠢ ᠬᠥᠮᠥᠵᠢᠭᠦᠯᠦᠭᠰᠡᠨ ᠥᠯᠢᠭᠡᠷ》 ᠪᠠ ᠦᠵᠡᠯ ᠰᠠᠨᠠᠭ᠎ᠠ ᠤᠯᠤᠰ ᠲᠥᠷᠥ᠎ᠶᠢᠨ 《ᠰᠤᠳᠤᠨ ᠬᠢᠴᠢᠶᠡᠯ》᠎ᠢ᠋ ᠤᠬᠠᠭᠤᠯᠤᠨ ᠳᠡᠯᠭᠡᠷᠡᠭᠦᠯᠬᠦ᠎ᠪᠡᠨ ᠴᠢᠩᠭᠠᠳᠬᠠᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ ᠶᠣᠰᠣ᠌ ᠰᠤᠷᠳᠠᠬᠤᠨ᠎ᠤ ᠬᠥᠮᠦᠵᠢᠯ᠎ᠦᠨ  ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号