ᠮᠠᠨ᠎ᠤ ᠣᠷᠣᠨ 69465 《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠦᠨ》᠎ᠢ ᠬᠥᠮᠤᠵᠢᠬᠥᠯᠤᠨ ᠪᠤᠯᠪᠠᠰᠤᠷᠠᠭᠤᠯᠪᠠ
2026-05-17 11:49:02
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《ᠴᠧᠨ ᠪᠠᠭ᠍ᠰᠢ᠎ᠳᠤ ᠲᠠᠯᠠᠷᠬᠠᠵᠤ ᠪᠠᠢᠨ᠎ᠠ᠂ ᠬᠡᠷᠪᠡ ᠲᠠ ᠬᠦᠯᠢᠴᠡᠩᠭᠦᠢ᠎ᠪᠡᠷ ᠡᠶᠡᠳᠡᠭᠦᠯᠦᠭ᠌ᠰᠡᠨ ᠦᠭᠡᠢ ᠪᠣᠯ ᠪᠢ ᠲᠥᠯᠥᠪᠦᠷᠢ᠎ᠶ᠋ᠢᠨ ᠵᠣᠭᠣᠰ᠎ᠵᠢᠡᠨ ᠤᠯᠬᠤ ᠦᠭᠡᠢ》᠃ 《ᠲᠡᠢᠮᠦ᠍ ᠡ᠂ ᠲᠠ ᠣᠷᠣᠯᠴᠠᠭ᠍ᠰᠠᠨ᠎ᠤ ᠰᠠᠢᠨ᠎ᠢᠶᠠᠷ ᠠᠰᠠᠭᠤᠳᠠᠯ᠎ᠢ ᠰᠢᠢᠳᠪᠦᠷᠢᠯᠡᠯ᠎ᠡ》᠃ ᠣᠢᠷ᠎ᠠ᠎ᠳᠤ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠱᠤᠸᠠᠩ ᠯᠦᠩ ᠪᠠᠯᠭᠠᠰᠤᠨ᠎ᠤ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠠᠵᠢᠯ᠎ᠤᠨ ᠥᠷᠲᠡᠭᠡ᠎ᠳᠦ᠂ ᠲᠤᠬᠠᠶ᠎ᠶ᠋ᠢᠨ ᠬᠥᠮᠦᠨ ᠯᠢ ᠠᠪᠤᠭᠠᠶ ᠪᠣᠯᠤᠨ ᠸᠸᠨ ᠠᠪᠤᠭᠠᠶ 《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠦᠨ》 ᠴᠧᠨ ᠬᠤᠤ᠎ᠶ᠋ᠢᠨ ᠭᠠᠷ᠎ᠢ ᠠᠳᠭᠤᠵᠤ ᠲᠠᠯᠠᠷᠬᠠᠯ᠎ᠢᠶᠠᠨ ᠢᠯᠡᠳᠭᠡᠪᠡ᠃

ᠡᠭᠦᠨ᠎ᠡᠴᠡ ᠡᠮᠦᠨ᠎ᠡ᠂ ᠯᠢ ᠠᠪᠤᠭᠠᠶ ᠸᠧᠨ ᠠᠪᠤᠭᠠᠶ᠎ᠶ᠋ᠢ ᠬᠥᠯᠥᠰᠥᠯᠡᠨ ᠦᠬᠡᠷ᠎ᠦᠨ ᠬᠠᠰᠢᠶ᠎ᠠ ᠪᠠᠷᠢᠵᠤ᠂ ᠲᠣᠭ᠍ᠲᠠᠭᠠᠯ᠎ᠡᠴᠡ ᠵᠥᠷᠢᠴᠡᠨ ᠠᠴᠢᠶᠠᠯᠠᠬᠤ ᠮᠠᠱᠢᠨ᠎ᠢ ᠠᠵᠢᠯᠯᠠᠭᠤᠯᠤᠭ᠍ᠰᠠᠨ᠎ᠡᠴᠡ ᠸᠧᠨ ᠠᠪᠤᠭᠠᠶ᠎ᠶ᠋ᠢᠨ ᠵᠡᠭᠦᠨ ᠬᠥᠯ᠎ᠨᠢ ᠬᠡᠮᠳᠦᠵᠦ ᠶᠠᠰᠤ ᠨᠢ ᠪᠡᠷᠳᠡᠵᠠᠢ᠃ ᠬᠣᠶᠠᠷ ᠡᠲᠡᠭᠡᠳ᠎ᠢᠶᠡᠷ᠎ᠢᠶᠡᠨ ᠲᠥᠯᠥᠪᠦᠷᠢ᠎ᠵᠢᠨ ᠵᠤᠭᠤᠰ᠎ᠤᠨ ᠲᠤᠬᠠᠢ ᠰᠠᠨᠠᠯ ᠡᠪᠯᠡᠷᠡᠬᠦ ᠦᠭᠡᠢ ᠪᠤᠯᠬᠤᠷ ᠬᠠᠤᠯᠢ ᠴᠠᠭᠠᠵᠠ᠎ᠶ᠋ᠢᠨ ᠭᠠᠵᠠᠷ᠎ᠡᠴᠡ ᠡᠶᠡᠳᠡᠭᠦᠯᠬᠦ᠌᠎ᠶ᠋ᠢ ᠭᠤᠶᠤᠴᠢᠯᠠᠪᠠ᠃ ᠴᠧᠨ ᠬᠤᠤ ᠰᠦᠪᠡᠭ᠌ᠴᠢ᠎ᠶ᠋ᠢ ᠣᠯᠤᠭ᠍ᠰᠠᠨ᠎ᠤ ᠲᠠᠷᠠᠭ᠎ᠠ᠂ ᠤᠴᠢᠷ ᠶᠠᠪᠤᠳᠠᠯ᠎ᠤᠨ ᠥᠩᠭᠡᠷᠡᠯᠲᠡ᠎ᠶ᠋ᠢ ᠨᠠᠷᠢᠨ ᠣᠢᠯᠠᠭᠠᠵᠤ᠂ ᠬᠦᠯᠢᠴᠡᠩᠭᠦᠢ᠎ᠪᠡᠷ ᠤᠯᠤᠯᠴᠠᠨ ᠵᠥᠪᠳᠡᠯᠴᠡᠵᠦ᠍᠂ ᠡᠴᠦᠰ᠎ᠲᠡᠬᠡᠨ ᠡᠶᠡᠳᠡᠬᠦ᠌᠎ᠶ᠋ᠢ ᠠᠬᠢᠭᠤᠯᠵᠤ᠂ ᠬᠣᠶᠠᠷ ᠲᠠᠯ᠎ᠠ ᠪᠡᠷ᠎ᠵᠢᠡᠨ ᠭᠠᠷ ᠠᠳᠭᠤᠨ ᠡᠶᠡᠳᠡᠪᠡ᠃

ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠬᠠᠩᠭᠠᠵᠤ᠂ ᠬᠥᠷᠰᠢ ᠵᠡᠷᠭᠡᠯᠡᠳᠡᠭᠡ᠎ᠶ᠋ᠢᠨ ᠨᠥᠬᠥᠷᠯᠡᠯ᠎ᠢ ᠬᠠᠷᠠᠭᠠᠯᠵᠠᠨ᠎ᠠ᠃ ᠴᠧᠨ ᠬᠤᠤ ᠵᠥᠭᠡᠯᠡᠨ ᠡᠶᠡᠳᠡᠭᠦᠯᠭᠡ᠎ᠪᠡᠷ ᠬᠡᠷᠡᠭ᠎ᠢ ᠱᠢᠢᠳᠪᠦᠷᠢᠯᠡᠵᠦ᠍ ᠤᠴᠢᠷ ᠶᠠᠪᠤᠳᠠᠯ᠎ᠢ ᠳᠠᠭᠤᠰᠭᠠᠬᠤ᠎ᠶ᠋ᠢ ᠪᠡᠶᠡᠯᠡᠭᠦᠯᠵᠦ᠍᠂ 《ᠪᠠᠭ᠎ᠠ ᠶᠠᠪᠤᠳᠠᠯ᠎ᠢ ᠲᠣᠰᠭᠣᠨ᠎ᠡᠴᠡ᠎ᠪᠠᠨ ᠭᠠᠷᠭᠠᠬᠤ ᠦᠭᠡᠢ᠂ ᠶᠡᠬᠡ ᠶᠠᠪᠤᠳᠠᠯ᠎ᠢ ᠪᠠᠯᠭᠠᠰᠤ᠎ᠡᠴᠡ ᠭᠠᠷᠭᠠᠬᠤ ᠦᠭᠡᠢ》 ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠪᠡ᠃ ᠡᠨᠡ ᠪᠣᠯ ᠥᠪᠥᠷ ᠮᠣᠩᠭᠣᠯ᠎ᠤᠨ 《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠦᠨ》 ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠭ᠌ᠰᠡᠨ ᠠᠮᠢᠳᠤᠯᠢᠭ ᠬᠤᠷᠢᠶᠠᠩᠭᠤᠢ ᠪᠠᠢᠳᠠᠯ ᠪᠣᠯᠤᠨ᠎ᠠ᠃

《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠦᠨ》 ᠭᠡᠳᠡᠭ ᠨᠢ ᠬᠠᠤᠯᠢ᠎ᠪᠠᠷ ᠵᠠᠰᠠᠬᠤ ᠨᠡᠯᠢᠶᠡᠳ ᠰᠠᠢ᠌ᠨ ᠬᠡᠪ ᠪᠣᠯᠪᠠᠰᠤᠷᠠᠯ ᠪᠠ ᠬᠠᠤᠯᠢ ᠴᠠᠭᠠᠵᠠ᠎ᠶ᠋ᠢᠨ ᠮᠡᠳᠡᠯᠭᠡ᠎ᠲᠡᠶ᠂ ᠬᠠᠤᠯᠢ᠎ᠪᠠᠷ ᠵᠠᠰᠠᠬᠤ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠵᠢᠱ᠌ᠢᠢ᠎ᠡ ᠦᠵᠡᠭᠦᠯᠵᠦ᠍ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ ᠴᠢᠳᠠᠬᠤ ᠲᠤᠰᠬᠤᠨ᠎ᠤ ᠠᠷᠠᠳ (ᠰᠠᠭᠤᠭᠠᠯᠢ ᠠᠷᠠᠳ) ᠢ᠋ ᠵᠢᠭᠠᠵᠤ ᠪᠠᠢᠨ᠎ᠠ᠃ ᠲᠡᠳᠡ ᠨᠤᠲᠤᠭ᠎ᠤᠨ ᠪᠠᠢᠳᠠᠯ ᠠᠷᠠᠳ᠎ᠤᠨ ᠪᠠᠢᠳᠠᠯ᠎ᠢ ᠣᠢᠯᠠᠭᠠᠵᠤ᠂ ᠬᠥᠮᠦᠨ ᠲᠠᠢ ᠨᠢ ᠲᠠᠨᠢᠯ᠂ ᠨᠤᠲᠤᠭ ᠲᠠᠢ ᠨᠢ ᠳᠠᠰᠤᠯ ᠪᠠᠢᠳᠠᠭ ᠳᠠᠪᠠᠭᠤᠯᠢᠭ᠎ᠲᠠᠭᠠᠨ ᠲᠦᠱᠢᠭ᠌ᠯᠡᠨ᠂ ᠵᠥᠷᠢᠴᠡᠯ ᠪᠠ ᠲᠦᠭ᠌ᠰᠢᠭᠦᠷᠢ᠎ᠶ᠋ᠢ ᠡᠷᠲᠡᠬᠡᠨ ᠰᠡᠷᠡᠵᠦ᠍ ᠮᠡᠳᠡᠵᠦ᠍᠂ ᠡᠶᠡᠳᠡᠭᠦᠯᠦᠨ ᠱᠢᠢᠳᠪᠦᠷᠢᠯᠡᠬᠦ᠌᠎ᠳᠦ ᠤᠷᠢᠳᠴᠢᠯᠠᠨ ᠣᠷᠣᠯᠴᠠᠳᠠᠭ᠃ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠳᠤᠮᠳᠠ᠂ ᠲᠠᠳᠠ ᠬᠠᠤᠯᠢ ᠴᠠᠭᠠᠵᠠ᠎ᠶ᠋ᠢᠨ ᠮᠡᠳᠡᠯᠭᠡ᠎ᠪᠡᠷ ᠵᠥᠪ ᠪᠤᠷᠤᠭᠤ᠎ᠶ᠋ᠢ ᠲᠣᠳᠣᠷᠬᠠᠶ ᠪᠣᠯᠭᠠᠭ᠍ᠰᠠᠨ ᠮᠥᠷᠲᠡᠭᠡᠨ ᠪᠠᠰᠠ ᠨᠤᠲᠤᠭ᠎ᠤᠨ ᠪᠠᠢᠳᠠᠯ ᠶᠣᠰᠣ ᠰᠤᠷᠲᠠᠬᠤᠨ᠎ᠢ ᠠᠱᠢᠭ᠍ᠯᠠᠨ ᠰᠡᠳᠬᠢᠯ᠎ᠢ᠎ᠨᠢ ᠲᠠᠢᠳᠬᠤᠷᠠᠭᠤᠯᠵᠤ᠂ ᠬᠠᠤᠯᠢ᠂ ᠶᠣᠰᠣ᠂ ᠰᠡᠳᠭᠢᠯᠭᠡ᠎ᠶ᠋ᠢᠨ ᠣᠷᠭᠠᠨᠢᠭ ᠠᠭᠤᠰᠤᠯᠴᠠᠯ᠎ᠢ ᠠᠬᠢᠭᠤᠯᠵᠤ᠂ ᠡᠭᠦᠨ᠎ᠦ ᠤᠯᠠᠮ᠎ᠢᠶᠠᠷ ᠵᠥᠷᠢᠴᠡᠯ ᠵᠠᠭᠤᠷᠠᠯᠳᠤᠭᠠᠨ᠎ᠢ ᠴᠤᠬᠤᠢᠵᠤ ᠪᠠᠢᠭ᠎ᠠ ᠦᠶ᠎ᠡ᠎ᠳᠦᠨᠢ ᠱᠢᠶ᠋ᠳᠪᠦᠷᠢᠯᠡᠵᠦ᠍᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠱᠢᠶ᠋ᠳᠪᠦᠷᠢᠯᠡᠳᠡᠭ᠃

2021 ᠣᠨ᠎ᠡᠴᠡ ᠨᠠᠭᠠᠰᠢ᠂ ᠮᠠᠨ᠎ᠤ ᠣᠷᠣᠨ 《ᠨᠠᠶ᠋ᠮᠠᠳᠤᠭᠠᠷ ᠲᠠᠪᠤᠨ ᠵᠢᠯ》 ᠤ᠋ᠨ ᠬᠠᠤᠯᠢ ᠴᠠᠭᠠᠵᠠ ᠵᠢᠨ ᠮᠡᠳᠡᠯᠭᠡ᠎ᠶᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠢ᠋ ᠬᠥᠮᠦᠵᠢᠭᠦᠯᠬᠦ᠌ ᠢᠨᠵᠧᠨᠧᠷᠢᠩ ᠢ᠋ ᠬᠠᠤᠯᠢ᠎ᠪᠠᠷ ᠵᠠᠰᠠᠬᠤ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ ᠪᠠ ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ ᠡᠩᠨᠡᠭᠡᠨ᠎ᠦ ᠪᠠᠢᠭᠤᠯᠤᠯᠲᠠ᠂ ᠪᠣᠯᠪᠠᠰᠤᠷᠠᠭᠤᠯᠤᠨ ᠪᠣᠢᠵᠢᠭᠤᠯᠬᠤ᠂ ᠦᠢᠯᠡᠳᠦᠯᠭᠡ᠎ᠶ᠋ᠢᠨ ᠬᠡᠷᠡᠭ᠌ᠯᠡᠯᠲᠡ ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 2026 ᠣᠨ᠎ᠤ 3 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠳᠤ ᠨᠡᠢᠲᠡ 69465 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠢ᠋ ᠬᠥᠮᠦᠵᠢᠭᠦᠯᠦᠨ ᠪᠤᠯᠪᠠᠰᠤᠷᠠᠭᠤᠯᠵᠤ᠂ ᠡᠯ᠎ᠡ ᠠᠢᠮᠠᠭ ᠬᠣᠲᠠ ᠴᠥᠮ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠢ᠋ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠪᠡ᠂ ᠡᠭᠦᠨ᠎ᠳᠦ ᠪᠤᠭᠤᠲᠤ ᠬᠣᠲᠠ᠂ ᠤᠯᠠᠭᠠᠨᠬᠠᠳᠠ ᠬᠣᠲᠠ᠂ ᠲᠦᠩᠯᠢᠶᠣᠤ ᠬᠣᠲᠠ ᠵᠡᠷᠭᠡ ᠠᠢᠮᠠᠭ ᠬᠣᠲᠠ ᠲᠣᠰᠭᠣᠨ (ᠨᠡᠢᠭᠡᠮ ᠲᠣᠭᠣᠷᠢᠭ) ᠪᠦᠷᠢ᠎ᠳᠦ ᠠᠳᠠᠭ᠎ᠲᠠᠭᠠᠨ 5 ᠨᠡᠷᠡᠰ ᠪᠠᠢᠯᠭᠠᠬᠤ᠎ᠶ᠋ᠢ ᠪᠡᠶᠡᠯᠡᠭᠦᠯᠵᠦ᠂ ᠬᠥᠯᠥᠨ ᠪᠤᠢᠷ ᠬᠤᠳᠠ᠂ ᠪᠠᠶᠠᠨᠨᠠᠭᠤᠷ ᠬᠣᠲᠠ ᠲᠣᠰᠭᠣᠨ ᠪᠦᠷᠢ᠎ᠳᠦ ᠠᠳᠠᠭ᠎ᠲᠠᠭᠠᠨ 3 ᠨᠡᠷᠡᠰ᠂ ᠨᠡᠢᠭᠡᠮ ᠲᠣᠭᠣᠷᠢᠭ ᠠᠳᠠᠭ᠎ᠲᠤ᠎ᠪᠠᠨ 5 ᠨᠡᠷᠡᠰ ᠪᠠᠢᠯᠭᠠᠬᠤ᠎ᠶ᠋ᠢ ᠪᠡᠶᠡᠯᠡᠭᠦᠯᠵᠦ᠂ ᠦᠨᠳᠦᠰᠦᠨ ᠱᠠᠲᠤᠨ᠎ᠳᠤ ᠦᠨᠳᠦᠰᠦᠯᠡᠵᠦ᠂ ᠥᠷᠭᠡᠨ ᠬᠡᠪᠴᠢᠶ᠎ᠡ᠎ᠶ᠋ᠢ ᠬᠠᠮᠤᠷᠤᠭ᠍ᠰᠠᠨ ᠬᠠᠤᠯᠢ᠎ᠪᠠᠷ ᠵᠠᠰᠠᠬᠤ ᠦᠶ᠋ᠯᠡᠴᠢᠯᠡᠭᠡᠨ᠎ᠦ ᠲᠤᠤᠷ ᠢ᠋ ᠪᠤᠢ ᠪᠤᠯᠭᠠᠪᠠ᠃

ᠥᠷᠭᠡᠨ ᠣᠯᠠᠨ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ᠂ ᠭᠠᠷ ᠤᠲᠠᠰᠤ᠂ ᠪᠣᠯᠪᠠᠰᠤᠷᠠᠯ᠎ᠤᠨ ᠠᠩᠭᠢ᠎ᠳᠤ ᠣᠷᠣᠯᠴᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠣᠯᠵᠤ᠂ ᠬᠣᠲᠠ ᠬᠥᠳᠡᠭᠡ᠎ᠨᠡᠢᠭᠡᠮ ᠲᠣᠭᠣᠷᠢᠭ᠂ ᠲᠠᠷᠢᠶᠠᠨ ᠵᠠᠬ᠎ᠠ ᠳ᠋ᠤ ᠬᠦᠷᠴᠦ᠂ ᠬᠥᠷᠰᠢ ᠵᠡᠷᠭᠡᠯᠡᠳᠡᠭᠡ᠂ ᠲᠥᠷᠥᠯ ᠰᠠᠳᠤᠨ ᠨᠠᠢᠵᠠ ᠨᠥᠬᠥᠳ᠎ᠲᠡᠬᠡᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍ ᠪᠠᠢᠨ᠎ᠠ᠃ 2021 ᠣᠨ᠎ᠡᠴᠡ ᠨᠠᠭᠠᠰᠢ᠂ ᠪᠥᠬᠥ᠌ ᠣᠷᠣᠨ᠎ᠤ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢ ᠨᠡᠢᠲᠡ 8 ᠲᠦᠮᠡ ᠭᠠᠷᠤᠶ ᠤᠳᠠᠭ᠎ᠠ ᠥᠷᠨᠢᠭᠦᠯᠵᠦ᠍᠂ ᠨᠢᠭᠡ ᠪᠦᠯᠦᠭ 《ᠯᠢᠶᠠᠨ ᠭᠤᠸᠠᠶ ᠬᠠᠤᠯᠢ ᠶᠠᠷᠢᠬᠤᠢ》᠂ 《ᠬᠠᠤᠯᠢ ᠴᠠᠭᠠᠵᠠ ᠵᠢᠨ ᠭᠠᠵᠠᠷ ᠤ᠋ᠨ ᠠᠵᠢᠯᠳᠠᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦᠢ》 ᠵᠡᠷᠭᠡ ᠤᠨᠴᠠᠯᠢᠬ᠍ᠳᠤ ᠬᠠᠤᠯᠢ ᠲᠦᠭᠡᠮᠡᠯᠵᠢᠭᠦᠯᠬᠦ᠌ ᠲᠦᠷᠦᠯ ᠲᠡᠮᠳᠡᠭ ᠴᠣᠯᠭᠣᠷᠠᠨ ᠭᠠᠷᠪᠠ᠃

ᠪᠥᠬᠥ᠌ ᠣᠷᠣᠨ᠎ᠤ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠂ ᠭᠠᠵᠠᠷ ᠱᠢᠷᠣᠶ᠎ᠶ᠋ᠢᠨ ᠮᠠᠷᠭᠤᠯᠳᠤᠭᠠᠨ᠂ ᠬᠦᠳᠡᠯᠮᠦᠷᠢ ᠵᠢᠨ ᠮᠠᠷᠭᠤᠯᠳᠤᠭᠠᠨ ᠵᠡᠷᠭᠡ ᠵᠥᠷᠢᠴᠡᠯ᠎ᠢ ᠵᠢᠭ᠍ᠰᠠᠭᠠᠨ ᠪᠠᠢᠴᠠᠭᠠᠬᠤ ᠪᠠ ᠠᠷᠢᠯᠭᠠᠬᠤ᠎ᠳᠤ ᠭᠦᠨᠵᠡᠭᠡᠶ ᠣᠷᠣᠯᠴᠠᠵᠤ᠂ 《ᠡᠩ ᠤ᠋ᠨ ᠶᠠᠷᠢᠯᠴᠠᠭ᠎ᠠ ᠵᠢᠨ ᠲᠤᠮᠳᠠ ᠡᠴᠡ ᠤᠴᠢᠷ ᠰᠢᠯᠳᠠᠭᠠᠨ ᠢ᠋ ᠨᠢ ᠵᠠᠳᠠᠯᠬᠤ᠂ ᠰᠠᠯᠭᠠᠵᠤ ᠶᠠᠷᠢᠯᠴᠠᠨ ᠵᠦᠷᠢᠴᠡᠯᠳᠦᠭᠡᠨ ᠢ᠋ ᠲᠤᠳᠤᠯᠠᠵᠤ᠂ ᠶᠣᠰᠣ ᠤᠴᠢᠷ᠎ᠢ ᠶᠠᠷᠢᠵᠤ ᠬᠠᠤᠯᠢ ᠶᠣᠰᠣ᠎ᠶ᠋ᠢ ᠲᠣᠳᠣᠷᠬᠠᠢᠯᠠᠬᠤ᠂ ᠪᠠᠢᠩᠭᠤ ᠰᠤᠷᠪᠤᠯᠵᠢᠯᠠᠵᠤ ᠳᠠᠬᠢᠨ ᠳᠠᠪᠲᠠᠬᠤ᠎ᠶ᠋ᠢ ᠰᠡᠷᠭᠡᠢᠯᠡᠬᠦ᠌》 ᠵᠡᠷᠭᠡ ᠠᠵᠢᠯ᠎ᠤᠨ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠵᠥᠷᠢᠴᠡᠯ ᠵᠠᠭᠤᠷᠠᠯᠳᠤᠭᠠᠨ᠎ᠢ ᠡᠷᠲᠡ᠎ᠡᠴᠡ ᠱᠢᠶ᠋ᠳᠪᠦᠷᠢᠯᠡᠵᠦ᠍ ᠪᠠᠭ᠎ᠠ᠎ᠡᠴᠡ ᠨᠢ ᠱᠢᠶ᠋ᠳᠪᠦᠷᠢᠯᠡᠪᠡ᠃ 2021 ᠣᠨ᠎ᠡᠴᠡ ᠨᠠᠭᠠᠰᠢ᠂ ᠪᠥᠬᠥ᠌ ᠣᠷᠣᠨ᠎ᠤ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠨᠡᠢᠲᠡ 15 ᠲᠦᠮᠡ ᠭᠠᠷᠤᠶ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠎ᠳᠦ ᠣᠷᠣᠯᠴᠠᠪᠠ᠃ ᠡᠭᠦᠨ᠎ᠳᠦ᠂ ᠲᠦᠮᠡᠳ ᠪᠠᠷᠠᠭᠤᠨ ᠬᠣᠱᠢᠭᠤᠨ᠎ᠤ 《ᠠᠬᠠᠮᠠᠳ ᠴᠡᠷᠢᠭ ᠤ᠋ᠨ ᠡᠶᠡᠳᠡᠭᠦᠯᠬᠦ᠌ ᠲᠠᠰᠤᠭ》᠂ ᠤᠷᠠᠳ᠎ᠤᠨ ᠡᠮᠦᠨᠡᠲᠦ ᠬᠣᠱᠢᠭᠤᠨ᠎ᠤ 《ᠫᠢᠩ ᠠᠨ ᠡᠭᠡᠴᠢ》 ᠵᠡᠷᠭᠡ ᠡᠶᠡᠳᠡᠭᠦᠯᠬᠦ᠌ ᠲᠥᠷᠥᠯ ᠲᠡᠮᠳᠡᠭ ᠨᠢ ᠬᠠᠤᠯᠢ ᠶᠠᠷᠢᠬᠤ ᠬᠠᠤᠯᠢ ᠲᠠᠢᠯᠪᠦᠷᠢᠯᠠᠬᠤ᠂ ᠲᠣᠰᠭᠣᠨ᠎ᠤ (ᠰᠠᠭᠤᠭᠠᠯᠢ) ᠠᠷᠠᠳ᠎ᠤᠨ ᠬᠠᠤᠯᠢ ᠰᠠᠬᠢᠯᠭ᠎ᠠ᠎ᠶ᠋ᠢ ᠵᠢᠷᠤᠮᠯᠠᠬᠤ ᠴᠢᠬᠤᠯᠠ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠤᠯᠢ ᠶᠣᠰᠣᠭᠠᠷ ᠠᠵᠢᠯ ᠶᠠᠪᠤᠳᠠᠯ ᠭᠦᠶ᠋ᠴᠡᠳᠭᠡᠬᠦ᠌᠂ ᠤᠴᠢᠷ ᠶᠠᠪᠤᠳᠠᠯ ᠲᠤᠯᠭᠠᠷᠠᠪᠠᠯ ᠬᠠᠤᠯᠢ ᠪᠡᠷ ᠰᠢᠢᠳᠪᠦᠷᠢᠯᠡᠬᠦ᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠠᠤᠯᠢ ᠬᠡᠷᠡᠭ᠌ᠯᠡᠬᠦ᠌᠂ ᠵᠥᠷᠢᠴᠡᠯ᠎ᠢ ᠱᠢᠶ᠋ᠳᠪᠦᠷᠢᠯᠡᠬᠦ᠌᠎ᠳᠦ ᠬᠠᠤᠯᠢ᠎ᠳᠤ ᠲᠦᠱᠢᠭ᠌ᠯᠡᠬᠦ᠌ ᠬᠠᠤᠯᠢ ᠪᠡᠷ ᠵᠠᠰᠠᠬᠤ ᠣᠢᠯᠠᠭᠠᠭ᠍ᠳᠠᠬᠤᠨ᠎ᠢ ᠬᠣᠲᠠ ᠬᠥᠳᠡᠭᠡ ᠨᠡᠢᠭᠡᠮ ᠲᠣᠭᠣᠷᠢᠭ᠎ᠲᠤ ᠨᠠᠢᠳᠠᠪᠤᠷᠢᠵᠢᠭᠤᠯᠪᠠ᠃

ᠡᠭᠦᠨ᠎ᠦ ᠬᠠᠮᠲᠤ᠂ ᠪᠥᠬᠥ᠌ ᠣᠷᠣᠨ᠎ᠤ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠳᠠᠮᠵᠢᠭᠤᠯᠬᠤ᠂ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠵᠡᠷᠭᠡ ᠡᠭᠦᠷᠭᠡ ᠬᠠᠷᠢᠭᠤᠴᠠᠯᠭ᠎ᠠ᠎ᠶ᠋ᠢ ᠢᠳᠡᠪᠬᠢᠲᠡᠶ ᠡᠭᠦᠷᠭᠡᠯᠡᠵᠦ᠍᠂ ᠲᠣᠰᠭᠣᠨ᠎ᠤ ᠲᠦᠷᠢᠮ ᠠᠷᠠᠳ᠎ᠤᠨ ᠭᠡᠷ᠎ᠡ᠎ᠶ᠋ᠢ ᠬᠠᠪᠰᠤᠷᠤᠨ ᠵᠢᠷᠤᠮᠵᠢᠭᠤᠯᠵᠤ᠂ 《ᠠᠷᠠᠳᠴᠢᠯᠠᠯ ᠬᠠᠤᠯᠢ ᠪᠡᠷ ᠵᠠᠰᠠᠬᠤ ᠵᠢᠱ᠌ᠢᠶ᠎ᠡ ᠦᠵᠡᠭᠦᠯᠬᠦ᠌ ᠲᠣᠰᠭᠣᠨ (ᠨᠡᠢᠭᠡᠮ ᠲᠣᠭᠣᠷᠢᠭ)》 ᠢ᠋ ᠡᠭᠦᠳᠦᠨ ᠪᠠᠢᠭᠤᠯᠬᠤ᠎ᠳᠤ ᠣᠷᠣᠯᠴᠠᠵᠤ᠂ ᠬᠡᠰᠡᠭ ᠠᠢᠮᠠᠭ ᠬᠣᠲᠠ ᠪᠠᠰᠠ 《〈ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ〉 + ᠲᠤᠤᠷᠵᠢᠭᠤᠯᠤᠯᠳᠠ ᠵᠢᠨ ᠠᠵᠢᠯᠳᠠᠨ + ᠡᠶᠡᠳᠡᠭᠦᠯᠦᠭ᠌ᠴᠢ》 ᠶ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ᠃

ᠣᠢᠷ᠎ᠠ᠎ᠳᠤ᠂ ᠬᠥᠯᠥᠨ ᠪᠣᠢᠷ ᠬᠣᠲᠠ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠠᠷᠤ ᠭᠤᠤᠯ᠎ᠬᠠᠤᠯᠢ ᠴᠠᠭᠠᠵᠠ᠎ᠶ᠋ᠢᠨ ᠭᠠᠵᠠᠷ᠎ᠤᠨ ᠠᠵᠢᠯᠲᠠᠨ ᠠᠷᠤ ᠭᠤᠤᠯ ᠪᠠᠯᠭᠠᠰᠤᠨ᠎ᠤ ᠴᠢᠴᠢᠯᠢᠩ ᠲᠣᠰᠭᠣᠨ᠎ᠳᠤ ᠬᠦᠷᠴᠦ᠍᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠵᠢᠴᠢ ᠠᠷᠠᠳ᠎ᠤᠨ ᠡᠶᠡᠳᠡᠭᠦᠯᠦᠭ᠌ᠴᠢ᠎ᠶ᠋ᠢᠨ ᠲᠤᠰᠭᠠᠶ ᠰᠡᠳᠤᠪᠲᠤ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠪᠡ᠃

ᠬᠠᠤᠯᠢ ᠴᠠᠭᠠᠵᠠ᠎ᠶ᠋ᠢᠨ ᠭᠠᠵᠠᠷ᠎ᠤᠨ ᠠᠵᠢᠯᠲᠠᠨ ᠡᠶᠡᠳᠡᠭᠦᠯᠬᠦ᠌ ᠵᠢᠷᠤᠮ᠂ ᠡᠶᠡᠳᠡᠭᠦᠯᠬᠦ᠌ ᠵᠦᠪᠯᠡᠯᠴᠡᠭᠡᠷ᠎ᠦᠨ ᠬᠠᠤᠯᠢ ᠴᠠᠭᠠᠵᠠ᠎ᠶ᠋ᠢᠨ ᠬᠦᠴᠦᠨ ᠵᠢᠴᠢ ᠲᠤᠬᠠᠶ᠎ᠶ᠋ᠢᠨ ᠬᠥᠮᠦᠨ᠎ᠦ ᠡᠷᠬᠡ ᠡᠭᠦᠷᠭᠡ ᠵᠡᠷᠭᠡ ᠠᠭᠤᠯᠭ᠎ᠠ᠎ᠶ᠋ᠢ ᠭᠤᠤᠯᠳᠠᠯᠭ᠎ᠠ᠎ᠲᠠᠶ ᠲᠠᠢᠯᠪᠤᠷᠢᠯᠠᠵᠤ᠂ ᠬᠥᠳᠡᠭᠡ ᠲᠣᠰᠭᠣᠨ᠎ᠳᠤ ᠦᠷᠭᠦᠯᠵᠢ ᠲᠣᠬᠢᠶᠠᠯᠳᠤᠳᠠᠭ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠂ ᠠᠴᠢᠯᠠᠨ ᠲᠡᠵᠢᠭᠡᠬᠦ᠌ ᠠᠰᠠᠭᠤᠳᠠᠯ ᠵᠡᠷᠭᠡ ᠵᠥᠷᠢᠴᠡᠯ ᠵᠠᠭᠤᠷᠠᠯᠳᠤᠭᠠᠨ᠎ᠲᠠᠶ ᠤᠶᠠᠯᠳᠤᠭᠤᠯᠤᠨ᠂ ᠡᠶᠡᠳᠡᠭᠦᠯᠬᠦ᠌ ᠤᠷ᠎ᠠ ᠮᠡᠷᠭᠡᠵᠢᠯ᠂ ᠨᠡᠪᠲᠡᠷᠡᠯᠴᠡᠬᠦ᠌ ᠠᠷᠭ᠎ᠠ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠭᠤᠤᠯᠳᠠᠯᠭ᠎ᠠ᠎ᠶ᠋ᠢ ᠨᠠᠷᠢᠯᠢᠭ ᠲᠣᠳᠣᠷᠬᠠᠢᠯᠠᠨ ᠥᠭᠦᠯᠡᠵᠦ᠍᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》᠎ᠢ᠋ ᠦᠨᠡᠨ ᠬᠦ᠌ ᠪᠤᠯᠪᠠᠰᠤᠷᠠᠭᠤᠯᠤᠨ ᠲᠡᠭᠡᠭᠰᠢᠯᠡᠭᠦᠯᠵᠦ᠂ ᠠᠷᠠᠳ᠎ᠤᠨ ᠡᠶᠡᠳᠡᠭᠦᠯᠦᠭ᠌ᠴᠢ᠎ᠶ᠋ᠢᠨ ᠬᠠᠤᠯᠢ ᠶᠣᠰᠣᠭᠠᠷ ᠡᠶᠡᠳᠡᠭᠦᠯᠬᠦ᠌ ᠪᠠ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃

ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠨᠢ ᠠᠷᠠᠳ ᠣᠯᠠᠨ᠎ᠤ ᠬᠠᠤᠯᠢ᠎ᠪᠠᠷ ᠵᠠᠰᠠᠬᠤ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ᠎ᠦ ᠳᠤᠮᠳᠠ᠎ᠡᠴᠡ ᠱᠢᠯᠢᠳᠡᠭ᠎ᠢ᠎ᠨᠢ ᠰᠣᠩᠭᠣᠨ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠢ᠋ ᠪᠠᠲᠤᠯᠠᠨ ᠲᠠᠨᠢᠯᠴᠠᠭᠤᠯᠬᠤ᠎ᠶ᠋ᠢᠨ ᠬᠠᠮᠲᠤ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠢ᠋ 《ᠬᠠᠤᠯᠢ ᠴᠠᠭᠠᠵᠠ᠎ᠶ᠋ᠢ ᠲᠤᠳᠤᠷᠬᠠᠢ ᠮᠡᠳᠡᠳᠡᠭ ᠬᠥᠮᠦᠨ》 ᠪᠣᠯᠭᠠᠨ ᠬᠥᠮᠦᠵᠢᠭᠦᠯᠦᠨ᠎ᠡ; 《ᠬᠣᠲᠠ᠎ᠶ᠋ᠢᠨ ᠱᠠᠲᠤᠨ᠎ᠡᠴᠡ ᠨᠢᠭᠡᠳᠦᠯᠲᠡᠶ ᠲᠥᠯᠥᠪᠵᠢᠭᠦᠯᠬᠦ᠌᠂ ᠱᠢᠶᠠᠨ᠎ᠤ ᠱᠠᠲᠤᠨ᠎ᠡᠴᠡ ᠨᠠᠢᠳᠠᠪᠤᠷᠢᠵᠢᠭᠤᠯᠬᠤ᠂ ᠱᠢᠶᠠᠩ ᠪᠠᠯᠭᠠᠰᠤ ᠬᠡᠷᠡᠭ᠌ᠵᠢᠭᠦᠯᠬᠦ᠌᠂ ᠲᠣᠰᠭᠣᠨ᠎ᠤ ᠱᠠᠲᠤ ᠬᠡᠷᠡᠭᠯᠡᠬᠦ᠌》 ᠳᠥᠷᠪᠡᠨ ᠱᠠᠲᠤᠨ᠎ᠤ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠪᠠᠢᠭᠤᠯᠵᠤ᠂ 《ᠨᠢᠭᠡ ᠬᠥᠮᠦᠨ᠎ᠳᠦ ᠨᠢᠭᠡ ᠳᠠᠩᠰᠠ ᠡᠪᠬᠡᠮᠡᠯ》᠎ᠤ᠋ᠨ ᠬᠠᠮᠢᠶᠠᠷᠤᠯᠲᠠ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠬᠡᠪ ᠴᠢᠨᠠᠷ ᠥᠨᠳᠥᠷ᠂ ᠪᠦᠲᠦᠴᠡ ᠱᠢᠯᠢᠳᠡᠭ᠂ ᠬᠡᠷᠡᠭᠯᠡᠵᠦ᠍ ᠪᠣᠯᠬᠤ ᠬᠥᠳᠡᠭᠡ ᠲᠣᠰᠭᠣᠨ᠎ᠤ ᠨᠢᠭᠡᠨ ᠰᠠᠯᠠᠭ᠎ᠠ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠤ᠋ ᠡᠩᠨᠡᠭᠡ᠎ᠶ᠋ᠢ ᠪᠠᠢᠭᠤᠯᠤᠨ᠎ᠠ; ᠡᠭᠦᠨ᠎ᠦ ᠬᠠᠮᠲᠤ ᠂ ᠬᠠᠤᠯᠢ ᠴᠠᠭᠠᠵᠠ᠎ᠶ᠋ᠢᠨ ᠭᠠᠵᠠᠷ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠲᠥᠪ (ᠥᠷᠲᠡᠭᠡ᠂ ᠬᠡᠷ)᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠲᠥᠪ (ᠥᠷᠲᠡᠭᠡ᠂ ᠬᠡᠷ) ᠵᠡᠷᠭᠡ ᠲᠠᠯᠠᠪᠤᠷ ᠭᠠᠵᠠᠷ᠎ᠲᠤ ᠲᠦᠱᠢᠭᠯᠡᠨ᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠤ᠋ ᠦᠶ᠋ᠯᠡᠳᠦᠯᠭᠡ᠎ᠶ᠋ᠢᠨ ᠥᠷᠲᠡᠭᠡ᠎ᠶ᠋ᠢ ᠪᠠᠢᠭᠤᠯᠵᠤ᠂ 《 1 ᠨᠡᠷᠡᠰ ᠲᠣᠰᠭᠣᠨ (ᠰᠠᠭᠤᠭᠠᠯᠢ) ᠤ᠋ ᠬᠠᠤᠯᠢ ᠴᠠᠭᠠᠵᠠ᠎ᠶ᠋ᠢᠨ ᠵᠥᠪᠯᠡᠭ᠌ᠴᠢ + N ᠨᠡᠷᠡᠰ 〈ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ〉》 ᠤ᠋ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠲᠥᠷᠥᠯ ᠲᠡᠮᠳᠡᠭᠳᠤ ᠠᠵᠢᠯᠯᠠᠬᠤ ᠲᠠᠰᠤᠭ᠎ᠢ ᠴᠤᠭᠴᠠᠯᠠᠨ᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠤ᠋ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌᠎ᠳᠦ ᠲᠤᠯᠭᠠᠭᠤᠷᠢᠯᠠᠯ ᠬᠠᠩᠭᠠᠨ᠎ᠠ᠃

《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠪᠣᠯ ᠤᠯᠠᠨ ᠲᠦᠮᠡᠨ᠎ᠦ ᠢᠲᠡᠭᠡᠳᠡᠭ᠂ ᠨᠤᠲᠤᠭ ᠤᠰᠤᠨ᠎ᠳᠠᠭᠠᠨ ᠭᠦᠨᠵᠡᠭᠡᠢᠷᠡᠵᠦ᠂ ᠬᠠᠤᠯᠢ᠎ᠪᠠᠷ ᠵᠠᠰᠠᠬᠤ ᠣᠢᠯᠠᠭᠠᠭ᠍ᠳᠠᠬᠤᠨ᠎ᠢ ᠤᠯᠠᠮᠵᠢᠯᠠᠨ ᠳᠡᠯᠭᠡᠷᠡᠭᠦᠯᠬᠦ᠌᠂ ᠨᠡᠢᠭᠡᠮ᠎ᠦᠨ ᠡᠶ᠎ᠡ ᠵᠣᠬᠢᠴᠠᠨᠭᠭᠤᠢ ᠲᠣᠭ᠍ᠲᠠᠭᠤᠨ ᠪᠠᠢᠳᠠᠯ᠎ᠢ ᠬᠠᠮᠠᠭᠠᠯᠠᠬᠤ ᠴᠢᠬᠤᠯᠠ ᠬᠦᠴᠦᠨ ᠮᠥᠨ᠃ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠱᠢᠯᠢᠨ ᠰᠣᠩᠭᠣᠬᠤ ᠠᠷᠭ᠎ᠠ ᠵᠠᠮ᠎ᠢᠶᠠᠨ ᠲᠠᠰᠤᠷᠠᠯᠲᠠ ᠥᠬᠡᠶ ᠥᠷᠭᠡᠳᠭᠡᠵᠦ᠍᠂ ᠪᠡᠯᠡᠳᠭᠡᠯ ᠴᠢᠳᠠᠪᠤᠷᠢᠲᠠᠨ᠎ᠤ ᠬᠥᠮᠥᠷᠭᠡ ᠪᠠᠢᠭᠤᠯᠵᠤ᠂ ᠨᠤᠲᠤᠭ᠎ᠲᠠᠭᠠᠨ ᠪᠤᠴᠠᠭ᠍ᠰᠠᠨ ᠵᠠᠯᠠᠭᠤᠴᠤᠳ᠂ ᠣᠶᠤᠲᠠᠨ ᠭᠠᠴᠠᠭᠠᠨ ᠳᠠᠷᠤᠭ᠎ᠠ᠂ ᠠᠵᠢᠯ᠎ᠡᠴᠡ᠎ᠪᠠᠨ ᠠᠮᠠᠷᠠᠭ᠍ᠰᠠᠨ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠂ ᠲᠤᠰᠭᠠᠶ ᠮᠡᠷᠭᠡᠵᠢᠯ᠎ᠦᠨ ᠬᠠᠤᠯᠢ ᠴᠠᠭᠠᠵᠠ᠎ᠶ᠋ᠢᠨ ᠠᠵᠢᠯ ᠡᠷᠬᠢᠯᠡᠭ᠌ᠴᠢᠳ ᠵᠡᠷᠭᠡ ᠬᠥᠮᠦᠰ᠎ᠢ ᠡᠯᠰᠡᠨ᠎ᠡ; ᠰᠦᠯᠵᠢᠶᠡᠨ᠎ᠦ ᠬᠠᠤᠯᠢ ᠪᠡᠷ ᠵᠠᠰᠠᠬᠤ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠡᠩᠨᠡᠭᠡᠨ᠎ᠦ ᠠᠮᠢᠵᠢᠷᠠᠯ᠎ᠤᠨ ᠬᠦᠴᠦᠨ ᠪᠣᠯᠤᠨ ᠲᠤᠰᠭᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ 《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》᠎ᠢ᠋ ᠬᠥᠳᠡᠭᠡ ᠲᠣᠰᠭᠣᠨ᠎ᠤ ᠡᠶ᠎ᠡ ᠵᠣᠬᠢᠴᠠᠩᠭᠤᠢ ᠲᠣᠭ᠍ᠲᠠᠭᠤᠨ ᠪᠠ ᠬᠥᠭ᠌ᠵᠢᠯᠲᠡ᠎ᠶ᠋ᠢᠨ ᠪᠠᠲᠤ ᠪᠡᠬᠢ ᠬᠠᠮᠠᠭᠠᠯᠠᠭ᠍ᠴᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号