ᠭᠦᠨᠵᠡᠭᠡᠢ ᠰᠤᠷᠤᠯᠴᠠᠵᠤ ᠲᠤᠭᠤᠰᠢᠳᠠᠢ ᠤᠢᠯᠠᠭᠠᠨ ᠢᠲᠡᠭᠡᠯ ᠪᠢᠰᠢᠷᠡᠯ ᠢ᠋ᠢᠡᠨ ᠪᠠᠳᠤᠳᠬᠠᠵᠤ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠵᠦ ᠪᠥᠬᠥ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠪᠣᠶ
2026-05-17 11:04:47
ᠵᠣᠬᠢᠶᠠᠭ᠍ᠴᠢ᠄
ᠴᠠᠶ ᠰᠧ ᠶᠤᠸᠠᠨ ᠵᠧᠩ ᠱᠢᠤᠸᠠᠢ ᠯᠢᠶᠠᠩ ᠯᠢ ᠼᠦᠨ ᠱᠢᠶᠠ ᠭᠦᠸᠧ ᠴᠢ ᠨᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ ᠳ᠋ᠤ ᠪᠦᠬᠦ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠦᠷᠭᠦᠯᠵᠢᠯᠡᠨ ᠭᠦᠨᠵᠡᠭᠡᠢ ᠥᠷᠨᠢᠭᠦᠯᠵᠦ᠍᠂ ᠥᠨᠳᠥᠷ ᠭᠠᠷᠤᠭ᠎ᠠ ᠡᠴᠡ ᠡᠬᠢᠯᠡᠭᠦᠯᠬᠦ᠂ ᠥᠨᠳᠥᠷ ᠪᠠᠷᠢᠮᠵᠢᠶ᠎ᠠ ᠪᠡᠷ ᠨᠠᠢᠳᠠᠪᠤᠷᠢᠵᠢᠭᠤᠯᠬᠤ ᠢ᠋ᠢ ᠪᠠᠷᠢᠮᠲᠠᠯᠠᠨ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠢ᠋ ᠬᠥᠮᠦᠵᠢᠭᠦᠯᠦᠨ ᠬᠦᠳᠦᠯᠦᠨ ᠵᠢᠯᠣᠭᠣᠳᠴᠤ᠌ ᠪᠠᠢᠭᠠᠳ ᠶᠡᠷᠦᠩᠬᠡᠢ ᠱᠦᠵᠢ ᠰᠢ ᠵᠢᠨ ᠫᠢᠩ ᠤ᠋ᠨ  ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠤᠢ ᠪᠤᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ ᠢ᠋ᠢ ᠭᠦᠨᠵᠡᠭᠡᠢ ᠰᠤᠷᠤᠯᠴᠠᠨ ᠲᠤᠭᠤᠰᠢᠳᠠᠢ ᠣᠢᠯᠠᠭᠠᠵᠤ᠂ ᠰᠤᠷᠤᠯᠴᠠᠵᠥ᠍ ᠰᠤᠳᠤᠯᠤᠨ ᠶᠠᠷᠢᠯᠴᠠᠵᠦ ᠲᠠᠷᠢᠬᠢᠨ ᠳ᠋ᠠᠭᠠᠨ ᠬᠠᠳᠠᠩᠱᠢᠭᠤᠯᠤᠨ᠂ ᠠᠰᠠᠭᠤᠳᠠᠯ ᠢ᠋ ᠪᠠᠢᠴᠠᠭᠠᠨ ᠳᠡᠯᠭᠡᠬᠦ᠌ ᠳ᠋ᠡᠭᠡᠨ ᠦᠨᠡᠨ ᠬᠦ᠌ ᠬᠠᠲᠠᠭᠤ ᠲᠠᠢ ᠨᠢ ᠬᠠᠯᠳᠠᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠳ᠋ᠠᠭᠠᠨ ᠪᠣᠳᠠᠲᠤ ᠦᠷ᠎ᠡ ᠪᠦᠲᠦᠮᠵᠢ ᠢ᠋ᠢ ᠡᠷᠬᠢᠮᠯᠡᠵᠤ᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠠᠷᠠᠳ ᠤ᠋ᠨ ᠠᠮᠢᠳᠤᠷᠠᠯ ᠤ᠋ᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ ᠳ᠋ᠤ ᠦᠢᠯᠡᠴᠢᠯᠡᠬᠦ᠌᠂ ᠴᠢᠨᠠᠷ ᠰᠠᠢᠲᠠᠢ ᠬᠥᠭ᠌ᠵᠢᠯᠲᠡ ᠢ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠢ᠋ᠢ ᠴᠥᠬᠥᠷᠡᠰᠢ ᠦᠭᠡᠢ ᠠᠬᠢᠭᠤᠯᠵᠦ ᠪᠠᠢᠨ᠎ᠠ᠃

ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠤ᠋ᠨ ᠲᠠᠯ᠎ᠠ ᠪᠡᠷ᠂ ᠬᠥᠬᠡᠬᠣᠲᠠ 《ᠵᠠᠰᠠᠭ ᠤ᠋ᠨ ᠠᠵᠢᠯ ᠤ᠋ᠨ ᠪᠦᠲᠦᠮᠵᠢ ᠰᠠᠢ᠌ᠨ ᠡᠰᠡᠬᠦ᠌ ᠢ᠋ᠢ ᠤᠯᠠᠨ ᠲᠦᠮᠡᠨ ᠡᠴᠡ ᠠᠰᠠᠭᠤᠬᠤ》 ᠵᠢ ᠪᠠᠷᠢᠮᠲᠠᠯᠠᠵᠤ᠂ 《ᠭᠤᠷᠪᠠ ᠢ᠋ᠢ ᠰᠣᠨᠣᠰᠭᠤ ᠭᠤᠷᠪᠠ ᠢ᠋ᠢ ᠠᠬᠢᠭᠤᠯᠬᠤ》 ᠳ᠋ᠤ ᠰᠠᠭᠤᠷᠢᠯᠠᠨ᠂ ᠠᠷᠠᠳ ᠤ᠋ᠨ ᠰᠠᠨᠠᠭ᠎ᠠ ᠢ᠋ᠢ ᠰᠣᠨᠣᠰᠴᠤ᠌ ᠴᠡᠭ᠌ᠴᠡᠯᠡᠨ ᠰᠠᠢᠵᠢᠷᠠᠭᠤᠯᠬᠤ ᠢ᠋ᠢ ᠠᠬᠢᠭᠤᠯᠵᠤ᠂ ᠠᠷᠠᠳ ᠤ᠋ᠨ ᠬᠦᠰᠡᠯ ᠢ᠋ ᠰᠣᠨᠣᠰᠴᠤ᠌ ᠨᠠᠢᠳᠠᠪᠤᠷᠢᠵᠢᠭᠤᠯᠬᠤ ᠢ᠋ᠢ ᠠᠬᠢᠭᠤᠯᠤᠨ᠂ ᠠᠷᠠᠳ ᠤ᠋ᠨ ᠦᠨᠡᠯᠡᠯᠲᠡ ᠢ᠋ᠢ ᠰᠣᠨᠣᠰᠴᠤ᠌ ᠳᠡᠭᠡᠭ᠌ᠰᠢᠯᠡᠭᠦᠯᠬᠦ᠌ ᠢ᠋ᠢ ᠠᠬᠢᠭᠤᠯᠵᠤ᠂ ᠤᠳᠤᠷᠢᠳᠭᠤ ᠺᠠᠳ᠋ᠷᠴᠤᠳ ᠤ᠋ᠨ 《ᠬᠦᠯᠢᠶᠡᠵᠦ᠍ ᠰᠠᠭᠤᠬᠤ》 ᠡᠴᠡ 《ᠰᠠᠨᠠᠭᠠᠴᠢᠯᠠᠭ᠎ᠠ ᠡᠴᠡ ᠪᠠᠨ ᠦᠨᠳᠦᠰᠦᠨ ᠱᠠᠲᠤᠨ ᠳ᠋ᠤ ᠭᠦᠨᠵᠡᠭᠡᠢᠷᠡᠬᠦ᠌》 ᠲᠡᠢᠰᠢ ᠬᠤᠪᠢᠷᠠᠭᠤᠯᠬᠤ ᠢ᠋ᠢ ᠠᠬᠢᠭᠤᠯᠵᠤ᠂ ᠠᠰᠠᠭᠤᠳᠠᠯ ᠢ᠋ ᠱᠢᠢᠳᠪᠦᠷᠢᠯᠡᠬᠦ᠌ 《ᠡᠷᠴᠢᠮ》 ᠵᠢᠡᠷ ᠠᠷᠠᠳ ᠤ᠋ᠨ ᠠᠮᠢᠳᠤᠷᠠᠯ ᠳ᠋ᠤ 《ᠬᠠᠯᠠᠭᠤᠨ ᠳᠤᠯᠠᠭᠠᠨ》 ᠦᠢᠯᠡᠴᠢᠯᠡᠭᠡ ᠵᠢ ᠮᠡᠳᠡᠷᠡᠬᠦᠯᠪᠡ᠃ ᠬᠦᠬᠡᠬᠤᠲᠠ 《ᠣᠯᠠᠨ ᠲᠦᠮᠡᠨ ᠠᠰᠠᠭᠤᠳᠠᠯ ᠳᠤᠷᠠᠳᠭᠤ᠂ ᠰᠠᠯᠠᠭ᠎ᠠ ᠮᠥᠴᠢᠷ ᠠᠰᠠᠭᠤᠳᠠᠯ ᠢ᠋ ᠰᠢᠢᠳᠪᠦᠷᠢᠯᠡᠬᠦ᠂ ᠨᠡᠢᠭᠡᠮ ᠨᠡᠢᠲᠡ ᠬᠢᠨᠠᠬᠤ》 ᠪᠢᠲᠡᠭᠦᠦ ᠬᠡᠯᠬᠢᠶᠡᠲᠤ ᠲᠣᠭ᠍ᠲᠠᠴᠠ ᠢ᠋ᠢ ᠪᠠᠢᠭᠤᠯᠵᠤ᠂ ᠨᠠᠷᠢᠨ ᠳᠠᠡᠭᠰᠠᠨ ᠳ᠋ᠤ ᠣᠷᠣᠭᠤᠯᠤᠭ᠍ᠰᠠᠨ ᠠᠰᠠᠭᠤᠳᠠᠯ ᠳ᠋ᠤ ᠲᠠᠩᠰᠠ ᠬᠠᠰᠤᠬᠤ ᠬᠠᠮᠢᠶᠠᠷᠤᠯᠲᠠ ᠢ᠋ᠢ ᠬᠡᠷᠡᠭ᠌ᠵᠢᠭᠦᠯᠪᠡ᠃ ᠬᠣᠲᠣᠩ ᠠᠷᠠᠳ ᠤ᠋ᠨ ᠲᠣᠭᠣᠷᠢᠭ ᠣᠯᠠᠨ ᠲᠦᠮᠡᠨ ᠤ᠋ ᠲᠤᠰᠭᠠᠯ ᠴᠢᠩᠭ᠎ᠠ ᠪᠠᠢᠭ᠎ᠠ 《ᠲᠡᠷᠭᠡ ᠵᠣᠭ᠍ᠰᠣᠭᠠᠬᠤ ᠳ᠋ᠤ ᠬᠦᠴᠢᠷᠲᠡᠶ᠂ ᠲᠡᠷᠭᠡ ᠵᠣᠭ᠍ᠰᠣᠭᠠᠬᠤ ᠳ᠋ᠤ ᠦᠨᠡᠲᠡᠶ》 ᠠᠰᠠᠭᠤᠳᠠᠯ ᠳ᠋ᠤ ᠴᠢᠭ᠌ᠯᠡᠭᠦᠯᠦᠨ ᠲᠡᠷᠭᠡᠨ ᠵᠣᠭ᠍ᠰᠣᠭᠠᠯ ᠤ᠋ᠨ 《ᠲᠦᠷᠢᠶᠡᠰᠦᠯᠡᠬᠦ᠌ ᠪᠠ ᠬᠤᠳᠠᠯᠳᠤᠬᠤ ᠢ᠋ᠢ ᠵᠡᠷᠭᠡ ᠪᠡᠷ ᠶᠠᠪᠤᠬᠳᠠᠭᠤᠯᠬᠤ》 ᠵᠠᠭ᠍ᠪᠤᠷ ᠤ᠋ᠨ ᠱᠢᠨ᠎ᠡ ᠢ᠋ᠢ ᠡᠭᠦᠳᠦᠨ ᠬᠡᠷᠡᠭ᠌ᠵᠢᠭᠦᠯᠵᠦ᠍᠂ 45 ᠰᠠᠭᠤᠭᠠᠯᠢ ᠠᠷᠠᠳ ᠤ᠋ᠨ ᠲᠣᠭᠣᠷᠢᠭ ᠲᠤ᠌ 11134 ᠴᠢᠨᠠᠷ ᠰᠠᠢᠲᠠᠶ ᠲᠡᠷᠭᠡᠨ ᠵᠣᠭ᠍ᠰᠣᠭᠠᠯ ᠭᠠᠷᠭᠠᠵᠤ᠂ 41 ᠲᠦᠯᠬᠢᠭᠡᠨ ᠤ᠋ ᠲᠡᠷᠭᠡᠨ ᠵᠣᠭ᠍ᠰᠣᠭᠠᠯ ᠭᠠᠷᠭᠠᠬᠰᠠᠨ ᠪᠥᠭᠡᠳ ᠰᠥᠨᠢ ᠳ᠋ᠡᠬᠡᠨ  ᠳᠤᠤᠷ᠎ᠠ ᠦᠨ᠎ᠡ ᠢ᠋ᠢᠨ ᠬᠠᠷᠠᠭᠠᠯᠵᠠᠯ ᠦᠵᠡᠭᠦᠯᠵᠦ᠍᠂ 《ᠲᠡᠷᠭᠡᠨ ᠵᠣᠭ᠍ᠰᠣᠭᠠᠯ》 ᠢ᠋ᠢᠡᠷ 《ᠠᠷᠠᠳ ᠤ᠋ᠨ ᠠᠮᠢᠳᠤᠷᠠᠯ ᠢ᠋ ᠰᠠᠢᠵᠢᠷᠠᠭᠤᠯᠬᠤ》 ᠶ᠋ᠢ ᠠᠬᠢᠭᠤᠯᠪᠠ᠃ ᠰᠠᠢᠬᠠᠨ ᠲᠣᠭᠣᠷᠢᠭ 《ᠡᠷᠦᠬᠡ ᠳ᠋ᠤ ᠣᠷᠣᠵᠤ ᠶᠡᠬᠡ ᠪᠡᠷ ᠰᠤᠷᠪᠤᠯᠵᠢᠯᠠᠬᠤ》᠂ 《ᠣᠷᠴᠢᠨ ᠲᠣᠭᠣᠷᠢᠨ ᠢ᠋ ᠶᠡᠬᠡ ᠪᠡᠷ ᠴᠡᠪᠡᠷᠯᠡᠬᠦ》᠂ 《ᠠᠮᠤᠷ ᠲᠦᠪᠱᠢᠨ ᠤ᠋ ᠬᠡᠮ ᠰᠣᠭᠣᠭ ᠢ᠋ ᠶᠡᠬᠡ ᠪᠡᠷ ᠪᠠᠢᠴᠠᠭᠠᠬᠤ》 3 ᠲᠤᠰᠭᠠᠶ ᠠᠵᠢᠯᠯᠠᠭ᠎ᠠ ᠥᠷᠨᠢᠭᠦᠯᠵᠦ᠍᠂ ᠨᠡᠢᠲᠡ 51 ᠲᠦᠮᠡ ᠭᠠᠷᠤᠶ ᠰᠠᠭᠤᠭᠠᠯᠢ ᠠᠷᠠᠳ ᠢ᠋ ᠰᠤᠷᠪᠤᠯᠵᠢᠯᠠᠨ᠂ 3.7 ᠲᠦᠮᠡ ᠭᠠᠷᠤᠶ ᠤᠳᠠᠭ᠎ᠠ ᠵᠡᠭᠡᠯᠢ ᠭᠤᠳᠤᠮᠵᠢ ᠢ᠋ᠢ ᠴᠡᠪᠡᠷᠯᠡᠵᠦ᠍᠂ ᠠᠷᠠᠳ ᠤ᠋ᠨ ᠠᠮᠢᠳᠤᠷᠠᠯ ᠤ᠋ᠨ 576 ᠬᠤᠪᠢ ᠬᠦᠰᠡᠯ ᠱᠠᠭᠠᠷᠳᠠᠯᠭ᠎ᠠ ᠢ᠋ᠢᠨ ᠵᠥᠷᠢᠴᠡᠯ ᠢ᠋ ᠱᠢᠶ᠋ᠳᠪᠦᠷᠢᠯᠡᠵᠤ᠂ ᠣᠯᠠᠨ ᠲᠦᠮᠡᠨ ᠳ᠋ᠤ 《ᠤᠴᠢᠷ ᠪᠣᠯᠭᠠᠨ ᠳ᠋ᠤ ᠬᠠᠷᠢᠭᠤᠯᠲᠠ ᠲᠠᠢ》 ᠪᠠᠢᠬᠤ ᠢ᠋ᠢ ᠮᠡᠳᠡᠷᠡᠭᠦᠯᠪᠡ᠃ ᠬᠣᠲᠠ ᠢ᠋ᠢᠨ ᠨᠠᠮ ᠤ᠋ᠨ ᠬᠣᠷᠢᠶ᠎ᠠ ᠵᠢᠨ ᠨᠡᠢᠭᠡᠮ ᠤ᠋ᠨ ᠠᠵᠢᠯ ᠤ᠋ᠨ ᠬᠡᠯᠳᠡᠰ ᠨᠢ ᠪᠥᠬᠥ᠌ ᠬᠣᠲᠠ ᠢ᠋ᠢᠨ ᠲᠦᠷᠭᠡᠨ ᠬᠦᠷᠭᠡᠭᠴᠢ ᠢ᠋ᠢᠨ ᠲᠤᠰᠭᠠᠯ ᠴᠢᠩᠭ᠎ᠠ ᠪᠠᠢᠭ᠎ᠠ 《ᠰᠠᠭᠤᠭᠠᠯᠢ ᠠᠷᠠᠳ ᠤ᠋ᠨ ᠲᠣᠭᠣᠷᠢᠭ ᠲᠤ᠌ ᠣᠷᠣᠬᠤ ᠳ᠋ᠤ ᠬᠦᠴᠢᠷᠲᠡᠶ》 ᠲᠣᠪᠣᠢᠮ᠎ᠠ ᠠᠰᠠᠭᠤᠳᠠᠯ ᠳ᠋ᠤ ᠴᠢᠭ᠌ᠯᠡᠭᠦᠯᠦᠨ᠂ 74 ᠰᠠᠭᠤᠭᠠᠯᠢ ᠠᠷᠠᠳ ᠤ᠋ᠨ ᠲᠣᠭᠣᠷᠢᠭ ᠲᠤ᠌ 《ᠬᠠᠯᠠᠮᠵᠢ ᠢ᠋ᠢᠨ ᠺᠣᠳ᠋》 ᠤᠶᠤᠨᠲᠤ ᠨᠡᠪᠲᠡᠷᠡᠬᠦ᠌ ᠱᠢᠰᠲ᠋ᠧᠮ ᠢ᠋ ᠲᠤᠷᠱᠢᠨ ᠬᠡᠷᠡᠭᠯᠡᠵᠤ᠂ 《ᠬᠠᠯᠠᠮᠵᠢ ᠢ᠋ᠢᠨ ᠺᠣᠳ᠋》 ᠢ᠋ᠢᠡᠷ ᠣᠷᠣᠵᠤ ᠭᠠᠷᠤᠭ᠍ᠰᠠᠨ ᠲᠡᠮᠳᠡᠭ᠌ᠯᠡᠯ ᠢ᠋ 16 ᠲᠦᠮᠡ ᠭᠠᠷᠤᠶ ᠤᠳᠠᠭ᠎ᠠ ᠭᠠᠷᠭᠠᠨ᠂ ᠲᠦᠷᠭᠡᠨ ᠬᠦᠷᠭᠡᠭᠴᠢ ᠢ᠋ᠢᠨ ᠳᠤᠮᠳᠠᠴᠢ ᠣᠷᠣᠵᠤ ᠭᠠᠷᠬᠤ ᠴᠠᠭ ᠢ᠋ ᠶᠡᠬᠡ ᠪᠡᠷ ᠪᠣᠭᠣᠨᠢᠰᠭᠠᠪᠠ᠃

ᠤᠯᠠᠭᠠᠨᠴᠠᠪ ᠬᠣᠲᠠ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠬᠣᠲᠠ ᠢ᠋ᠢᠨ ᠨᠠᠮ ᠤ᠋ᠨ ᠬᠣᠷᠢᠶ᠎ᠠ ᠲᠤᠰᠭᠠᠶ ᠰᠡᠳᠦᠪ ᠢ᠋ᠢᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠢ᠋ᠢ ᠤᠶᠠᠯᠳᠤᠭᠤᠯᠬᠤ ᠠᠷᠭ᠎ᠠ ᠬᠡᠯᠪᠡᠷᠢ ᠢ᠋ᠢ ᠠᠪᠴᠤ᠌᠂ ᠨᠣᠮ ᠤᠩᠱᠢᠬᠤ ᠠᠩᠭᠢ ᠡᠷᠭᠢᠯᠡᠨ᠂ ᠬᠣᠲᠠ ᠢ᠋ᠢᠨ ᠱᠠᠲᠤᠨ ᠤ᠋ ᠤᠳᠤᠷᠢᠳᠭᠤ ᠺᠠᠳ᠋ᠷᠴᠤᠳ ᠦᠵᠡᠯ ᠰᠠᠨᠠᠭ᠎ᠠ ᠪᠠ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠰᠤᠷᠤᠯᠴᠠᠭ᠍ᠰᠠᠨ ᠲᠥᠷᠥᠭ᠌ᠳᠡᠯ ᠢ᠋ᠢᠡᠨ ᠰᠣᠯᠢᠯᠴᠠᠬᠤ ᠢ᠋ᠢᠨ ᠬᠠᠮᠲᠤ ᠰᠤᠷᠤᠯᠴᠠᠬᠤ ᠠᠭᠤᠯᠭ᠎ᠠ ᠢ᠋ᠢ ᠨᠠᠮ ᠤ᠋ᠨ ᠰᠤᠷᠭᠠᠭᠤᠯᠢ ᠢ᠋ᠢᠨ ᠵᠢᠭᠠᠨ ᠰᠤᠷᠭᠠᠯᠲᠠ ᠳ᠋ᠤ ᠣᠷᠣᠭᠤᠯᠵᠤ᠂ 7 ᠬᠤᠭᠤᠴᠠᠭᠠᠨ ᠤ᠋ ᠪᠣᠯᠪᠠᠰᠤᠷᠠᠯ ᠥᠷᠨᠢᠭᠦᠯᠤᠨ᠂ 1300 ᠭᠠᠷᠤᠶ ᠬᠥᠮᠦᠨ ᠤᠳᠠᠭ᠎ᠠ ᠢ᠋ᠢ ᠬᠠᠮᠤᠷᠴᠤ᠌᠂ ᠨᠠᠮ ᠤ᠋ᠨ ᠭᠡᠱᠢᠭᠦᠨ ᠺᠠᠳ᠋ᠷᠴᠤᠳ ᠢ᠋ ᠬᠥᠲᠥᠯᠥᠨ ᠵᠢᠯᠣᠭᠣᠳᠴᠤ᠌ ᠪᠠᠢᠭᠠᠳ ᠵᠠᠰᠠᠭ ᠤ᠋ᠨ ᠠᠵᠢᠯ ᠤ᠋ᠨ ᠪᠦᠲᠦᠮᠵᠢ ᠢ᠋ᠢ ᠬᠡᠨ ᠤ᠋ ᠲᠥᠯᠥᠭᠡ ᠪᠣᠶ ᠪᠣᠯᠭᠠᠬᠤ᠂ ᠶᠠᠮᠠᠷᠰᠢᠤ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠬᠤ᠂ ᠶᠠᠭᠤᠨ ᠳ᠋ᠤ ᠲᠦᠱᠢᠭ᠌ᠯᠡᠨ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠬᠤ ᠢ᠋ᠢ ᠲᠤᠳᠤᠷᠬᠠᠢᠯᠠᠪᠠ᠃ ᠡᠭᠦᠨ ᠤ᠋ ᠬᠠᠮᠲᠤ 《3 ᠬᠠᠷᠢᠴᠠᠭᠤᠯᠤᠯ + 3 ᠵᠦᠶ᠋ᠯ ᠤ᠋ᠨ ᠠᠷᠭ᠎ᠠ ᠵᠠᠮ》 ᠢ᠋ ᠴᠢᠩᠭ᠎ᠠ ᠨᠠᠢᠳᠠᠪᠤᠷᠢᠵᠢᠭᠤᠯᠵᠤ᠂ ᠠᠵᠢᠯ ᠤ᠋ᠨ ᠲᠤᠰᠭᠠᠶ ᠠᠩᠭᠢ ᠡᠴᠡ ᠠᠰᠠᠭᠤᠳᠠᠯ ᠤ᠋ᠨ ᠨᠠᠷᠢᠨ ᠳᠠᠡᠭᠰᠨ ᠢ᠋ᠢ ᠪᠦᠬᠦᠨ ᠢ᠋ ᠬᠢᠨᠠᠨ ᠬᠠᠷᠭᠤᠭᠤᠯᠬᠤ ᠢ᠋ᠢᠨ ᠬᠠᠮᠲᠤ ᠬᠣᠲᠠ ᠢ᠋ᠢᠨ ᠱᠢᠭᠤᠳ ᠬᠠᠷᠢᠶ᠎ᠠ 15 ᠰᠠᠯᠠᠭ᠎ᠠ ᠮᠥᠴᠢᠷ ᠲᠦ᠍ ᠭᠦᠨᠵᠡᠭᠡᠢᠷᠡᠨ ᠲᠤᠬᠠᠶ ᠢ᠋ᠢᠨ ᠭᠠᠵᠠᠷ ᠲᠤᠨᠢ ᠬᠢᠨᠠᠨ ᠵᠢᠯᠣᠭᠣᠳᠴᠤ᠌᠂ ᠴᠡᠭ᠌ᠴᠡᠯᠡᠨ ᠰᠠᠢᠵᠢᠷᠠᠭᠤᠯᠤᠭ᠍ᠰᠠᠨ 23 ᠠᠰᠠᠭᠤᠳᠠᠯ ᠢ᠋ ᠬᠠᠷᠢᠭᠤ ᠲᠤᠰᠭᠠᠪᠠ᠃ ᠡᠭᠦᠨ ᠡᠴᠡ ᠭᠠᠳᠠᠨ᠎ᠠ 《ᠠᠷᠠᠳ ᠤ᠋ᠨ ᠰᠠᠨᠠᠭ᠎ᠠ ᠢ᠋ᠢ ᠤᠢᠯᠠᠭᠠᠵᠤ᠂ ᠪᠣᠳᠠᠲᠤ ᠶᠠᠪᠤᠳᠠᠯ ᠬᠢᠵᠦ᠍᠂ ᠬᠥᠭ᠌ᠵᠢᠯᠲᠡ ᠢ᠋ᠢ ᠠᠬᠢᠭᠤᠯᠬᠤ》 ᠠᠯᠪᠠᠨ ᠵᠠᠷ ᠨᠡᠢᠲᠡᠯᠡᠵᠦ᠍᠂ 12345 ᠬᠠᠯᠠᠮᠱᠢᠯ ᠤᠲᠠᠰᠤ᠂ ᠤᠳᠤᠷᠢᠳᠤᠯᠭ᠎ᠠ ᠢ᠋ᠢᠨ ᠦᠭᠡ ᠦᠯᠡᠳᠡᠭᠡᠬᠦ᠌ ᠰᠠᠮᠪᠠᠷ᠎ᠠ ᠵᠡᠷᠭᠡ ᠳ᠋ᠤ ᠲᠦᠱᠢᠭ᠌ᠯᠡᠨ ᠠᠷᠠᠳ ᠤ᠋ᠨ ᠰᠠᠨᠠᠭ᠎ᠠ ᠢ᠋ᠢ ᠥᠷᠭᠡᠨ ᠲᠠᠯᠬᠡᠷ ᠬᠣᠷᠢᠶᠠᠨ ᠴᠤᠭ᠍ᠯᠠᠭᠤᠯᠵᠤ᠂ ᠰᠤᠷᠤᠯᠴᠠᠵᠤ ᠪᠠᠢᠴᠠᠭᠠᠨ ᠥᠭᠡᠷᠡᠴᠢᠯᠡᠬᠦ᠌ ᠢ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠨᠠᠮ ᠤ᠋ᠨ ᠲᠥᠪ ᠬᠣᠷᠢᠶᠠᠨ ᠤ᠋ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠢ᠋ᠢ ᠪᠣᠳᠠᠲᠠᠶ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠢ᠋ᠢ ᠠᠬᠢᠭᠤᠯᠵᠤ᠂ ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠡᠳᠭᠢᠯ ᠳᠡᠯᠪᠢᠨ ᠱᠢᠶ᠋ᠳᠪᠦᠷᠢᠯᠡᠵᠦ᠍᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠪᠡᠷ ᠢ᠋ᠢᠡᠨ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠱᠢᠯᠭᠠᠨ ᠪᠠᠢᠴᠠᠭᠠᠵᠦ ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠵᠠᠷ ᠬᠥᠳᠡᠯᠦᠯᠲᠡ ᠢ᠋ᠢᠨ ᠲᠣᠪᠴᠢᠶ᠎ᠠ ᠢ᠋ᠢᠨ ᠨᠠᠮ ᠤ᠋ᠨ ᠤᠳᠤᠷᠢᠳᠭᠤ ᠳᠤᠭᠤᠢᠯᠠᠩ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ᠌ ᠵᠢ ᠴᠢᠬᠤᠯᠠ ᠤᠯᠤᠰ ᠲᠥᠷᠥ ᠢ᠋ᠢᠨ ᠡᠭᠦᠷᠭᠡ ᠪᠣᠯᠭᠠᠵᠤ᠂ ᠰᠤᠷᠤᠯᠴᠠᠯᠭ᠎ᠠ ᠬᠥᠮᠦᠵᠢᠯ ᠤ᠋ᠨ ᠠᠵᠢᠯ ᠢ᠋ ᠪᠥᠬᠥ᠌ ᠲᠠᠯ᠎ᠠ ᠪᠡᠷ ᠨᠢᠮᠪᠠᠶ ᠲᠥᠯᠥᠪᠯᠡᠨ ᠪᠠᠢᠷᠢᠯᠠᠭᠤᠯᠵᠤ᠂ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠢ᠋ᠢ ᠠᠬᠢᠭᠤᠯᠪᠠ᠃ ᠲᠣᠪᠴᠢᠶᠠᠨ ᠤ᠋ ᠨᠠᠮ ᠤ᠋ᠨ ᠤᠳᠤᠷᠢᠳᠭᠤ ᠳᠤᠭᠤᠢᠯᠠᠩ ᠶᠡᠷᠦᠩᠬᠡᠢᠯᠠᠨ ᠬᠠᠷᠢᠭᠤᠴᠠᠵᠤ᠂ ᠨᠠᠮ ᠤ᠋ᠨ ᠪᠠᠢᠭᠤᠯᠤᠯᠲᠠ ᠢ᠋ᠢᠨ ᠤᠳᠤᠷᠢᠳᠭᠤ ᠳᠤᠭᠤᠢᠯᠠᠩ ᠨᠢᠭᠡᠳᠦᠯᠲᠡᠶ ᠲᠥᠯᠥᠪᠵᠢᠭᠦᠯᠤᠨ᠂ ᠠᠵᠢᠯ ᠤ᠋ᠨ ᠲᠤᠰᠭᠠᠶ ᠠᠩᠭᠢ ᠪᠣᠳᠠᠲᠠᠶ ᠬᠠᠷᠢᠭᠤᠴᠠᠵᠤ᠂ ᠭᠠᠷᠠᠭ ᠪᠦᠷᠢ ᠠᠵᠢᠯ ᠤ᠋ᠨ ᠠᠬᠢᠴᠠ ᠪᠠᠨ ᠲᠣᠬᠢᠷᠠᠭᠤᠯᠪᠠ᠃ ᠲᠣᠪᠴᠢᠶᠠᠨ ᠤ᠋ ᠨᠠᠮ ᠤ᠋ᠨ ᠤᠳᠤᠷᠢᠳᠭᠤ ᠳᠤᠭᠤᠢᠯᠠᠩ 《ᠲᠦᠷᠦᠭᠦᠴᠢ ᠭᠠᠯᠠᠭᠤ》 ᠵᠢᠨ ᠦᠢᠯᠡᠳᠦᠯ ᠢ᠋ᠢᠡᠨ ᠪᠠᠳᠠᠷᠠᠭᠤᠯᠵᠤ᠂ 《ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠥᠭᠦᠯᠡᠯᠲᠡ ᠢ᠋ᠢᠨ ᠲᠡᠭᠦᠪᠦᠷᠢ》 ᠵᠢ ᠲᠦᠷᠦᠭᠦᠯᠡᠨ ᠰᠤᠳᠤᠯᠤᠨ ᠤᠩᠱᠢᠵᠤ᠂ ᠭᠣᠣᠯ ᠳᠤᠭᠤᠢᠯᠠᠩ ᠤ᠋ᠨ ᠰᠤᠳᠤᠯᠤᠨ ᠶᠠᠷᠢᠯᠴᠠᠬᠤ ᠠᠵᠢᠯᠯᠠᠭ᠎ᠠ ᠢ᠋ᠢ ᠤᠯᠠᠨ ᠤᠳᠠᠭ᠎ᠠ ᠥᠷᠨᠢᠭᠦᠯᠪᠡ᠃ ᠨᠣᠮ ᠤᠩᠱᠢᠬᠤ ᠠᠩᠭᠢ ᠡᠷᠬᠢᠯᠡᠨ᠂ 《ᠨᠡᠢᠲᠡ ᠢ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠶ᠋ᠯᠡᠳᠬᠦ᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠰᠠᠭᠤᠳᠠᠯ ᠢ᠋ ᠴᠢᠩᠭ᠎ᠠ ᠪᠠᠢᠴᠠᠭᠠᠨ ᠳᠡᠯᠭᠡᠵᠦ᠍᠂ ᠴᠡᠭ᠌ᠴᠡᠯᠡᠨ ᠰᠠᠢᠵᠢᠷᠠᠭᠤᠯᠬᠤ ᠡᠬᠡ ᠳᠠᠩᠰᠠ ᠭᠠᠷᠭᠠᠪᠠ᠃ ᠨᠠᠮ ᠢ᠋ ᠪᠦᠬᠦ᠌ ᠲᠠᠯ᠎ᠠ ᠪᠡᠷ ᠴᠢᠩᠭ᠎ᠠ ᠵᠠᠰᠠᠬᠤ ᠵᠢᠴᠢ ᠰᠡᠷᠡᠮᠵᠢᠯᠡᠭᠦᠯᠬᠦ᠌ ᠬᠥᠮᠦᠵᠢᠯ ᠤ᠋ᠨ ᠬᠤᠷᠠᠯ ᠬᠢᠵᠤ᠂ ᠰᠡᠷᠡᠮᠵᠢᠯᠡᠭᠦᠯᠬᠦ᠌ ᠬᠥᠮᠦᠵᠢᠯ ᠤ᠋ᠨ ᠹᠢᠯᠢᠮ ᠦᠵᠡᠬᠦ᠌᠂ ᠡᠰᠡᠷᠭᠦ᠌ ᠲᠠᠯ᠎ᠠ ᠢ᠋ᠢᠨ ᠬᠡᠷᠡᠭ ᠤ᠋ᠨ ᠵᠢᠱ᠌ᠢᠶ᠎ᠡ ᠢ᠋ᠢ ᠵᠠᠷᠯᠠᠨ ᠮᠡᠳᠡᠭ᠌ᠳᠡᠬᠦ᠌ ᠪᠡᠷ ᠳᠠᠮᠵᠢᠨ ᠨᠠᠮ ᠤ᠋ᠨ ᠭᠡᠱᠢᠭᠦᠨ ᠺᠠᠳ᠋ᠷᠴᠤᠳ ᠤ᠋ᠨ ᠰᠠᠬᠢᠯᠭ᠎ᠠ ᠪᠠᠲᠤ ᠢ᠋ᠢᠨ ᠬᠤᠷᠢᠭ᠎ᠠ ᠱᠤᠭᠤᠮ ᠢ᠋ ᠴᠢᠩᠭ᠎ᠠ ᠰᠠᠬᠢᠵᠤ᠂ ᠲᠤᠱᠢᠶᠠᠯ ᠬᠠᠷᠢᠭᠤᠴᠠᠯᠭ᠎ᠠ ᠪᠠᠨ ᠦᠨᠡᠨᠴᠢ ᠱᠢᠳᠤᠷᠭᠤ ᠪᠡᠷ ᠭᠦᠢᠴᠡᠳᠭᠡᠬᠦ᠌ ᠢ᠋ᠢ ᠬᠦᠳᠦᠯᠦᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ ᠤ᠋ ᠪᠠᠢᠭᠤᠯᠭ᠎ᠠ ᠢ᠋ᠢᠨ ᠶᠠᠪᠤᠳᠠᠯ ᠤ᠋ᠨ ᠬᠠᠮᠢᠶᠠᠷᠤᠯᠲᠠ ᠢ᠋ᠢᠨ ᠲᠣᠪᠴᠢᠶ᠎ᠠ ᠲᠠᠢ ᠬᠠᠮᠲᠤᠷᠠᠨ ᠭᠤᠤᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠥᠷᠨᠢᠭᠦᠯᠵᠦ᠍᠂ ᠨᠠᠮ ᠤ᠋ᠨ ᠭᠡᠱᠢᠭᠦᠨ ᠺᠠᠳ᠋ᠷᠴᠤᠳ ᠤ᠋ᠨ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠪᠦᠲᠦᠮᠵᠢ ᠪᠡᠷ ᠢ᠋ᠢᠡᠨ ᠦᠶ᠋ᠯᠡᠳᠦᠯᠭᠡ᠂ ᠠᠷᠠᠳ ᠲᠦᠮᠡᠨ ᠪᠠ ᠲᠡᠦᠬᠡ ᠢ᠋ᠢᠨ ᠱᠢᠯᠭᠠᠯᠲᠠ ᠢ᠋ᠢ ᠳᠠᠭᠠᠭᠠᠵᠤ ᠳᠡᠢᠯᠬᠦ᠌ ᠠᠮᠵᠢᠯᠲᠠ ᠪᠦᠲᠦᠮᠵᠢ ᠢ᠋ᠢ ᠡᠭᠦᠳᠴᠦ᠍᠂ ᠥᠪᠡᠷᠲᠡᠭᠡᠨ ᠵᠠᠰᠠᠬᠤ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠢ᠋ᠢ ᠰᠠᠢᠲᠤᠷ ᠡᠬᠢᠯᠡᠭᠦᠯᠬᠦ ᠳ᠋ᠤ ᠠᠮᠤᠷ ᠲᠦᠪᠱᠢᠨ ᠤ᠋ ᠬᠠᠯᠬᠠᠪᠴᠢ ᠵᠢ ᠪᠠᠳᠤ ᠴᠤᠭᠴᠠᠯᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号