ᠬᠥᠭᠡᠮᠡᠢ᠎ᠶ᠋ᠢᠨ ᠭᠣᠴᠣᠯᠠᠯ ᠳᠠᠭᠤᠤ 《ᠴᠢᠨᠳᠠᠭᠠᠨ ᠴᠠᠭᠠᠨ ᠮᠤᠷᠢᠨ ᠤ᠋ ᠮᠠᠭ᠍ᠲᠠᠭᠠᠯ》 ᠡᠬᠢᠯᠡᠮᠡᠭᠴᠡ᠂ ᠬᠦᠬᠡᠮᠡᠢ ᠵᠢᠨ ᠦᠪᠡᠷᠮᠢᠴᠡ ᠠᠶᠠᠯᠭᠤ ᠴᠤᠤᠷᠢᠶᠠᠳᠤᠵᠤ᠂ ᠪᠦᠬᠦᠢᠯᠡ ᠲᠠᠪᠴᠠᠩ ᠲᠩᠷᠢ ᠭᠠᠵᠠᠷ ᠲᠠᠢ ᠠᠭᠤᠰᠤᠯᠴᠠᠭᠰᠠᠨ ᠮᠡᠳᠦ ᠪᠤᠯᠪᠠ᠃
ᠲᠤᠬᠠᠶ᠎ᠶ᠋ᠢᠨ ᠭᠠᠵᠠᠷ᠎ᠤᠨ ᠴᠠᠭ᠎ᠢᠶᠠᠷ 5 ᠰᠠᠷ᠎ᠠ᠎ᠶ᠋ᠢᠨ 13 ᠤ᠋ ᠦᠳᠡ᠎ᠶ᠋ᠢᠨ ᠬᠣᠢᠨ᠎ᠠ᠂ ᠠᠮᠧᠷᠢᠺᠠ᠎ᠶ᠋ᠢᠨ ᠤᠷᠸᠭᠠᠨ ᠵᠧᠤ᠎ᠶ᠋ᠢᠨ ᠫᠤᠷᠲ᠋ᠯᠠᠨᠳ᠋ ᠶᠡᠬᠡ ᠰᠤᠷᠭᠠᠭᠤᠯᠢ ᠵᠢᠨ ᠠᠮᠧᠷᠢᠺᠠ᠎ᠶ᠋ᠢᠨ ᠨᠢᠭᠡᠨ ᠰᠣᠷᠣᠭ᠍ᠴᠢ᠄ 《ᠲᠩᠷᠢ᠎ᠶ᠋ᠢᠨ ᠡᠭᠡᠱᠢᠭᠯᠡᠩ ᠬᠡᠵᠦ ᠡᠢᠮᠦ᠍ ᠯᠡ ᠪᠠᠢᠬ᠎ᠠ!》 ᠭᠡᠵᠤ ᠭᠠᠢᠬᠠᠰᠢ ᠠᠯᠳᠠᠨ ᠭᠡᠯᠡᠨ᠎ᠡ᠃
ᠲᠤᠬᠠᠶ᠎ᠶ᠋ᠢᠨ ᠭᠠᠵᠠᠷ᠎ᠤᠨ ᠴᠠᠭ᠎ᠢᠶᠠᠷ 5 ᠰᠠᠷ᠎ᠠ᠎ᠶ᠋ᠢᠨ 13 ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠲᠤᠭᠤᠷᠢᠨ ᠲᠣᠭ᠍ᠯᠠᠯᠲᠠ ᠠᠮᠧᠷᠢᠺᠠ᠎ᠶ᠋ᠢᠨ ᠤᠷᠸᠭᠠᠨ ᠵᠧᠤ᠎ᠶ᠋ᠢᠨ ᠫᠤᠷᠲ᠋ᠯᠠᠨᠳ᠋ ᠬᠣᠲᠠ᠎ᠳᠤ ᠶᠠᠪᠤᠭ᠍ᠳᠠᠪᠠ᠃ ᠥᠪᠥᠷ ᠮᠣᠩᠭᠣᠯ᠎ᠤᠨ ᠰᠣᠶᠣᠯ᠎ᠤᠨ ᠲᠥᠯᠥᠭᠡᠯᠡᠭ᠌ᠴᠢᠳ᠎ᠦᠨ ᠪᠦᠯᠬᠦᠮ ᠲᠤᠬᠠᠶ᠎ᠶ᠋ᠢᠨ ᠭᠠᠵᠠᠷ᠎ᠤᠨ ᠶᠡᠬᠡ ᠰᠤᠷᠭᠠᠭᠤᠯᠢ᠎ᠶ᠋ᠢᠨ ᠬᠦᠷᠢᠶ᠎ᠡ᠂ ᠲᠤᠮᠤ ᠴᠡᠴᠡᠷᠯᠢᠭ ᠵᠢᠴᠢ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠎ᠲᠤ ᠬᠦᠷᠴᠦ᠍᠂ ᠲᠤᠬᠠᠶ᠎ᠶ᠋ᠢᠨ ᠭᠠᠵᠠᠷ᠎ᠤᠨ ᠦᠵᠡᠭ᠌ᠴᠢᠳ᠎ᠲᠦ ᠬᠠᠷᠠᠭ᠎ᠠ ᠰᠣᠨᠣᠷ᠎ᠤᠨ ᠦᠪᠡᠳᠡᠭ᠌ᠰᠢ ᠨᠠᠢᠷ ᠠᠪᠴᠢᠷᠠᠭ᠍ᠰᠠᠨ ᠪᠥᠭᠡᠳ ᠪᠠᠰᠠ ᠲᠡᠳᠡᠨ᠎ᠦ ᠥᠪᠥᠷ ᠮᠣᠩᠭᠣᠯ ᠵᠢᠴᠢ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠲᠤᠬᠠᠶ ᠣᠢᠯᠠᠭᠠᠯᠲᠠ᠎ᠶ᠋ᠢ ᠨᠡᠮᠡᠭ᠌ᠳᠡᠭᠦᠯᠪᠡ᠃ ᠡᠨᠡ ᠤᠳᠠᠭᠠᠨ᠎ᠤ ᠨᠣᠮᠣᠬᠠᠨ ᠳᠠᠯᠠᠢ᠎ᠶ᠋ᠢ ᠠᠯᠤᠰᠯᠠᠭ᠍ᠰᠠᠨ ᠰᠣᠶᠣᠯ᠎ᠤᠨ ᠲᠤᠭᠤᠷᠢᠨ ᠲᠤᠭᠯᠠᠯᠳᠠ ᠵᠢᠨ ᠠᠵᠢᠯᠯᠠᠭ᠎ᠠ᠎ᠳᠤ ᠤᠷᠠᠨ ᠰᠠᠢᠬᠠᠨ᠎ᠤ ᠲᠣᠭ᠍ᠯᠠᠯᠲᠠ᠂ ᠭᠡᠷᠡᠯ ᠵᠢᠷᠤᠭ᠎ᠤᠨ ᠦᠵᠡᠭᠦᠯᠭᠡ᠂ ᠰᠣᠶᠣᠯ᠎ᠤᠨ ᠡᠭᠦᠳᠦᠯᠲᠡ᠎ᠶ᠋ᠢᠨ ᠦᠵᠡᠭᠦᠯᠭᠡ᠂ ᠤᠷᠠᠨ ᠪᠢᠴᠢᠯᠭᠡ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠵᠡᠷᠭᠡ ᠱᠢᠷᠢᠰ ᠠᠵᠢᠯᠯᠠᠭ᠎ᠠ ᠪᠠᠭ᠍ᠲᠠᠨ᠎ᠠ᠃
ᠫᠣᠷᠲ᠋ᠯᠠᠨᠳ᠋ ᠶᠡᠬᠡ ᠰᠤᠷᠭᠠᠭᠤᠯᠢ ᠳ᠋ᠡᠬᠢ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠤᠷᠠᠨ ᠰᠠᠢᠬᠠᠨ᠎ᠤ ᠲᠣᠭ᠍ᠯᠠᠯᠲᠠ ᠳ᠋ᠤ ᠮᠣᠩᠭᠣᠯ ᠦᠨᠳᠦᠰᠦᠲᠡᠨ᠎ᠦ ᠣᠷᠳᠣ᠎ᠶ᠋ᠢᠨ ᠳᠠᠭᠤᠤ᠂ ᠬᠥᠭᠡᠮᠡᠶ᠂ ᠮᠣᠷᠢᠨ ᠬᠤᠭᠤᠷ᠎ᠤᠨ ᠬᠥᠭ᠌ᠵᠢᠮ᠂ ᠬᠤᠪᠤᠰ ᠬᠥᠭ᠌ᠵᠢᠮ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ ᠵᠢᠴᠢ ᠨᠠᠷᠢᠨ ᠨᠢᠮᠪᠠᠶ ᠨᠠᠢᠷᠠᠭᠤᠯᠤᠨ ᠵᠣᠬᠢᠶᠠᠭ᠍ᠰᠠᠨ ᠪᠥᠵᠢᠭ ᠪᠠ ᠳᠠᠭᠤᠤ ᠵᠢᠨ ᠪᠦᠲᠦᠭᠡᠯ ᠵᠡᠷᠭᠡ ᠪᠠᠢᠵᠤ᠂ ᠦᠵᠡᠭᠴᠢᠳ ᠤ᠋ᠨ ᠠᠩᠬᠠᠷᠤᠯ ᠢ᠋ ᠳᠠᠳᠠᠭᠰᠠᠨ ᠭᠢᠯᠠᠰ ᠴᠡᠭ ᠤᠯᠠᠨ ᠪᠠᠢᠯ᠎ᠠ᠃ ᠡᠷᠡᠭ᠌ᠲᠡᠶ᠎ᠶ᠋ᠢᠨ ᠭᠣᠴᠣᠯᠠᠯ ᠳᠠᠭᠤᠤ 《ᠮᠠᠭ᠍ᠲᠠᠭᠠᠯ ᠳᠠᠭᠤᠤ》 ᠨᠢ ᠮᠣᠩᠭᠣᠯ ᠦᠨᠳᠦᠰᠦᠲᠡᠨ᠎ᠦ ᠤᠷᠲᠤ᠎ᠶ᠋ᠢᠨ ᠳᠠᠭᠤᠤ ᠵᠢᠨ ᠬᠦᠭ ᠠᠶᠠᠯᠭᠤ ᠪᠡᠷ ᠡᠬᠡ ᠤᠯᠤᠰ᠎ᠲᠠᠭᠠᠨ ᠬᠦᠨᠳᠦᠳᠭᠡᠯ ᠳᠡᠪᠱᠢᠭᠦᠯᠪᠡ; ᠮᠣᠷᠢᠨ ᠬᠤᠭᠤᠷ᠎ᠤᠨ ᠭᠣᠴᠣᠯᠠᠯ ᠬᠥᠭ᠌ᠵᠢᠮ 《ᠰᠡᠷᠡᠯ ᠮᠣᠷᠢ》 ᠵᠢᠨ ᠠᠢᠵᠠᠮ ᠴᠤᠬᠢᠯᠭ᠎ᠠ ᠨᠢ ᠢᠳᠡ ᠬᠦᠴᠦᠳᠠᠢ ᠪᠠᠢᠵᠤ᠂ ᠬᠦᠴᠦᠷᠬᠡᠭ᠌ᠵᠢᠨ ᠦᠭᠡᠳᠡᠯᠡᠬᠦᠬᠦᠴᠦᠨ ᠴᠢᠳᠠᠯ ᠣᠷᠭᠢᠯᠤᠨ᠎ᠠ; ᠡᠮᠡᠭ᠌ᠲᠡᠢ᠎ᠶ᠋ᠢᠨ ᠭᠣᠴᠣᠯᠠᠯ ᠳᠠᠭᠤᠤ 《ᠬᠠᠮᠤᠭ᠎ᠤᠨ ᠰᠠᠢᠬᠠᠨ ᠳᠤᠮᠳᠠᠳᠤ ᠤᠯᠤᠰ》 ᠨᠢ ᠳᠤᠮᠳᠠᠳᠤ ᠤᠯᠤᠰ᠎ᠤᠨ ᠠᠭᠤᠯᠠ ᠤᠰᠤᠨ᠎ᠤ ᠰᠦᠷᠯᠢᠭ ᠰᠠᠢᠬᠠᠨ᠎ᠢ ᠮᠠᠭᠳᠠᠨ ᠳᠠᠭᠤᠯᠠᠪᠠ ᠁ ᠲᠣᠭ᠍ᠯᠠᠯᠲᠠ᠎ᠶ᠋ᠢᠨ ᠡᠴᠦᠰ᠎ᠲᠦ᠂ ᠳᠤᠮᠳᠠᠳᠤ ᠠᠮᠧᠷᠢᠺᠠ᠎ᠶ᠋ᠢᠨ ᠪᠠᠭ᠍ᠰᠢ ᠰᠤᠷᠤᠭ᠍ᠴᠢᠳ ᠬᠠᠮᠲᠤ ᠪᠠᠷ ᠳᠤᠮᠳᠠᠳᠤ ᠤᠯᠤᠰ᠎ᠤᠨ ᠠᠷᠠᠳ᠎ᠤᠨ ᠳᠠᠭᠤᠤ 《ᠮᠡᠯᠡᠷᠡᠭ ᠴᠡᠴᠡᠭ》 ᠢ᠋ ᠳᠠᠭᠤᠯᠠᠪᠠ᠃ ᠠᠶ᠎ᠠ ᠳᠠᠭᠤᠤ ᠵᠢᠨ ᠳᠤᠮᠳᠠ ᠨᠣᠮᠣᠬᠠᠨ ᠲᠠᠯᠠᠢ᠎ᠶ᠋ᠢᠨ ᠬᠣᠶᠠᠷ ᠬᠦᠪᠡᠬᠡ ᠵᠢᠨ ᠠᠷᠠᠳ ᠤᠯᠠᠨ ᠬᠠᠮᠳᠦ ᠪᠡᠷ ᠨᠠᠢᠷᠠᠯᠳᠤᠯᠠ᠃
ᠤᠷᠠᠨ ᠪᠢᠴᠢᠯᠭᠡ᠎ᠶ᠋ᠢᠨ ᠦᠵᠡᠭᠦᠯᠭᠡ᠎ᠶ᠋ᠢᠨ ᠲᠣᠭᠣᠷᠢᠭ᠎ᠲᠤ᠂ ᠤᠷᠠᠨ ᠪᠢᠴᠢᠯᠭᠡᠲᠡᠨ ᠴᠢ ᠵᠢᠨ ᠪᠢᠷᠡᠷᠬᠢᠬᠦᠯᠤᠨ 《ᠨᠥᠬᠥᠷᠯᠡᠯ ᠦᠨᠢ ᠡᠬᠦᠷᠢᠳᠡ》 ᠭᠡᠬᠦ᠌ ᠲᠣᠮᠣ ᠥᠰᠥᠭ᠎ᠢ ᠪᠢᠴᠢᠵᠦ ᠪᠡᠬᠡ ᠨᠢ ᠬᠠᠲᠠᠭᠠᠳᠤᠶ ᠪᠠᠢᠬᠤ᠎ᠳᠤ᠂ ᠲᠤᠭᠤᠷᠢᠨ ᠦᠵᠡᠵᠦ ᠪᠠᠢᠭᠰᠠᠨ ᠠᠮᠧᠷᠢᠺᠠ᠎ᠶ᠋ᠢᠨ ᠪᠠᠭ᠍ᠰᠢ ᠰᠤᠷᠤᠭ᠍ᠴᠢᠳ ᠨᠢᠭᠡᠨᠲᠡ ᠭᠠᠷ ᠵᠢᠨᠨ ᠡᠷᠭᠦᠵᠡᠬᠡᠨ ᠬᠠᠳᠠᠭᠠᠯᠠᠬᠤ᠎ᠪᠠᠷ ᠪᠡᠯᠡᠳᠭᠡᠵᠦ᠍ ᠪᠠᠢᠭ᠎ᠠ᠎ᠪᠠᠨ ᠢᠯᠡᠳᠭᠡᠪᠡ᠃ ᠬᠠᠵᠠᠭᠤ ᠲᠠᠯ᠎ᠠ᠎ᠶ᠋ᠢᠨ ᠰᠣᠶᠣᠯ᠎ᠤᠨ ᠡᠭᠦᠳᠦᠯᠲᠡ᠎ᠶ᠋ᠢᠨ ᠦᠵᠡᠭᠦᠯᠭᠡ᠎ᠶ᠋ᠢᠨ ᠲᠣᠭᠣᠷᠢᠭ ᠨᠢ ᠠᠳᠠᠯᠢᠬᠠᠨ ᠬᠥᠮᠦᠰ᠎ᠦᠨ ᠪᠠᠬᠠᠷᠬᠠᠯ᠎ᠢ ᠲᠠᠲᠠᠵᠤ᠂ ᠥᠪᠥᠷ ᠮᠣᠩᠭᠣᠯ᠎ᠤᠨ ᠡᠯᠧᠮᠧᠨ᠋ᠲ ᠠᠭᠤᠯᠤᠭᠰᠠᠨ U ᠲᠠᠪᠠᠭ᠂ ᠬᠥᠯᠳᠡᠭᠡᠭᠦᠷ᠎ᠦᠨ ᠨᠠᠭᠠᠯᠲᠠ᠂ ᠢᠰᠡᠭᠡᠢ ᠴᠢᠮᠡᠭ᠌ᠯᠡᠯ᠎ᠦᠨ ᠡᠳ᠋ ᠵᠡᠷᠭᠡ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠨᠢ ᠮᠠᠰᠢ ᠤᠯᠠᠨ ᠪᠠᠭ᠍ᠰᠢ ᠰᠤᠷᠤᠭ᠍ᠴᠢᠳ᠎ᠤᠨ ᠠᠩᠬᠠᠷᠤᠯ᠎ᠢ ᠲᠠᠲᠠᠵᠠᠢ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ ᠮᠣᠩᠭᠣᠯ ᠪᠥᠵᠢᠭ᠂ ᠬᠥᠭᠡᠮᠡᠶ᠂ ᠶᠠᠲᠤᠭ᠎ᠠ᠎ᠶᠢᠨ ᠴᠢᠪᠬᠠᠳᠠᠰᠤᠶᠢᠨᠲᠣᠭ᠍ᠯᠠᠯᠲᠠ ᠵᠡᠷᠭᠡ ᠵᠢᠭᠠᠨ ᠰᠤᠷᠭᠠᠯᠲᠠ᠎ᠶ᠋ᠢᠨ ᠬᠠᠷᠢᠯᠴᠠᠨ ᠦᠶ᠋ᠯᠡᠳᠦᠯᠴᠡᠬᠦ᠌ ᠭᠣᠭ᠍ᠴᠣᠭ᠎ᠠ ᠲᠣᠬᠢᠷᠠᠭᠤᠯᠵᠤ᠂ ᠲᠤᠬᠠᠶ᠎ᠶ᠋ᠢᠨ ᠭᠠᠵᠠᠷ᠎ᠤᠨ ᠰᠤᠷᠤᠭ᠍ᠴᠢᠳ ᠢᠳᠡᠪᠬᠢᠲᠡᠶ ᠣᠷᠣᠯᠴᠠᠵᠤ᠂ ᠬᠥᠷ ᠬᠥᠭ᠌ᠵᠢᠶᠡᠨ᠎ᠢᠶᠡᠷ ᠪᠢᠯᠬᠠᠪᠠ᠃ ᠨᠢᠭᠡ ᠰᠤᠷᠤᠭ᠍ᠴᠢ ᠶᠠᠲᠤᠭ᠎ᠠ ᠪᠠᠷ ᠠᠩᠬ᠎ᠠ ᠤᠳᠠᠭ᠎ᠠ ᠬᠠᠩᠭᠢᠨᠠᠮ᠎ᠠ ᠠᠶᠠᠰ᠎ᠢ ᠬᠥᠭ᠌ᠵᠢᠮᠳᠡᠬᠦ᠌ ᠳ᠋ᠡᠬᠡᠨ ᠰᠡᠳᠭᠢᠯ ᠳᠣᠭ᠍ᠳᠣᠯᠵᠤ᠂ ᠰᠤᠷᠤᠭ᠍ᠴᠢᠳ ᠠᠯᠠᠭ᠎ᠠ ᠲᠠᠱᠢᠵᠦ ᠭᠠᠷᠤᠨ᠎ᠠ᠃
ᠨᠢᠭᠡ ᠠᠮᠧᠷᠢᠺᠠ᠎ᠶ᠋ᠢᠨ ᠰᠤᠷᠤᠭ᠍ᠴᠢ ᠮᠥᠷᠥ᠎ᠪᠡᠨ ᠴᠡᠴᠡᠷᠡᠭᠦᠯᠬᠦ᠌ ᠬᠥᠳᠡᠯᠭᠡᠭᠡᠨ ᠬᠢᠵᠦ᠍ ᠪᠠᠷᠠᠭᠠᠳ᠂ ᠲᠤᠡᠭ ᠪᠠᠶᠠᠷ ᠲᠠᠢ᠎ᠪᠠᠷ᠄ 《ᠤᠤᠯ ᠨᠢ ᠰᠠᠯᠬᠢ ᠢᠩᠭᠢᠵᠦ᠍ ᠮᠥᠷᠥ᠎ᠡᠴᠡ ᠬᠤᠷᠤᠭᠤᠨ ᠦᠵᠦᠭᠦᠷ ᠬᠦᠷᠲᠡᠯ᠎ᠡ ᠦᠯᠢᠶᠡᠳᠡᠭ ᠶᠤᠮ ᠪᠠᠢᠵᠠᠢ》 ᠭᠡᠪᠡ᠃
ᠦᠵᠡᠭᠦᠯᠭᠡ᠎ᠶ᠋ᠢᠨ ᠲᠤᠭᠯᠠᠯᠲᠠ᠎ᠶᠢᠨ ᠠᠵᠢᠯᠯᠠᠭ᠎ᠠ ᠳᠠᠭᠤᠰᠤᠭ᠍ᠰᠠᠨ᠎ᠤ ᠳᠠᠷᠠᠭ᠎ᠠ᠂ ᠫᠤᠷᠲ᠋ᠯᠠᠨᠳ᠋ ᠵᠧᠦ᠎ᠵᠢᠨ ᠶᠡᠬᠡ ᠰᠤᠷᠭᠠᠭᠤᠯᠢ᠎ᠶ᠋ᠢᠨ ᠨᠡᠢᠭᠡᠮ᠎ᠦᠨ ᠠᠵᠢᠯ᠎ᠤᠨ ᠰᠠᠯᠪᠤᠷᠢ᠎ᠶ᠋ᠢᠨ ᠵᠠᠬᠢᠷᠤᠯ ᠸᠠᠩ ᠵᠤ᠌ ᠯᠠᠨ ᠪᠤᠳᠤᠬᠤ ᠳᠤᠲᠤᠮ ᠰᠠᠢᠬᠠᠨ ᠰᠠᠨᠠᠭᠳᠠᠵᠤ᠄ 《ᠦᠨᠡᠬᠡᠷ ᠰᠠᠢᠬᠠᠨ᠂ ᠦᠨᠡᠬᠡᠷ ᠭᠠᠢᠬᠠᠮᠱᠢᠭ᠍ᠲᠠᠶ᠂ ᠪᠢᠳᠡᠨ᠎ᠳᠦ ᠮᠠᠰᠢ ᠰᠠᠢᠨ ᠰᠣᠶᠣᠯ᠎ᠤᠨ ᠬᠢᠴᠢᠶᠡᠯ ᠣᠷᠣᠯ᠎ᠠ᠃ ᠮᠢᠨᠦ᠍ ᠰᠤᠷᠤᠭ᠍ᠴᠢᠳ ᠬᠣᠵᠢᠮ ᠵᠠᠪᠱᠢᠶᠠᠨ᠎ᠲᠠᠶ ᠪᠣᠯ ᠵᠠᠪᠠᠯ ᠥᠪᠥᠷ ᠮᠣᠩᠭᠣᠯ᠎ᠳᠤ ᠤᠴᠢᠵᠤ᠂ ᠲᠡᠨᠳᠡᠬᠢ ᠪᠠᠶᠠᠯᠢᠭ ᠰᠠᠢᠬᠠᠨ ᠰᠣᠶᠣᠯ᠎ᠤᠨ ᠲᠠᠳᠠᠬᠤ ᠬᠦᠴᠦᠨ᠎ᠢ ᠪᠡᠶ᠎ᠡ᠎ᠪᠡᠷ᠎ᠢᠶᠡᠨ ᠣᠢᠯᠠᠭᠠᠨ ᠮᠡᠳᠡᠷᠡᠬᠦ᠎ᠶ᠋ᠢ ᠬᠦᠰᠡᠵᠦ᠍ ᠪᠠᠢᠨ᠎ᠠ》 ᠭᠡᠪᠡ᠃
ᠫᠣᠷᠲ᠋ᠯᠠᠨᠳ᠋ᠲᠡᠬᠢ ᠳᠤᠮᠳᠠᠳᠤ ᠤᠯᠤᠰ᠎ᠤᠨ ᠡᠷᠲᠡᠨ᠎ᠦ ᠴᠡᠴᠡᠷᠯᠢᠭ ᠯᠠᠨ ᠰᠦ᠍ ᠶᠤᠸᠠᠨ᠎ᠳᠦ ᠶᠠᠭᠠᠨ ᠬᠡᠷᠡᠮ ᠬᠦᠬᠡᠮᠳᠦᠭ ᠸᠠᠭᠠᠷ᠎ᠲᠠᠶ᠂ ᠪᠢᠴᠢᠬᠠᠨ ᠬᠥᠭᠥᠷᠭᠡ ᠤᠷᠤᠰᠭᠠᠯ ᠤᠰᠤᠨ᠎ᠤ ᠬᠣᠭᠣᠷᠣᠨᠳᠣ᠂ ᠮᠣᠷᠢᠨ ᠬᠤᠭᠤᠷ᠎ᠤᠨ ᠡᠭᠡᠱᠢᠭ ᠬᠠᠩᠭᠢᠨᠠᠵᠤ᠂ ᠰᠡᠷᠢᠭᠦᠨ ᠲᠠᠭᠲᠤ ᠮᠤᠬᠤᠯᠠᠭ ᠠᠰᠠᠷ᠎ᠤᠨ ᠬᠣᠭᠣᠷᠣᠨᠳᠣ ᠴᠤᠤᠷᠢᠶᠠᠳᠤᠵᠤ᠂ ᠴᠡᠴᠡᠷᠯᠢᠭ᠎ᠦᠨ ᠳᠣᠲᠣᠷ᠎ᠠ ᠵᠢᠭᠤᠯᠴᠢᠯᠠᠭᠰᠡᠳ ᠴᠢᠮᠡᠭᠡ᠎ᠪᠡᠷ ᠨᠢ ᠬᠦᠷᠦᠯᠴᠡᠨ ᠢᠷᠡᠵᠦ᠂ ᠢᠷᠡᠬᠦ᠌ ᠲᠤᠲᠤᠮ ᠣᠯᠠᠱᠢᠷᠠᠵᠤ᠂ ᠪᠦᠷ ᠭᠠᠷ ᠤᠲᠠᠰᠤ᠎ᠪᠠᠷ᠎ᠢᠶᠠᠨ ᠡᠨᠡ ᠬᠦ᠌ ᠭᠠᠢᠬᠠᠮᠱᠢᠭ᠍ᠲᠤ ᠴᠠᠭ ᠮᠥᠴᠡ᠎ᠶ᠋ᠢ ᠲᠡᠮᠳᠡᠭ᠌ᠯᠡᠵᠦ ᠪᠠᠢᠯ᠎ᠡ᠃ ᠵᠢᠭᠤᠯᠴᠢᠯᠠᠭᠴᠢ Iris᠄ 《ᠳᠤᠮᠳᠠᠳᠤ᠎ᠶ᠋ᠢᠨ ᠰᠣᠶᠣᠯ ᠥᠷᠭᠡᠨ ᠳᠡᠯᠭᠡᠷ ᠭᠦᠨ ᠭᠦᠨᠵᠡᠭᠡᠶ ᠪᠠᠢᠳᠠᠭ᠂ ᠡᠲᠡᠭᠡᠷ ᠲᠣᠭ᠍ᠯᠠᠯᠲᠠ᠎ᠡᠴᠡ ᠪᠢ ᠥᠷᠭᠡᠨ ᠠᠭᠤᠳᠠᠮ ᠲᠠᠯ᠎ᠠ ᠨᠤᠲᠤᠭ᠂ ᠥᠤᠷᠰᠡᠨ ᠲᠠᠪᠭᠢᠯᠳᠤᠬᠤ ᠠᠳᠤᠭᠤᠨ ᠰᠥᠷᠦᠭᠢ ᠤᠯᠵᠤ ᠬᠠᠷᠠᠭᠰᠠᠨ ᠰᠢᠭ᠋ ᠪᠤᠯᠵᠤ᠂ ᠪᠠᠰᠠ ᠥᠪᠥᠷ ᠮᠣᠩᠭᠣᠯ᠎ᠤᠨ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ᠎ᠢ ᠮᠡᠳᠡᠷᠡᠵᠦ ᠤᠯᠤᠯ᠎ᠠ》 ᠭᠡᠵᠦ ᠳᠤᠭᠲᠤᠯᠤᠨ ᠶᠠᠷᠢᠪᠠ᠃ ᠲᠣᠭ᠍ᠯᠠᠯᠲᠠ ᠳᠠᠭᠤᠰᠴᠤ᠌᠂ ᠠᠯᠠᠭ᠎ᠠ ᠲᠠᠱᠢᠯᠳᠠ᠎ᠶ᠋ᠢᠨ ᠲᠠᠭᠤᠨ ᠤᠳᠠᠲᠠᠯ᠎ᠠ ᠦᠷᠭᠦᠯᠵᠢᠯᠡᠪᠡ — ᠡᠨᠡ ᠨᠢ ᠵᠦᠪᠬᠡᠨ ᠤᠷᠠᠯᠢᠭᠴᠢᠳ᠎ᠲᠦ ᠪᠡᠯᠡᠭᠯᠡᠭᠰᠡᠨ ᠪᠢᠰᠢ᠂ ᠨᠡᠩ᠎ᠴᠤ ᠲᠦᠮᠡᠨ ᠭᠠᠵᠠᠷ᠎ᠢ ᠠᠯᠤᠰᠯᠠᠭᠰᠠᠨ ᠰᠤᠶᠤᠯ᠎ᠤᠨ ᠳᠠᠬᠢᠨ ᠠᠭᠤᠯᠵᠠᠯᠲᠠ᠎ᠳᠤ ᠪᠡᠯᠡᠭᠯᠡᠭᠰᠡᠨ ᠶᠤᠮ᠃
ᠲᠥᠯᠥᠭᠡᠯᠡᠭ᠌ᠴᠢᠳ᠎ᠦᠨ ᠪᠦᠯᠬᠦᠮ ᠪᠠᠰᠠ ᠲᠤᠬᠠᠶ᠎ᠶ᠋ᠢᠨ ᠭᠠᠵᠠᠷ᠎ᠤᠨ ᠳᠤᠮᠳᠠᠳᠤᠴᠤᠳ᠎ᠤᠨ ᠤᠳᠭ᠎ᠠ ᠤᠷᠠᠯᠢᠭ᠎ᠤᠨ ᠳᠤᠷ᠎ᠠ ᠪᠠᠬᠠᠲᠠᠳ᠎ᠲᠡᠶ ᠬᠠᠮᠳᠤ ᠰᠣᠶᠣᠯ᠎ᠤᠨ ᠠᠵᠢᠯᠯᠠᠭ᠎ᠠ ᠥᠷᠨᠢᠭᠦᠯᠵᠡᠶ᠃ ᠶᠠᠲᠤᠭ᠎ᠠ᠎ᠶ᠋ᠢᠨ ᠲᠠᠭᠤᠨ ᠪᠣᠯᠤᠨ ᠪᠥᠵᠢᠭ᠎ᠦᠨ ᠨᠠᠭᠢᠯᠵᠠᠭᠠᠨ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠎ᠲᠤ ᠠᠭᠤᠰᠴᠤ᠂ ᠥᠪᠥᠷ ᠮᠣᠩᠭᠣᠯ᠎ᠤᠨ ᠤᠷᠠᠨ ᠰᠠᠢᠬᠠᠨ᠎ᠤ ᠲᠣᠭ᠍ᠯᠠᠯᠲᠠ᠎ᠶ᠋ᠢ ᠲᠠᠢᠰᠠᠨ᠎ᠡᠴᠡ ᠬᠤᠳᠠ᠎ᠶ᠋ᠢᠨ ᠠᠷᠠᠳ᠎ᠤᠨ ᠭᠡᠷ ᠪᠦᠯᠢ᠎ᠳᠦ ᠬᠦᠷᠭᠡᠪᠡ᠃
《ᠶᠤᠰᠤᠳᠠᠢ ᠰᠠᠢᠬᠠᠨ᠂ ᠪᠢ ᠲᠤᠩ ᠳᠤᠷᠠᠲᠠᠢ᠃ ᠡᠳᠡᠭᠡᠷ ᠬᠤᠪᠴᠠᠰᠤ ᠵᠠᠰᠠᠯ ᠨᠢ ᠮᠠᠰᠢ ᠭᠤᠶᠤ᠂ ᠪᠦᠷ ᠤᠷᠠᠯᠢᠭ᠎ᠤᠨ ᠪᠦᠲᠦᠭᠡᠯ ᠮᠦᠨ》 ᠬᠡᠵᠦ ᠠᠵᠢᠯᠯᠠᠭ᠎ᠠ ᠳᠠᠭᠤᠰᠤᠭ᠍ᠰᠠᠨ ᠴᠤ᠌᠂ ᠲᠤᠬᠠᠢ᠎ᠶ᠋ᠢᠨ ᠭᠠᠵᠠᠷ᠎ᠤᠨ ᠰᠠᠭᠤᠭᠠᠯᠢ ᠠᠷᠠᠳ ᠨᠦᠸᠸᠱᠠ ᠮᠥᠨ ᠰᠡᠳᠭᠢᠯ ᠬᠠᠨᠤᠭᠰᠠᠨ ᠦᠭᠡᠢ ᠪᠠᠢᠵᠤ᠂ ᠮᠥᠨ ᠬᠦ᠌ ᠪᠠᠶᠠᠷ ᠪᠠᠶᠠᠰᠤᠯᠳᠤ ᠰᠣᠭ᠍ᠲᠣᠭᠤᠷᠠᠭ᠍ᠰᠠᠭᠠᠷ ᠪᠠᠢᠯ᠎ᠠ᠃
ᠬᠥᠭᠡᠮᠡᠢ᠎ᠶ᠋ᠢᠨ ᠲᠩᠷᠢᠯᠢᠭ ᠡᠭᠡᠱᠢᠭ᠎ᠡᠴᠡ 《ᠮᠡᠯᠡᠷᠡᠭ ᠴᠡᠴᠡᠭ》 ᠢ᠋ ᠬᠠᠮᠳᠤ ᠪᠡᠷᠬᠠᠩᠭᠢᠨᠠᠲᠠᠯᠠ ᠳᠠᠭᠤᠯᠠᠬᠤ ᠬᠦᠷᠲᠡᠯ᠎ᠡ᠂ ᠯᠠᠨ ᠰᠤ᠌ ᠶᠤᠸᠠᠨ᠎ᠤ ᠬᠥᠭ᠌ᠵᠢᠮ᠎ᠦᠨ ᠠᠶᠠᠰ᠎ᠡᠴᠡ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠎ᠤᠨ ᠰᠤᠶᠤᠯ᠎ᠤᠨ ᠠᠵᠢᠯᠯᠠᠭ᠎ᠠ ᠬᠦᠷᠲᠡᠯ᠎ᠡ᠂ ᠡᠨᠡ ᠬᠦ᠌ ᠰᠣᠶᠣᠯ᠎ᠤᠨ ᠦᠵᠡᠭᠦᠯᠭᠡ᠎ᠶ᠋ᠢᠨ ᠲᠤᠭᠯᠠᠯᠲᠠ᠎ᠶᠢᠨ ᠠᠵᠢᠯᠯᠠᠭ᠎ᠠ ᠨᠢ ᠫᠤᠷᠲᠯᠠᠨᠳ᠋ ᠬᠤᠳᠠ᠎ᠳᠤ ᠬᠥᠮᠦᠰ᠎ᠦᠨ ᠰᠡᠳᠭᠢᠯ᠎ᠢ ᠬᠥᠳᠡᠯᠭᠡᠮ᠎ᠡ ᠴᠤᠤᠷᠢᠶ᠎ᠠ᠎ᠶ᠋ᠢ ᠦᠯᠡᠳᠡᠭᠡᠭ᠌ᠰᠡᠨ ᠪᠥᠭᠡᠳ ᠬᠣᠶᠠᠷ ᠭᠠᠵᠠᠷ᠎ᠤᠨ ᠠᠷᠠᠳ ᠲᠦᠮᠡᠨ᠎ᠦ ᠨᠥᠬᠥᠷᠯᠡᠯ᠎ᠢ ᠬᠦᠭ ᠠᠶᠠᠰ ᠳᠤᠮᠳᠠ ᠦᠷᠭᠦᠯᠵᠢᠯᠡᠨ ᠬᠥᠭ᠌ᠵᠢᠭᠡᠵᠡᠢ᠃ ᠠᠶᠠᠯᠭᠤ ᠳᠠᠭᠤᠤ ᠪᠠᠨ ᠠᠯᠤᠰ ᠳᠠᠯᠠᠢ᠎ᠵᠢᠨ ᠲᠡᠷᠳᠡᠬᠡ ᠬᠠᠩᠬᠢᠨᠠᠭᠤᠯᠵᠦ᠂ ᠳᠣᠷᠣᠨᠠᠳᠠᠬᠢᠨ᠎ᠤ ᠭᠤᠤ᠎ᠠ ᠰᠠᠢᠬᠠᠨ᠎ᠢ ᠭᠠᠢᠬᠠᠭᠤᠯᠤᠯ᠎ᠠ᠃ ᠰᠣᠶᠣᠯ᠎ᠤᠨ ᠦᠵᠡᠭᠦᠯᠭᠡ᠎ᠶ᠋ᠢᠨ ᠲᠣᠭ᠍ᠯᠠᠯᠲᠠ᠎ᠶᠢᠨ ᠠᠵᠢᠯᠯᠠᠭ᠎ᠠ ᠬᠡᠳᠦᠢᠪᠡᠷ ᠥᠨᠳᠥᠷᠯᠡᠭ᠌ᠰᠡᠨ ᠪᠣᠯᠪᠠᠴᠤ᠌ ᠥᠪᠥᠷ ᠮᠣᠩᠭᠣᠯ ᠪᠣᠯᠤᠨ ᠤᠷᠸᠭᠠᠨᠤ ᠦᠯᠢᠭᠡᠷ ᠱᠢᠨ᠎ᠡ ᠬᠠᠭᠤᠳᠠᠰᠤ᠎ᠶ᠋ᠢ ᠪᠢᠴᠢᠭ᠌ᠯᠡᠭᠰᠡᠭᠡᠷ ᠪᠠᠢᠨ᠎ᠠ᠃