ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠂ ᠤᠯᠤᠰ᠎ᠤᠨ ᠲᠠᠩᠰᠠ ᠡᠪᠬᠡᠮᠡᠯ᠎ᠦᠨ ᠲᠣᠪᠴᠢᠶ᠎ᠠ᠎ᠶ᠋ᠢᠨ ᠣᠢᠷ᠎ᠠ᠎ᠳᠤ ᠬᠠᠮᠲᠤᠷᠠᠨ ᠳᠠᠷᠤᠮᠠᠯᠯᠠᠨ ᠲᠠᠷᠬᠠᠭᠠᠭ᠍ᠰᠠᠨ 《ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶ᠋ᠢᠨ ᠲᠣᠭ᠍ᠲᠠᠭᠠᠯ》 ᠢ᠋ 2026 ᠣᠨ᠎ᠤ 9 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃
ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ ᠭᠡᠳᠡᠭ ᠨᠢ ᠬᠣᠲᠠ᠎ᠶ᠋ᠢᠨ ᠲᠥᠯᠥᠪᠵᠢᠭᠦᠯᠭᠡ᠂ ᠪᠦᠲᠦᠭᠡᠨ ᠪᠠᠢᠭᠤᠯᠤᠯᠲᠠ ᠵᠢᠴᠢ ᠲᠡᠳᠡᠭᠡᠷ ᠤ᠋ᠨ ᠵᠠᠰᠠᠬᠤ ᠠᠵᠢᠯᠯᠠᠭ᠎ᠠ᠎ᠶ᠋ᠢᠨ ᠳᠤᠮᠳᠠ ᠱᠢᠭᠤᠳ ᠪᠤᠶ ᠪᠣᠯᠤᠭ᠍ᠰᠠᠨ ᠤᠯᠤᠰ ᠪᠣᠯᠤᠨ ᠨᠡᠢᠭᠡᠮ᠎ᠳᠦ ᠠᠪᠴᠤ᠌ ᠬᠡᠯᠡᠪᠡᠯ ᠬᠠᠳᠠᠭᠠᠯᠠᠬᠤ ᠦᠨ᠎ᠡ ᠥᠷᠲᠡᠭ᠎ᠲᠡᠶ ᠦᠰᠦᠭ ᠪᠢᠴᠢᠭ᠂ ᠬᠦᠭᠡ ᠵᠢᠷᠤᠭ᠂ ᠵᠢᠷᠤᠭ ᠬᠦᠰᠦᠨᠦᠭ᠌ᠲᠦ᠂ ᠳᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ᠎ᠶ᠋ᠢᠨ ᠲᠡᠦᠬᠡᠨ ᠲᠡᠮᠳᠡᠭ᠌ᠯᠡᠯ᠎ᠢ ᠵᠢᠭᠠᠵᠤ ᠪᠤᠶ᠃
ᠣᠢᠯᠠᠭᠠᠭ᠍ᠰᠠᠨ᠎ᠢᠶᠠᠷ᠂ ᠲᠣᠰ ᠲᠣᠭ᠍ᠲᠠᠭᠠᠯ ᠨᠢ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠢ ᠪᠦᠲᠦᠮᠵᠢᠲᠡᠶ ᠬᠠᠮᠠᠭᠠᠯᠠᠨ ᠠᠱᠢᠭ᠍ᠯᠠᠵᠤ᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠦᠨ ᠮᠡᠳᠡᠭᠡ ᠵᠠᠩᠭᠢᠵᠢᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠦᠨ ᠬᠣᠲᠠ᠎ᠶ᠋ᠢᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠵᠠᠰᠠᠯᠲᠠ ᠳᠤᠮᠳᠠᠬᠢ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠎ᠪᠠᠷ ᠵᠣᠷᠢᠯᠭ᠎ᠠ᠎ᠪᠠᠨ ᠪᠣᠯᠭᠠᠵᠠᠶ᠃
ᠲᠣᠭ᠍ᠲᠠᠭᠠᠯ᠎ᠢ ᠦᠨᠳᠦᠰᠦᠯᠡᠪᠡᠯ᠂ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠨᠢᠭᠡᠴᠢ ᠨᠢ ᠪᠠᠷᠢᠯᠭ᠎ᠠ᠎ᠶ᠋ᠢᠨ ᠠᠵᠢᠯ ᠳᠠᠭᠤᠰᠤᠭ᠍ᠰᠠᠨᠢ ᠱᠢᠯᠭᠠᠨ ᠠᠪᠴᠤ᠌ ᠳᠠᠩᠰᠠᠯᠠᠬᠤ᠎ᠡᠴᠡ ᠡᠮᠦᠨ᠎ᠡ ᠪᠠᠷᠢᠯᠭ᠎ᠠ᠎ᠶ᠋ᠢᠨ ᠳᠠᠩᠰᠠ ᠡᠪᠬᠡᠮᠡᠯ᠎ᠢ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠦᠨ ᠪᠠᠢᠭᠤᠯᠤᠮᠵᠢ᠎ᠳᠤ ᠱᠢᠯᠵᠢᠭᠦᠯᠦᠨ ᠲᠤᠱᠢᠶᠠᠬᠤ ᠬᠡᠷᠡᠭ᠌ᠲᠡᠶ᠃ ᠪᠠᠷᠢᠯᠭ᠎ᠠ ᠳᠠᠭᠤᠰᠤᠭ᠍ᠰᠠᠨᠢ ᠱᠢᠯᠭᠠᠨ ᠬᠤᠷᠢᠶᠠᠵᠤ ᠳᠠᠩᠰᠠᠯᠠᠭᠤᠯᠤᠭ᠍ᠰᠠᠨ᠎ᠤ ᠳᠠᠷᠠᠭ᠎ᠠ ᠪᠣᠶ ᠪᠣᠯᠤᠭ᠍ᠰᠠᠨ ᠪᠠᠷᠢᠯᠭ᠎ᠠ᠎ᠶ᠋ᠢᠨ ᠲᠠᠩᠰᠠ ᠡᠪᠬᠡᠮᠡᠯ᠎ᠢ ᠪᠠᠷᠢᠯᠭ᠎ᠠ ᠳᠠᠭᠤᠰᠤᠭ᠍ᠰᠠᠨᠢ ᠱᠢᠯᠭᠠᠨ ᠬᠤᠷᠢᠶᠠᠵᠤ ᠳᠠᠩᠰᠠᠯᠠᠭᠤᠯᠤᠭ᠍ᠰᠠᠨ᠎ᠤ ᠳᠠᠷᠠᠭ᠎ᠠ ᠭᠤᠷᠪᠠᠨ ᠰᠠᠷ᠎ᠠ᠎ᠶ᠋ᠢᠨ ᠳᠣᠲᠣᠷ᠎ᠠ ᠱᠢᠯᠵᠢᠭᠦᠯᠦᠨ ᠲᠤᠱᠢᠶᠠᠬᠤ ᠬᠡᠷᠡᠭ᠌ᠲᠡᠶ᠃
ᠲᠣᠭ᠍ᠲᠠᠭᠠᠯ᠎ᠳᠤ᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠩᠰᠠ ᠡᠪᠬᠡᠮᠡᠯ᠎ᠢ ᠬᠠᠤᠯᠢ ᠶᠣᠰᠣᠭᠠᠷ ᠨᠡᠢᠭᠡᠮ᠎ᠳᠦ ᠴᠢᠯᠥᠭᠡᠲᠡᠶ ᠨᠡᠭᠡᠭᠡᠬᠦ᠌ ᠬᠡᠷᠡᠭ᠌ᠲᠡᠶ᠃ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠦᠨ ᠪᠠᠢᠭᠤᠯᠤᠮᠵᠢ ᠨᠢ ᠨᠣᠮ᠎ᠤᠨ ᠰᠠᠩ ᠪᠠ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠢ ᠢᠳᠡᠪᠬᠢᠲᠡᠶ᠎ᠪᠡᠷ ᠨᠡᠭᠡᠭᠡᠨ ᠠᠱᠢᠭ᠍ᠯᠠᠵᠤ᠂ ᠬᠣᠲᠠ᠎ᠶ᠋ᠢᠨ ᠲᠥᠯᠥᠪᠵᠢᠭᠦᠯᠭᠡ᠂ ᠬᠣᠲᠠ᠎ᠶ᠋ᠢᠨ ᠱᠢᠨᠡᠳᠭᠡᠯ᠂ ᠲᠡᠦᠬᠡ ᠰᠣᠶᠣᠯ᠎ᠤᠨ ᠬᠠᠮᠠᠭᠠᠯᠠᠯᠲᠠ ᠠᠱᠢᠭ᠍ᠯᠠᠯᠲᠠ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ᠂ ᠬᠣᠲᠠ᠎ᠶ᠋ᠢᠨ ᠮᠡᠳᠡᠭᠡ ᠵᠠᠩᠭᠢ᠎ᠶ᠋ᠢᠨ ᠵᠠᠭ᠍ᠪᠤᠷ (CIM) ᠤ᠋ᠨ ᠲᠠᠪᠴᠠᠩ ᠵᠡᠷᠭᠡ᠎ᠳᠦ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ ᠲᠤᠳᠤᠷᠬᠠᠢᠯᠠᠪᠠ᠃
ᠢᠷᠡᠯᠳᠡ᠄ ᠰᠢᠨᠬᠤᠸᠠ ᠬᠤᠷᠢᠶ᠎ᠠ