ᠤᠢᠷ᠎ᠠ ᠵᠢᠨ ᠡᠳᠦᠷ᠂ 《ᠠᠷᠠᠳ᠎ᠤᠨ ᠡᠳᠦᠷ ᠤᠨ ᠰᠤᠨᠢᠨ》 2024 — 2025 ᠤᠨ ᠤ ᠤᠯᠤᠰ ᠤᠨ ᠰᠤᠷᠤᠯᠭ᠎ᠠ ᠵᠢᠨ ᠱᠠᠩᠨᠠᠯ ᠤᠨ ᠮᠦᠩᠬᠦ ᠵᠢ ᠬᠦᠷᠳᠡᠭᠰᠡᠨ ᠰᠤᠷᠤᠬᠴᠢ ᠵᠢᠨ ᠲᠦᠯᠦᠭᠡᠯᠡᠭᠴᠢ ᠵᠢᠨ ᠨᠡᠷᠡᠰ ᠢ ᠨᠡᠢᠳᠡᠯᠡᠵᠦ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠶᠡᠬᠡ ᠰᠤᠷᠭᠠᠭᠤᠯᠢ ᠵᠢᠨ ᠬᠤᠪᠤᠷ ᠰᠢᠷᠤᠢ ᠵᠢᠨ ᠠᠵᠤ ᠦᠢᠯᠡᠰ᠎ᠤᠨ ᠲᠡᠭᠡᠳᠤ ᠰᠤᠷᠭᠠᠭᠤᠯᠢ ᠵᠢᠨ ᠲᠡᠮᠦᠷᠯᠢᠭ ᠪᠤᠯᠪᠠᠰᠤᠷᠠᠭᠤᠯᠬᠤ ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ 2022 ᠤᠨ᠎ᠤ ᠰᠤᠷᠤᠬᠴᠢ ᠯᠢ ᠶᠠᠨ᠂ ᠪᠦᠬᠦ ᠤᠯᠤᠰ᠎ᠤᠨ 12 ᠲᠦᠮᠡᠨ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠦᠩᠬᠦ ᠵᠢ ᠬᠦᠷᠳᠡᠭᠰᠡᠨ ᠵᠢᠩᠬᠢᠨᠢ ᠠᠩᠬᠢ ᠪᠤᠯᠤᠨ ᠲᠤᠰᠬᠠᠢ ᠮᠡᠷᠭᠡᠵᠢᠯ᠎ᠤᠨ ᠠᠩᠬᠢ ᠵᠢᠨ ᠤᠶᠤᠳᠠᠳ᠎ᠤᠨ ᠲᠤᠳᠤᠷ᠎ᠠ ᠡᠴᠡ ᠴᠤᠯᠭᠤᠷᠠᠨ ᠭᠠᠷᠴᠦ᠂ 100 ᠨᠡᠷᠡᠰ ᠵᠢᠩᠬᠢᠨᠢ ᠠᠩᠬᠢ ᠪᠤᠯᠤᠨ ᠲᠤᠰᠬᠠᠢ ᠮᠡᠷᠭᠡᠵᠢᠯ ᠤᠨ ᠠᠩᠬᠢ ᠵᠢᠨ ᠤᠶᠤᠳᠠᠨᠤ ᠰᠢᠯᠢᠳᠡᠭ ᠲᠦᠯᠦᠭᠡᠯᠡᠭᠴᠢ ᠵᠢᠨ ᠨᠡᠷᠡᠰ ᠲᠤ᠌ ᠵᠢᠬᠰᠠᠭᠠᠬᠳᠠᠵᠦ᠂ ᠦᠪᠡᠷᠳᠡᠭᠡᠨ ᠵᠠᠰᠠᠬᠤ ᠤᠷᠤᠨ ᠤ ᠴᠤᠷ ᠤ᠋ᠨ ᠭᠠᠬᠴᠠ ᠰᠤᠩᠭᠤᠬᠳᠠᠨ ᠤᠷᠤᠬᠰᠠᠨ ᠵᠢᠩᠬᠢᠨᠢ ᠠᠩᠬᠢ ᠵᠢᠨ ᠤᠶᠤᠳᠠᠨ ᠪᠤᠯᠤᠬᠰᠠᠨ ᠪᠠᠢᠨ᠎ᠠ᠃
ᠤᠢᠯᠠᠭᠠᠬᠰᠠᠨ ᠵᠢᠡᠷ᠂ ᠯᠢ ᠶᠠᠨ ᠰᠤᠷᠭᠠᠭᠤᠯᠢ ᠳ᠋ᠤ ᠤᠷᠤᠬᠰᠠᠨ ᠡᠴᠡ ᠨᠠᠭᠠᠰᠢ ᠬᠤᠪᠤᠷ ᠰᠢᠷᠤᠢ ᠵᠢᠨ ᠮᠠᠲᠸᠷᠢᠶᠠᠯ᠎ᠤᠨ ᠰᠢᠨᠵᠢᠯᠡᠬᠦ ᠤᠬᠠᠭᠠᠨ ᠤ ᠰᠤᠳᠤᠯᠭᠠᠨ ᠳ᠋ᠤ ᠢᠳᠡᠪᠬᠢᠯᠠᠨ ᠤᠷᠤᠯᠴᠠᠵᠦ᠂ ᠰᠤᠷᠭᠠᠭᠤᠯᠢ ᠵᠢᠨ ᠵᠢᠡᠨ《ᠲᠡᠷᠢᠭᠦᠨ᠎ᠤ ᠬᠤᠪᠤᠷ ᠰᠢᠷᠤᠢ ᠵᠢᠨ ᠲᠡᠮᠦᠷᠯᠢᠭ᠎ᠤᠨ ᠸᠠᠭᠠᠷ ᠮᠠᠲᠸᠷᠢᠶᠠᠯ》 ᠤ᠋ᠨ ᠰᠢᠨᠵᠢᠯᠡᠬᠦ ᠤᠬᠠᠭᠠᠨ ᠤ ᠰᠤᠳᠤᠯᠭᠠᠨ᠎ᠤ ᠪᠦᠯᠬᠦᠮ ᠳ᠋ᠤ ᠲᠦᠰᠢᠭᠯᠡᠨ᠂ ᠬᠤᠪᠤᠷ ᠰᠢᠷᠤᠢ ᠵᠢᠨ ᠲᠡᠮᠦᠷᠯᠢᠭ᠎ᠤᠨ ᠸᠠᠭᠠᠷ ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠭᠤᠮᠳᠠ ᠰᠢᠪᠳᠤᠯᠤᠯᠳᠠ ᠳ᠋ᠤ ᠭᠠᠷᠮᠠᠭᠠᠢᠯᠠᠵᠦ᠂ ᠰᠤᠳᠤᠯᠭᠠᠨ᠎ᠤ ᠦᠷ᠎ᠠ ᠪᠦᠳᠦᠭᠡᠯ ᠨᠢ ᠤᠯᠤᠰ᠎ᠤᠨ ᠦᠢᠯᠡᠳᠪᠦᠷᠢᠯᠡᠭᠰᠡᠨ ᠪᠠᠮᠪᠠᠢ ᠪᠦᠳᠦᠴᠡ ᠵᠢᠨ ᠮᠠᠰᠢᠨ ᠤ ᠦᠩᠬᠦᠷᠢᠭᠡ ᠬᠢᠳᠤᠭ᠎ᠠ ᠵᠢᠨ ᠬᠢᠳᠤᠭᠠᠨ ᠴᠠᠭᠠᠷᠢᠭ᠎ᠤᠨ ᠭᠠᠳᠠᠭᠠᠳᠤ ᠡᠴᠡ ᠤᠷᠤᠭᠤᠯᠬᠤ 《 ᠪᠤᠭᠤᠮᠢ 》 ᠠᠰᠠᠭᠤᠳᠠᠯ᠎ᠢ ᠰᠢᠢᠳᠪᠦᠷᠢᠯᠡᠵᠦ᠂ ᠲᠡᠷᠡᠴᠢᠯᠡᠨ ᠬᠤᠪᠤᠷ ᠰᠢᠷᠤᠢ ᠵᠢᠨ ᠲᠡᠮᠦᠷᠯᠢᠭ᠎ᠤᠨ ᠸᠠᠭᠠᠷ᠎ᠤᠨ ᠮᠠᠲᠸᠷᠢᠶᠠᠯ᠎ᠤᠨ ᠦᠨᠳᠤᠷ ᠲᠤᠯᠠᠭᠠᠨ᠎ᠤ ᠨᠡᠢᠯᠡᠯᠭᠡ ᠵᠢ ᠠᠵᠤ ᠦᠢᠯᠡᠰᠵᠢᠬᠦᠯᠬᠦ ᠵᠢ ᠲᠡᠷᠢᠭᠦᠯᠡᠨ ᠪᠡᠶᠡᠯᠡᠬᠦᠯᠵᠦ᠂ ᠮᠠᠨ ᠪ ᠤᠯᠤᠰ᠎ᠤᠨ ᠬᠤᠪᠤᠷ ᠰᠢᠷᠤᠢ ᠵᠢᠨ ᠠᠵᠤ ᠦᠢᠯᠡᠰ᠎ᠤᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠭᠰᠡᠨ ᠪᠠᠢᠨ᠎ᠠ᠃
ᠯᠢ ᠶᠠᠨ ᠪᠠᠰᠠ ᠰᠢᠨᠵᠢᠯᠡᠭᠡᠨ᠎ᠤ ᠰᠠᠯᠠᠭᠠᠨ᠎ᠤ ᠤᠷᠤᠯᠳᠤᠭᠠᠨ ᠪᠤᠯᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠤᠢᠯᠡᠳᠦᠯᠭᠡ ᠳ᠋ᠤ ᠢᠳᠡᠪᠬᠢᠯᠠᠨ ᠤᠷᠤᠯᠴᠠᠵᠦ᠂ ᠤᠯᠠᠨ ᠲᠠᠯ᠎ᠠ ᠪᠡᠷ ᠦᠪᠡᠷ᠎ᠤᠨ ᠬᠡᠪ ᠪᠤᠯᠪᠠᠰᠤᠷᠠᠯ ᠵᠢᠡᠨ ᠲᠡᠭᠡᠭᠰᠢᠯᠡᠬᠦᠯᠵᠦ ᠠᠯᠳᠠᠷ ᠨᠡᠷ᠎ᠠ ᠪᠡᠨ ᠲᠠᠭᠤᠷᠢᠰᠤᠭᠤᠯᠵᠦ ᠶᠠᠪᠤᠬᠰᠠᠨ ᠪᠠᠢᠨ᠎ᠠ᠃ ᠶᠡᠬᠡ ᠰᠤᠷᠭᠠᠭᠤᠯᠢ ᠳ᠋ᠤ ᠤᠷᠤᠬᠰᠠᠨ ᠡᠴᠡ ᠨᠠᠭᠠᠰᠢ ᠲᠡᠷᠡ ᠡᠷᠳᠡᠮ ᠰᠢᠨᠵᠢᠯᠡᠭᠡᠨ ᠤ ᠦᠬᠦᠯᠡᠯᠢ 4 ᠨᠡᠢᠳᠡᠯᠡᠵᠦ᠂ ᠨᠢᠭᠡᠳᠦᠭᠡᠷ ᠡᠭᠦᠳᠦᠭᠴᠢ ᠵᠢᠨ ᠬᠤᠪᠢ ᠪᠡᠷ ᠡᠷᠭᠡ ᠤᠯᠭᠤᠬᠰᠠᠨ ᠬᠡᠷᠡᠭᠯᠡᠭᠡᠨ᠎ᠤ ᠰᠢᠨ᠎ᠠ ᠬᠡᠯᠪᠡᠷᠢ ᠵᠢᠨ ᠲᠤᠰᠬᠠᠢ ᠠᠰᠢᠭ ᠢ 2 ᠬᠦᠷᠳᠡᠵᠦ᠂ ᠡᠭᠦᠳᠤᠯᠳᠠ ᠵᠢᠨ ᠲᠤᠰᠬᠠᠢ ᠠᠰᠢᠭ᠎ᠢ 2 ᠡᠷᠡᠮᠡᠯᠵᠡᠭᠰᠡᠨ ᠪᠠᠢᠨ᠎ᠠ᠃ ᠲᠡᠭᠦᠨ᠎ᠤ ᠲᠦᠷᠦᠬᠦᠯᠡᠨ ᠤᠷᠤᠯᠴᠠᠬᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠦᠷᠤᠯ ᠵᠦᠢᠯ ᠨᠡᠢᠳᠡ ᠲᠦᠴᠢ ᠭᠠᠷᠤᠢ ᠲᠦᠷᠤᠯ᠎ᠤᠨ ᠤᠷᠤᠯᠳᠤᠭᠠᠨ᠎ᠤ ᠢᠷᠠᠭᠤ ᠠᠯᠳᠠᠷ᠎ᠢ ᠬᠦᠷᠳᠡᠵᠦ᠂ 2025 ᠤᠨ᠎ᠤ ᠲᠤᠮᠳᠠᠳᠤ ᠤᠯᠤᠰ᠎ᠤᠨ ᠤᠯᠠᠨ ᠤᠯᠤᠰ᠎ᠤᠨ ᠤᠶᠤᠳᠠᠨ ᠤ ᠰᠢᠨ᠎ᠠ ᠵᠢ ᠡᠭᠦᠳᠬᠦ ᠶᠡᠬᠡ ᠤᠷᠤᠯᠳᠤᠭᠠᠨ᠎ᠤ ᠪᠦᠬᠦ ᠤᠯᠤᠰ ᠤ᠋ᠨ ᠶᠡᠷᠦᠩᠬᠡᠢ ᠰᠢᠢᠳᠪᠦᠷᠢᠳᠤ ᠤᠷᠤᠯᠳᠤᠭᠠᠨ᠎ᠤ ᠠᠯᠳᠠᠨ ᠱᠠᠩᠨᠠᠯ ᠳᠤ ᠪᠠᠭᠳᠠᠵᠠᠢ᠃ ᠲᠡᠷᠡ ᠪᠠᠰᠠ 《ᠪᠦᠬᠦ ᠤᠷᠤᠨ ᠤ ᠤᠶᠤᠳᠠᠨᠤ ᠤᠨ᠎ᠤ ᠰᠤᠳᠤᠨ》 ᠵᠢᠡᠷ ᠠᠯᠳᠠᠷ ᠨᠡᠷ᠎ᠠ ᠪᠡᠨ ᠮᠢᠯᠢᠶᠠᠯᠭᠠᠭᠰᠠᠨ ᠪᠠᠢᠨ᠎ᠠ᠃