ᠲᠤᠰ ᠰᠤᠷᠭᠠᠭᠤᠯᠢ᠎ᠶ᠋ᠢᠨ 2 ᠲᠦᠷᠦᠯ ᠵᠦᠢᠯ ᠳᠤᠮᠳᠠᠳᠤ ᠤᠯᠤᠰ᠎ᠦᠨ ᠵᠠᠰᠠᠭ᠎ᠦᠨ ᠣᠷᠳᠣᠨ᠎ᠤ ᠱᠠᠩᠨᠠᠯ᠎ᠤᠨ ᠮᠥᠩᠭᠥ᠎ᠶ᠋ᠢᠨ ᠲᠤᠰᠠᠯᠠᠮᠵᠢ᠎ᠶ᠋ᠢ ᠣᠯᠪᠠ
2026-05-18 11:24:48
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠤᠯᠤᠰ᠎ᠤᠨ ᠭᠠᠳᠠᠭᠠᠳᠤ᠎ᠳᠤ ᠰᠤᠷᠤᠯᠴᠠᠬᠤ ᠰᠠᠭᠤᠷᠢ ᠮᠥᠩᠭᠥᠨ᠎ᠦ ᠬᠠᠮᠢᠶᠠᠷᠤᠯᠲᠠ᠎ᠶ᠋ᠢᠨ ᠵᠥᠪᠯᠡᠯ 2026 ᠣᠨ᠎ᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠤᠷᠤᠯᠭ᠎ᠠ᠎ᠶ᠋ᠢᠨ ᠱᠠᠩᠨᠠᠯ᠎ᠤᠨ ᠮᠥᠩᠭᠥ᠎ᠶ᠋ᠢᠨ ᠣᠯᠠᠨ ᠤᠯᠤᠰ᠎ᠤᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠰᠤᠷᠭᠠᠭᠤᠯᠢ᠎ᠶ᠋ᠢᠨ ᠲᠥᠷᠥᠯ ᠵᠦᠶ᠋ᠯ᠎ᠢ ᠵᠣᠭᠣᠰ᠎ᠢᠶᠠᠷ ᠲᠤᠰᠠᠯᠠᠭ᠍ᠰᠠᠨ ᠦᠷ᠎ᠡ ᠳ᠋ᠦᠩ ᠪᠠ 2026 — 2027 ᠰᠤᠷᠤᠯᠭ᠎ᠠ᠎ᠶ᠋ᠢᠨ ᠣᠨ᠎ᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠤᠷᠤᠯᠭ᠎ᠠ᠎ᠶ᠋ᠢᠨ ᠱᠠᠩᠨᠠᠯ᠎ᠤᠨ ᠮᠥᠩᠭᠥ᠎ᠶ᠋ᠢᠨ 《ᠥᠨᠳᠥᠷ ᠲᠦᠪᠱᠢᠨ ᠪᠥᠬᠥᠶ ᠠᠰᠫᠢᠷᠠᠨᠲ》 ᠎ᠤ᠋ᠨ ᠲᠥᠷᠥᠯ ᠵᠦᠶ᠋ᠯ᠎ᠦᠨ ᠡᠯᠰᠡᠭ᠌ᠰᠡᠨ ᠦᠷ᠎ᠡ ᠳ᠋ᠦᠩ᠎ᠢ ᠨᠡᠢᠲᠡᠯᠡᠪᠡ᠃

ᠦᠪᠦᠷ ᠮᠤᠨᠭᠭᠤᠯ᠎ᠦᠨ ᠲᠠᠷᠢᠶᠠᠯᠠᠩ᠎ᠦᠨ ᠶᠡᠭᠡ ᠰᠤᠷᠭᠠᠭᠤᠯᠢ᠎ᠶ᠋ᠢᠨ ᠮᠡᠳᠡᠭᠦᠯᠦᠭ᠌ᠰᠡᠨ 2 ᠲᠥᠷᠥᠯ ᠵᠦᠶ᠋ᠯ ᠨᠢ ᠤᠯᠤᠰ᠎ᠤᠨ ᠭᠠᠳᠠᠭᠠᠳᠤ᠎ᠳᠤ ᠰᠤᠷᠤᠯᠴᠠᠬᠤ ᠰᠠᠭᠤᠷᠢ ᠮᠥᠩᠭᠥᠨ᠎ᠦ ᠵᠥᠪᠯᠡᠯ᠎ᠦᠨ ᠲᠤᠰᠠᠯᠠᠮᠵᠢ᠎ᠶ᠋ᠢ ᠣᠯᠤᠭ᠍ᠰᠠᠨ ᠪᠥᠭᠡᠳ 2026 — 2027 ᠰᠤᠷᠤᠯᠭ᠎ᠠ᠎ᠶ᠋ᠢᠨ ᠣᠨ᠎ᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠤᠷᠤᠯᠭ᠎ᠠ᠎ᠶ᠋ᠢᠨ ᠱᠠᠩᠨᠠᠯ᠎ᠤᠨ ᠮᠥᠩᠭᠥ᠎ᠶ᠋ᠢᠨ 《ᠥᠨᠳᠥᠷ ᠬᠢᠷᠢ ᠲᠦᠪᠱᠢᠨ ᠪᠥᠬᠥᠶ ᠠᠰᠫᠢᠷᠠᠨᠲ》᠎ᠤ᠋ᠨ ᠲᠦᠷᠦᠯ ᠵᠦᠢᠯ ᠳ᠋ᠤ ᠳ᠋ᠣᠺᠲ᠋ᠣᠷᠠᠨᠲ ᠡᠯᠰᠡᠬᠦ᠌ ᠣᠷᠣᠨ ᠲᠣᠭ᠎ᠠ᠎ᠶ᠋ᠢᠨ 3 ᠤᠷᠤᠨ ᠲᠤᠭ᠎ᠠ ᠵᠢᠨ ᠵᠥᠪᠱᠢᠶᠡᠷᠡᠯ᠎ᠢ ᠤᠯᠵᠤ᠂ ᠣᠢᠷ᠎ᠠ᠎ᠶ᠋ᠢᠨ ᠭᠤᠷᠪᠠᠨ ᠵᠢᠯ᠎ᠦᠨ ᠲᠤᠷᠱᠢᠬᠢ ᠳ᠋ᠣᠺᠲ᠋ᠣᠷᠠᠨᠲ ᠡᠯᠰᠡᠬᠦ ᠤᠷᠤᠨ ᠲᠤᠭ᠎ᠠ ᠵᠢ ᠤᠯᠤᠭᠰᠠᠨ ᠱᠢᠨ᠎ᠡ ᠥᠨᠳᠥᠷ᠎ᠢ ᠡᠭᠦᠳᠴᠡᠶ᠃ ᠡᠨᠡ ᠨᠢ ᠦᠪᠦᠷ ᠮᠤᠨᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠰᠢᠨ᠎ᠡ ᠰᠢᠪᠳᠤᠯᠤᠯᠳᠠ ᠪᠤᠯᠤᠨ᠎ᠠ᠃ ᠣᠢᠯᠠᠭᠠᠭ᠍ᠰᠠᠨ᠎ᠢᠶᠠᠷ᠂ 2026 ᠣᠨ᠎ᠳᠤ ᠪᠥᠬᠥ᠌ ᠣᠷᠣᠨ᠎ᠤ ᠬᠣᠶᠠᠷᠬᠠᠨ ᠶᠡᠬᠡ ᠳᠡᠭᠡᠳᠦ ᠰᠤᠷᠭᠠᠭᠤᠯᠢ ᠲᠣᠰ ᠲᠥᠷᠥᠯ ᠵᠦᠶ᠋ᠯ᠎ᠦᠨ ᠲᠤᠰᠠᠯᠠᠮᠵᠢ᠎ᠶ᠋ᠢ ᠭᠥᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号