ᠣᠷᠳᠣᠰ ᠬᠣᠲᠠ ᠵᠢᠨ ᠦᠨᠳᠦᠰᠦᠲᠡᠨ ᠤ᠋ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠡᠬᠢᠯᠡᠯᠳᠡ ᠶ᠋ᠢᠨ ᠶᠤᠰᠤᠯᠠᠯ ᠡᠵᠡᠨ ᠬᠤᠷᠤᠭ᠎ᠠ ᠬᠤᠰᠢᠭᠤᠨ ᠳ᠋ᠤ ᠶᠠᠪᠤᠭᠳᠠᠪᠠ
2026-05-18 10:37:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠣᠷᠳᠣᠰ ᠬᠣᠲᠠ ᠵᠢᠨ ᠦᠨᠳᠦᠰᠦᠲᠡᠨ ᠤ᠋ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠡᠬᠢᠯᠡᠯᠳᠡ ᠶ᠋ᠢᠨ ᠶᠤᠰᠤᠯᠠᠯ ᠡᠵᠡᠨ ᠬᠤᠷᠤᠭ᠎ᠠ ᠬᠤᠰᠢᠭᠤᠨ ᠳ᠋ᠤ ᠶᠠᠪᠤᠭᠳᠠᠪᠠ᠃ ᠲᠣᠰ ᠠᠵᠢᠯᠯᠠᠭ᠎ᠠ 《ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢ ᠠᠬᠢᠭᠤᠯᠵᠤ᠂ ᠬᠠᠤᠯᠢ ᠵᠢ ᠪᠥᠬᠥ ᠲᠠᠯ᠎ᠠ ᠪᠠᠷ ᠰᠤᠷᠤᠯᠴᠠᠨ ᠤᠬᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠢᠱ᠌ᠢᠶᠡᠴᠢ ᠬᠣᠲᠠ ᠵᠢ ᠬᠠᠮᠲᠤ ᠪᠠᠷ ᠪᠦᠲᠦᠭᠡᠨ ᠪᠠᠶ᠋ᠢᠭᠤᠯᠬᠤ 》 ᠪᠡᠷ ᠭᠣᠣᠯ ᠰᠡᠳᠦᠪ ᠪᠣᠯᠭᠠᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠦᠷ᠎ᠡ ᠪᠦᠲᠦᠭᠡᠯ ᠤ᠋ᠨ ᠦᠵᠡᠭᠦᠯᠭᠡ᠂ ᠰᠣᠶᠣᠯ ᠤ᠋ᠨ ᠣᠢᠯᠠᠭᠠᠯᠲᠠ᠂ ᠠᠷᠠᠳ ᠲᠤ᠌ ᠠᠰᠢᠭ᠋ ᠬᠦᠷᠲᠡᠭᠡᠬᠦ ᠦᠢᠯᠡᠴᠢᠯᠡᠭᠡ᠂ ᠰᠤᠨᠢᠷᠬᠠᠯᠳᠤ  ᠠᠰᠠᠭᠤᠯᠳᠠ ᠬᠠᠷᠢᠭᠤᠯᠬᠤ ᠠᠵᠢᠯᠯᠠᠭ᠎ᠠ᠂ ᠣᠨᠴᠠᠯᠢᠭ᠍ᠲᠤ  ᠪᠦᠲᠦᠭᠡᠭᠳᠡᠬᠦᠨ ᠤ᠋ ᠳᠡᠯᠭᠡᠨ ᠪᠣᠷᠣᠯᠠᠭᠤᠯᠭ᠎ᠠ᠂ ᠬᠣᠰᠢᠭᠤ ᠳᠤᠭᠤᠷᠢᠭ ᠤ᠋ᠨ ᠦᠷ᠎ᠡ ᠪᠦᠲᠦᠭᠡᠯ ᠤ᠋ᠨ ᠦᠵᠡᠬᠦᠯᠭᠡ ᠵᠡᠷᠭᠡ ᠠᠷᠪᠢᠨ ᠠᠭᠤᠯᠭ᠎ᠠ ᠪᠡᠷ ᠶᠠᠪᠤᠭᠳᠠᠵᠠᠢ᠃  ᠵᠢᠷᠤᠭ ᠪᠤᠯ ᠠᠵᠢᠯᠲᠠᠳ ᠬᠣᠲᠠ ᠵᠢᠨ ᠠᠷᠠᠳ ᠲᠤ᠌ ᠦᠨᠳᠦᠰᠦᠲᠡᠨ ᠤ᠋ ᠲᠥᠷᠥ ᠵᠢᠨ ᠪᠣᠳᠣᠯᠭ᠎ᠠ ᠵᠢ ᠲᠠᠢᠯᠪᠤᠷᠢᠯᠠᠨ ᠥᠭᠴᠦ ᠪᠠᠢᠭ᠎ᠠ ᠨᠢ᠃


QQ20260518-102608.png


ᠲᠤᠰ ᠰᠤᠨᠢᠨ᠎ᠤ ᠰᠤᠷᠪᠤᠯᠵᠢᠯᠠᠭᠴᠢ ᠪᠤᠶᠠᠠᠡᠨᠡᠷᠢᠯ ᠰᠡᠭᠦᠳᠡᠷᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号