ᠰᠤᠷᠪᠤᠯᠵᠢᠯᠠᠭ᠍ᠴᠢ 5 ᠰᠠᠷ᠎ᠠ᠎ᠶ᠋ᠢᠨ 14 ᠤ᠋ ᠡᠳᠦᠷ ᠡᠳ᠋᠎ᠦᠨ ᠵᠠᠰᠠᠭ᠎ᠤᠨ ᠶᠠᠮᠤᠨ᠎ᠡᠴᠡ ᠣᠢᠯᠠᠭᠠᠭ᠍ᠰᠠᠨ᠎ᠢᠶᠡᠷ᠂ ᠲᠥᠪ᠎ᠦᠨ ᠡᠳ᠋᠎ᠦᠨ ᠵᠠᠰᠠᠭ ᠣᠢᠷ᠎ᠠ᠎ᠳᠤ ᠦᠷᠭᠦᠯᠵᠢᠯᠡᠨ 5 ᠳ᠋ᠦᠩᠱᠢᠭᠤᠷ ᠲᠥᠭᠥᠷᠢᠭ᠎ᠦᠨ ᠱᠠᠩᠨᠠᠯ ᠪᠠ ᠨᠥᠬᠥᠪᠥᠷᠢ᠎ᠶ᠋ᠢᠨ ᠪᠠᠯᠠ ᠮᠥᠩᠭᠥ᠌ ᠲᠣᠬᠢᠷᠠᠭᠤᠯᠵᠤ᠂ 4.1 ᠲᠦᠮᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠤᠨᠴᠠᠯᠢᠭ᠍ᠳᠤ ᠰᠤᠷᠭᠠᠭᠤᠯᠢ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ ᠵᠢᠴᠢ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠪᠡ᠃
ᠣᠢᠯᠠᠭᠠᠭ᠍ᠰᠠᠨ᠎ᠢᠶᠠᠷ᠂ 2025 ᠣᠨ᠎ᠡᠴᠡ 2026 ᠣᠨ ᠪᠣᠯᠲᠠᠯ᠎ᠠ ᠲᠥᠪ᠎ᠦᠨ ᠡᠳ᠋᠎ᠦᠨ ᠵᠠᠰᠠᠭ᠎ᠡᠴᠡ ᠨᠡᠢᠲᠡ 10 ᠳ᠋ᠦᠩᠱᠢᠭᠤᠷ ᠲᠥᠭᠥᠷᠢᠭ ᠲᠣᠬᠢᠷᠠᠭᠤᠯᠵᠤ᠂ ᠣᠷᠣᠨ ᠨᠤᠲᠤᠭ᠎ᠤᠨ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠣᠨᠴᠠᠯᠢᠭ᠍ᠲᠤ ᠰᠤᠷᠭᠠᠭᠤᠯᠢ᠎ᠶ᠋ᠢᠨ ᠪᠣᠯᠪᠠᠰᠤᠷᠠᠯ ᠪᠠ ᠤᠷᠤᠯᠳᠤᠭᠠᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠬᠦ᠌ ᠪᠠ ᠬᠥᠲᠥᠯᠥᠨ ᠵᠢᠯᠣᠭᠣᠳᠤᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠡᠳ᠋᠎ᠦᠨ ᠵᠠᠰᠠᠭ᠎ᠤᠨ ᠶᠠᠮᠤᠨ᠎ᠡᠴᠡ ᠣᠷᠣᠨ ᠨᠤᠲᠤᠭ᠎ᠢ ᠬᠥᠲᠥᠯᠥᠨ ᠵᠢᠯᠣᠭᠣᠳᠴᠤ᠌ ᠪᠠᠢᠭᠠᠳ ᠵᠠᠷᠤᠯᠭ᠎ᠠ᠎ᠶ᠋ᠢᠨ ᠪᠦᠲᠦᠴᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠣᠨᠴᠠᠯᠢᠭ᠍ᠲᠤ ᠰᠤᠷᠭᠠᠭᠤᠯᠢ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ ᠪᠠ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠡᠮᠬᠢ ᠵᠢᠷᠤᠮ᠎ᠲᠠᠶ ᠥᠷᠨᠢᠭᠦᠯᠬᠦ᠌᠎ᠶ᠋ᠢ ᠳᠡᠮᠵᠢᠵᠦ᠍᠂ ᠬᠥᠯ ᠪᠥᠮᠪᠥᠭᠡ᠎ᠶ᠋ᠢᠨ ᠴᠢᠳᠠᠪᠤᠷᠢᠲᠠᠨ᠎ᠢ ᠱᠢᠯᠢᠨ ᠰᠣᠩᠭᠣᠬᠤ ᠪᠠ ᠬᠥᠮᠦᠵᠢᠭᠦᠯᠬᠦ᠌᠎ᠳᠦ ᠬᠦᠴᠦᠨ ᠨᠡᠮᠡᠷᠢᠯᠡᠵᠦ᠍᠂ ᠬᠥᠯ ᠪᠥᠮᠪᠥᠭᠡ᠎ᠶ᠋ᠢᠨ ᠬᠥᠭ᠌ᠵᠢᠯ ᠮᠠᠨᠳᠤᠯ᠎ᠢ ᠠᠬᠢᠭᠤᠯᠤᠨ᠎ᠠ᠃
ᠢᠷᠡᠯᠳᠡ᠄ ᠰᠢᠨᠬᠤᠸᠠ ᠬᠤᠷᠢᠶ᠎ᠠ