ᠦᠷᠯᠦᠬᠡ ᠵᠢᠨ ᠨᠠᠷᠠᠨ᠎ᠢᠶᠡᠷ ᠬᠤᠯᠠ ᠭᠦᠶᠦᠬᠦ᠂ ᠬᠢᠴᠢᠶᠡᠯ᠎ᠤᠨ ᠵᠠᠪᠰᠠᠷᠯᠠᠭ᠎ᠠ ᠳ᠋ᠤ ᠬᠠᠨᠤᠳᠠᠯ᠎ᠠ ᠨᠠᠭᠠᠳᠬᠤ᠂ ᠤᠨᠴᠠᠯᠢᠭᠳᠤ ᠳᠠᠮᠢᠷ᠎ᠤᠨ ᠬᠦᠳᠡᠯᠭᠡᠭᠡᠨ ᠳ᠋ᠤ ᠢᠳᠡᠪᠬᠢᠳᠡᠢ ᠤᠷᠤᠯᠴᠠᠬᠤ ᠁ ᠡᠨᠡ ᠵᠢᠯ᠎ᠤᠨ 4 ᠰᠠᠷ᠎ᠠ ᠳ᠋ᠤ ᠦᠪᠡᠷᠳᠡᠬᠡᠨ ᠵᠠᠰᠬᠠᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠳᠤᠰᠬᠠᠢ ᠰᠡᠳᠦᠪᠳᠤ ᠠᠬᠢᠭᠤᠯᠬᠤ ᠬᠤᠷᠠᠯ ᠬᠢᠵᠦ᠂ ᠪᠦᠬᠦ ᠤᠷᠤᠨ᠎ᠤ ᠬᠡᠪᠴᠢᠶᠡᠨ ᠳ᠋ᠤ 《ᠡᠷᠡᠬᠦᠯ ᠮᠡᠨᠳᠤ ᠵᠢ ᠳᠡᠷᠢᠬᠦᠨ ᠳ᠋ᠤ ᠳᠠᠯᠪᠢᠬᠤ》 ᠠᠵᠢᠯ᠎ᠢ ᠬᠦᠨᠵᠡᠬᠡᠢ ᠨᠠᠢᠳᠠᠪᠤᠷᠢᠵᠢᠭᠤᠯᠵᠤ᠂ ᠨᠢᠬᠡ ᠪᠦᠯᠦᠭ ᠲᠦᠬᠡᠮᠡᠯᠵᠢᠬᠦᠯᠵᠤ ᠪᠤᠯᠬᠤ ᠵᠢᠱ᠌ᠢᠶ᠎ᠠ ᠦᠵᠡᠬᠦᠯᠬᠦ ᠰᠤᠷᠭᠠᠭᠤᠯᠢ ᠵᠢ ᠪᠤᠢ ᠪᠤᠯᠭᠠᠬᠤ ᠪᠡᠷ ᠳᠤᠳᠤᠷᠬᠠᠢ ᠱᠠᠭᠠᠷᠳᠠᠵᠠᠢ᠃ 《ᠡᠷᠡᠬᠦᠯ ᠮᠡᠨᠳᠤ ᠵᠢ ᠳᠡᠷᠢᠬᠦᠨ ᠳ᠋ᠤ ᠳᠠᠯᠪᠢᠬᠤ》 ᠤᠢᠯᠠᠭᠠᠭᠳᠠᠬᠤᠨ᠎ᠢ ᠨᠠᠢᠳᠠᠪᠤᠷᠢᠵᠢᠭᠤᠯᠬᠤ᠎ᠶᠢᠨ ᠭᠤᠤᠯᠳᠠᠯᠭ᠎ᠠ ᠨᠢ ᠰᠤᠷᠤᠭᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ᠎ᠢ ᠠᠬᠢᠭᠤᠯᠬᠤ᠂ ᠪᠡᠶ᠎ᠡ᠎ᠶᠢᠨ ᠲᠠᠮᠢᠷ᠎ᠤᠨ ᠬᠦᠮᠦᠵᠢᠯ᠎ᠢ ᠴᠢᠬᠤᠯᠠᠴᠢᠯᠠᠬᠤ ᠳ᠋ᠤ ᠪᠤᠢ᠃ ᠡᠨᠡ ᠲᠤᠬᠠᠢ ᠦᠪᠦᠷ ᠮᠤᠩᠭᠤᠯ᠎ᠤᠨ ᠡᠯ᠎ᠠ ᠱᠠᠳᠤᠨ᠎ᠤ ᠡᠯ᠎ᠠ ᠰᠤᠷᠭᠠᠭᠤᠯᠢ ᠦᠪᠡᠷ ᠦᠪᠡᠷ᠎ᠤᠨ ᠬᠠᠷᠢᠭᠤᠯᠳᠠ ᠪᠠᠨ ᠲᠤᠰᠢᠶᠠᠯ᠎ᠠ᠃

ᠳᠠᠮᠢᠷ᠎ᠤᠨ ᠬᠢᠴᠢᠶᠡᠯ᠎ᠢ ᠨᠢᠬᠡ ᠴᠤᠭᠴᠠᠵᠢᠭᠤᠯᠤᠨ ᠠᠬᠢᠭᠤᠯᠤᠨ᠎ᠠ
ᠬᠦᠯ ᠪᠦᠮᠪᠦᠬᠡ᠂ ᠰᠠᠭᠰᠤᠨ ᠪᠦᠮᠪᠦᠬᠡ᠂ ᠦᠳᠦᠨ ᠪᠦᠮᠪᠦᠬᠡ᠂ ᠫᠢᠩᠫᠤᠩ ᠪᠦᠮᠪᠦᠬᠡ ᠵᠢᠨ ᠤᠷᠤᠯᠳᠤᠭᠠᠨ ᠁ ᠤᠢᠷ᠎ᠠ ᠵᠢᠨ ᠡᠳᠦᠷ ᠬᠦᠬᠡᠬᠤᠳᠠ ᠵᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠬᠣᠶᠠᠳᠤᠭᠠᠷ ᠰᠤᠷᠭᠠᠭᠤᠯᠢ) ᠵᠢᠨ 《ᠨᠡᠷᠡᠨ ᠬᠡᠷᠡᠯᠳᠦ ᠪᠡᠶ᠎ᠡ᠎ᠶᠢᠨ ᠲᠠᠮᠢᠷ᠎ᠤᠨ ᠤᠯᠠᠷᠢᠯ》 ᠤ᠋ᠨ ᠠᠵᠢᠯᠯᠠᠭ᠎ᠠ ᠬᠦᠭᠵᠢᠶᠡᠨᠳᠡᠢ ᠶᠠᠪᠤᠭᠳᠠᠵᠤ᠂ ᠰᠤᠷᠤᠭ᠍ᠴᠢᠳ ᠡᠳᠦᠷ ᠪᠦᠷᠢ 2 ᠴᠠᠭ᠎ᠠᠴᠠ ᠳᠤᠲᠠᠭᠤ ᠦᠭᠡᠢ ᠪᠡᠶ᠎ᠡ᠎ᠶᠢᠨ ᠲᠠᠮᠢᠷ᠎ᠤᠨ ᠬᠦᠳᠡᠯᠬᠡᠬᠡᠨ ᠳ᠋ᠤ ᠤᠷᠤᠯᠴᠠᠬᠤ ᠵᠢ ᠦᠨᠡᠨ ᠬᠦ᠌ ᠪᠠᠳᠤᠯᠠᠵᠤ ᠪᠠᠢᠯ᠎ᠠ᠃ ᠳᠤᠰ ᠰᠤᠷᠭᠠᠭᠤᠯᠢ ᠵᠢᠯ ᠪᠦᠷᠢ ᠶ᠋ᠢᠨ 3 ᠰᠠᠷ᠎ᠠ ᠠ᠋ᠴᠠ 7 ᠰᠠᠷ᠎ᠠ ᠵᠢ ᠰᠤᠷᠭᠠᠭᠤᠯᠢ ᠶ᠋ᠢᠨ 《ᠨᠡᠷᠡᠨ ᠬᠡᠷᠡᠯᠳᠦ ᠪᠡᠶ᠎ᠡ᠎ᠶᠢᠨ ᠲᠠᠮᠢᠷ᠎ᠤᠨ ᠤᠯᠠᠷᠢᠯ》 ᠵᠢᠡᠷ ᠳᠤᠭᠳᠠᠭᠠᠵᠤ᠂ ᠤᠯᠠᠨ ᠵᠦᠢᠯ᠎ᠤᠨ ᠤᠷᠤᠯᠳᠤᠭᠠᠨ᠎ᠢ ᠵᠠᠯᠭᠠᠭ᠎ᠠ ᠪᠡᠷ ᠶᠠᠪᠤᠭᠳᠠᠭᠤᠯᠵᠤ᠂ ᠰᠤᠷᠤᠭᠴᠢ ᠨᠢᠬᠡᠪᠦᠷᠢ ᠵᠢᠨ ᠤᠷᠤᠯᠴᠠᠬᠤ ᠵᠢ ᠳᠠᠢᠴᠢᠯᠠᠳᠠᠭ᠃
ᠤᠨ ᠨᠢᠬᠡᠴᠢ ᠵᠢᠨ ᠬᠤᠭᠤᠷᠤᠨᠳᠤᠬᠢ ᠠᠯᠠᠭᠠᠳᠠᠬᠤ ᠪᠦᠮᠪᠦᠬᠡ᠂ ᠰᠠᠭᠰᠤᠨ ᠪᠦᠮᠪᠦᠬᠡ ᠵᠢᠨ ᠤᠷᠤᠯᠳᠤᠭᠠᠨ᠂ ᠬᠤᠪᠢ ᠬᠦᠮᠦᠨ᠎ᠤ ᠠᠪᠢᠶᠠᠰ ᠴᠢᠳᠠᠪᠤᠷᠢ ᠵᠢ ᠰᠤᠷᠢᠭᠰᠠᠨ ᠦᠳᠦᠨ ᠪᠦᠮᠪᠦᠬᠡ᠂ ᠫᠢᠩᠫᠤᠩ ᠪᠦᠮᠪᠦᠬᠡ ᠵᠢᠨ ᠤᠷᠤᠯᠳᠤᠭᠠᠨ᠂ ᠬᠦᠴᠦ ᠤᠬᠠᠭᠠᠨ ᠤᠷ᠎ᠠ ᠮᠡᠷᠬᠡᠵᠢᠯ᠎ᠢ ᠰᠤᠷᠢᠭᠰᠠᠨ ᠪᠦᠬᠡ ᠪᠠᠷᠢᠯᠳᠤᠭᠠᠨ᠂ ᠳᠡᠬᠡᠰᠤ ᠦᠰᠦᠷᠬᠦ ᠤᠷᠤᠯᠳᠤᠭᠠᠨ ᠵᠡᠷᠬᠡ ᠨᠢ ᠰᠤᠷᠤᠭᠴᠢᠳ᠎ᠤᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠵᠤ᠂ ᠰᠤᠷᠤᠭ᠍ᠴᠢᠳ᠎ᠲᠤ ᠪᠡᠶ᠎ᠡ ᠮᠠᠬᠠᠪᠤᠳ᠎ᠢᠶᠠᠨ ᠳᠠᠪᠲᠠᠨ ᠪᠣᠯᠪᠠᠰᠤᠷᠠᠭᠤᠯᠬᠤ᠂ ᠴᠣᠭ ᠵᠢᠪᠬᠤᠭ᠎ᠠ᠎ᠪᠠᠨ ᠭᠠᠢᠬᠠᠭᠤᠯᠬᠤ ᠲᠠᠪᠴᠠᠩ ᠬᠠᠩᠭᠠᠵᠤ᠂ ᠰᠤᠷᠤᠯᠭ᠎ᠠ᠎ᠶᠢᠨ ᠳᠠᠷᠤᠭᠠᠰᠤ᠎ᠶᠢ ᠪᠦᠲᠦᠮᠵᠢᠲᠡᠶ ᠬᠥᠩᠭᠡᠷᠡᠭᠦᠯᠦᠨ᠂ ᠨᠠᠷᠠᠨ ᠬᠡᠷᠡᠯᠳᠤ ᠦᠰᠦᠨ ᠪᠤᠢᠵᠢᠯᠳᠠ ᠵᠢ ᠵᠠᠯᠠᠭᠤ ᠨᠠᠰᠤᠨ᠎ᠤ ᠦᠵᠡᠰᠬᠦᠯᠡᠩᠲᠦ ᠰᠠᠢᠬᠠᠨ ᠳᠡᠪᠢᠰᠬᠡᠷ ᠦᠩᠬᠡ ᠪᠤᠯᠭᠠᠵᠤ ᠪᠠᠢᠯ᠎ᠠ᠃
《ᠮᠠᠨ᠎ᠤ ᠰᠤᠷᠭᠠᠭᠤᠯᠢ ᠪᠡᠶ᠎ᠠ ᠵᠢᠨ ᠳᠠᠮᠢᠷ᠎ᠤᠨ ᠬᠢᠴᠢᠶᠡᠯ᠎ᠢ ᠬᠦᠢᠴᠡᠳ ᠨᠡᠬᠡᠬᠡᠬᠦ ᠵᠢᠨ ᠳᠠᠭᠠᠤ ᠡᠳᠦᠷ ᠪᠦᠷᠢ ᠵᠢᠨ 16᠄ 00 ︱ 16᠄ 50 ᠶ᠋ᠢ ᠳᠤᠮᠳᠠᠳᠤ ᠰᠤᠷᠭᠠᠭᠤᠯᠢ᠎ᠶᠢᠨ ᠬᠡᠯᠲᠡᠰ᠎ᠦᠨ ᠬᠢᠴᠢᠶᠡᠯ᠎ᠦᠨ ᠭᠠᠳᠠᠨᠠᠬᠢ ᠬᠥᠳᠡᠯᠭᠡᠭᠡᠨ᠎ᠦ ᠴᠠᠭ᠎ᠢᠶᠠᠷ ᠲᠣᠭᠲᠠᠭᠠᠵᠤ᠂ ᠬᠢᠴᠢᠶᠡᠯ᠎ᠦᠨ ᠭᠠᠳᠠᠨᠠᠬᠢ ᠬᠥᠳᠡᠯᠭᠡᠭᠡᠨ ᠪᠠ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠵᠣᠯᠭᠠᠯᠴᠠᠭ᠎ᠠ᠎ᠶᠢ ᠰᠢᠯᠢᠳᠡᠭᠵᠢᠭᠦᠯᠵᠦ ᠪᠠᠢᠨ᠎ᠠ》 ᠬᠡᠵᠦ ᠰᠤᠷᠭᠠᠭᠤᠯᠢ ᠵᠢᠨ ᠳᠠᠮᠢᠷ᠎ᠤᠨ ᠳᠤᠭᠤᠢᠯᠠᠩ᠎ᠤᠨ ᠳᠠᠷᠤᠭ᠎ᠠ ᠪᠢᠯᠢᠭᠳᠦ ᠪᠠᠭᠰᠢ ᠳᠠᠨᠢᠯᠴᠠᠭᠤᠯᠤᠯ᠎ᠠ᠃
ᠳᠤᠰ ᠰᠤᠷᠭᠠᠭᠤᠯᠢ 12 ᠵᠢᠯ᠎ᠤᠨ ᠲᠦᠷᠢᠮ᠎ᠳᠤ ᠰᠤᠷᠭᠠᠭᠤᠯᠢ ᠪᠤᠯᠤᠭᠰᠠᠨ᠎ᠤ ᠬᠤᠪᠢ ᠳ᠋ᠤ᠂ ᠪᠡᠶ᠎ᠠ ᠵᠢᠨ ᠳᠠᠮᠢᠷ᠎ᠤᠨ ᠬᠦᠮᠦᠵᠢᠯ᠎ᠢ ᠱᠠᠳᠤ ᠱᠠᠳᠤ ᠪᠡᠷ ᠵᠤᠯᠭᠠᠭᠤᠯᠵᠤ᠂ 《ᠪᠠᠭ᠎ᠠ ᠰᠤᠷᠭᠠᠭᠤᠯᠢ ᠳ᠋ᠤ ᠰᠠᠭᠤᠷᠢ ᠳᠠᠯᠪᠢᠬᠤ᠂ ᠠᠩᠬ᠎ᠠ ᠳᠤᠮᠳᠠᠳᠤ ᠳ᠋ᠤ ᠴᠢᠳᠠᠪᠤᠷᠢ ᠵᠢ ᠳᠡᠬᠡᠭᠰᠢᠯᠡᠬᠦᠯᠬᠦ᠂ ᠦᠨᠳᠦᠷ ᠳᠤᠮᠳᠠᠳᠤ ᠳ᠋ᠤ ᠳᠤᠰᠬᠠᠢ ᠮᠡᠷᠬᠡᠵᠢᠯ ᠵᠢᠡᠷ ᠬᠦᠮᠦᠵᠢᠬᠦᠯᠬᠦ》 ᠨᠢᠬᠡ ᠴᠤᠭᠴᠠᠵᠢᠭᠤᠯᠤᠭᠰᠠᠨ ᠬᠢᠴᠢᠶᠡᠯ᠎ᠤᠨ ᠰᠢᠰᠲᠧᠮ᠎ᠢ ᠪᠠᠢᠭᠤᠯᠵᠤ᠂ ᠪᠠᠭ᠎ᠠ ᠰᠤᠷᠭᠠᠭᠤᠯᠢ ᠵᠢᠨ ᠱᠠᠳᠤᠨ ᠳ᠋ᠤ ᠰᠤᠷᠤᠭᠴᠢᠳ᠎ᠤᠨ ᠳᠠᠮᠢᠷ᠎ᠤᠨ ᠬᠢᠴᠢᠶᠡᠯ᠎ᠤᠨ ᠳᠤᠷ᠎ᠠ ᠰᠤᠨᠢᠷᠬᠠᠯ᠂ ᠳᠠᠮᠢᠷ᠎ᠤᠨ ᠬᠦᠳᠡᠯᠬᠡᠬᠡᠨ ᠳ᠋ᠤ ᠤᠷᠤᠯᠴᠠᠬᠤ ᠳᠠᠳᠬᠠᠯ᠎ᠢ ᠬᠦᠮᠦᠵᠢᠬᠦᠯᠬᠦ ᠵᠢ ᠴᠢᠬᠤᠯᠠᠴᠢᠯᠠᠵᠤ᠂ ᠪᠠᠭ᠎ᠠ ᠰᠤᠷᠭᠠᠭᠤᠯᠢ ᠵᠢᠨ ᠳᠡᠬᠡᠳᠤ ᠤᠨ ᠡᠴᠡ ᠡᠬᠢᠯᠡᠨ ᠠᠩᠬ᠎ᠠ ᠳᠤᠮᠳᠠᠳᠤ ᠵᠢᠨ ᠪᠡᠶ᠎ᠠ ᠵᠢᠨ ᠳᠠᠮᠢᠷ᠎ᠤᠨ ᠰᠢᠯᠭᠠᠯᠳᠠ ᠵᠢᠨ ᠠᠭᠤᠯᠭ᠎ᠠ ᠳ᠋ᠤ ᠬᠠᠨᠳᠤᠭᠤᠯᠤᠨ ᠳᠠᠮᠢᠷ᠎ᠤᠨ ᠴᠢᠳᠠᠪᠤᠷᠢ ᠵᠢᠨ ᠦᠨᠳᠦᠰᠦᠨ ᠪᠤᠯᠪᠠᠰᠤᠷᠠᠯ᠎ᠢ ᠴᠢᠩᠭᠠᠳᠬᠠᠵᠤ᠂ ᠠᠩᠬ᠎ᠠ ᠳᠤᠮᠳᠠᠳᠤ ᠵᠢᠨ ᠱᠠᠳᠤᠨ ᠳ᠋ᠤ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ ᠳ᠋ᠤ ᠲᠠᠪᠰᠢᠬᠤ ᠰᠢᠯᠭᠠᠯᠳᠠ ᠵᠢᠨ ᠳᠤᠰᠬᠠᠢ ᠲᠦᠷᠦᠯ᠎ᠤᠨ ᠳᠠᠮᠢᠷ᠎ᠤᠨ ᠬᠦᠳᠡᠯᠬᠡᠬᠡᠨ᠎ᠤ ᠤᠷ᠎ᠠ ᠴᠢᠳᠠᠪᠤᠷᠢ ᠵᠢ ᠪᠤᠯᠪᠠᠰᠤᠷᠠᠩᠭᠤᠢ ᠡᠵᠡᠮᠰᠢᠬᠦᠯᠵᠦ᠂ ᠦᠨᠳᠦᠷ ᠳᠤᠮᠳᠠᠳᠤ ᠵᠢᠨ ᠱᠠᠳᠤᠨ ᠳ᠋ᠤ ᠳᠤᠰᠬᠠᠢ ᠲᠦᠷᠦᠯ᠎ᠤᠨ ᠳᠠᠮᠢᠷ᠎ᠤᠨ ᠬᠦᠳᠡᠯᠬᠡᠬᠡᠨ᠎ᠤ ᠤᠷ᠎ᠠ ᠮᠡᠷᠬᠡᠵᠢᠯ᠎ᠢ ᠬᠦᠨᠵᠡᠬᠡᠢᠷᠡᠬᠦᠯᠵᠦ᠂ ᠰᠤᠷᠤᠭᠴᠢ ᠨᠢᠬᠡᠪᠦᠷᠢ ᠳ᠋ᠤ 1 — 2 ᠵᠦᠢᠯ᠎ᠤᠨ ᠳᠠᠮᠢᠷ᠎ᠤᠨ ᠬᠦᠳᠡᠯᠬᠡᠬᠡᠨ᠎ᠤ ᠳᠤᠰᠬᠠᠢ ᠮᠡᠷᠬᠡᠵᠢᠯ᠎ᠢ ᠡᠵᠡᠮᠰᠢᠬᠦᠯᠬᠦ ᠪᠡᠷ ᠵᠢᠭᠠᠨ ᠰᠤᠷᠭᠠᠯᠳᠠ ᠵᠢᠨ ᠬᠠᠷᠠᠯᠳᠠ ᠪᠠᠨ ᠪᠤᠯᠭᠠᠵᠠᠢ᠃ 《ᠮᠠᠨ᠎ᠤ ᠰᠤᠷᠭᠠᠭᠤᠯᠢ ᠨᠠᠷᠠᠨ ᠬᠡᠷᠡᠯᠳᠤ ᠪᠡᠶ᠎ᠠ ᠵᠢᠨ ᠳᠠᠮᠢᠷ᠎ᠤᠨ ᠤᠯᠠᠷᠢᠯ᠎ᠤᠨ ᠠᠵᠢᠯᠯᠠᠭ᠎ᠠ ᠵᠢ ᠵᠢᠯ ᠳ᠋ᠤ 2 ᠤᠳᠠᠭ᠎ᠠ ᠡᠷᠬᠢᠯᠡᠵᠦ᠂ ᠶᠡᠬᠡ ᠬᠦᠨᠳᠦᠳᠬᠡᠨ ᠴᠢᠬᠤᠯᠠᠴᠢᠯᠠᠳᠠᠭ᠃ ᠰᠤᠷᠤᠭᠴᠢ ᠪᠤᠯᠭᠠᠨ ᠤᠷᠤᠯᠴᠠᠬᠤ ᠵᠢ ᠱᠠᠭᠠᠷᠳᠠᠵᠤ ᠤᠷᠢᠶᠠᠯᠠᠳᠠᠭ᠃ ᠰᠤᠷᠤᠭᠴᠢᠳ᠎ᠤᠨ ᠳᠤᠷ᠎ᠠ ᠰᠤᠨᠢᠷᠬᠠᠯ ᠳ᠋ᠤ ᠬᠠᠨᠳᠤᠭᠤᠯᠵᠤ᠂ ᠪᠠᠭ᠎ᠠ ᠰᠤᠷᠭᠠᠭᠤᠯᠢ ᠵᠢᠨ ᠬᠡᠯᠳᠡᠰ ᠪᠠ ᠳᠤᠮᠳᠠᠳᠤ ᠰᠤᠷᠭᠠᠭᠤᠯᠢ ᠵᠨ ᠬᠡᠯᠳᠡᠰ ᠲᠤ᠌ ᠪᠦᠮᠪᠦᠬᠡᠨ ᠲᠦᠷᠦᠯ᠂ ᠳᠠᠷ ᠬᠦᠴᠦ ᠵᠢ ᠪᠤᠯᠪᠠᠰᠤᠷᠠᠭᠤᠯᠬᠤ ᠲᠦᠷᠦᠯ᠂ ᠠᠪᠠᠷᠢᠵᠤ ᠮᠠᠴᠤᠬᠤ᠂ ᠳᠡᠬᠡᠰᠤ ᠤᠶᠠᠬᠤ ᠮᠡᠳᠤ ᠵᠢᠨ 15 ᠲᠦᠷᠦᠯ᠎ᠤᠨ ᠳᠤᠷ᠎ᠠ ᠰᠤᠨᠢᠷᠬᠠᠯᠳᠤ ᠬᠢᠴᠢᠶᠡᠯ ᠨᠡᠬᠡᠬᠡᠵᠦ ᠪᠠᠢᠨ᠎ᠠ᠃ ᠳᠠᠮᠢᠷ᠎ᠤᠨ ᠬᠦᠳᠡᠯᠬᠡᠬᠡᠨ ᠳ᠋ᠤ ᠠᠨᠠᠢ ᠰᠤᠷᠤᠭᠴᠢᠳ ᠲᠤ᠌ ᠵᠤᠷᠢᠭᠤᠯᠤᠨ ᠳᠤᠰᠬᠠᠢ ᠵᠢᠭᠠᠨ ᠵᠢᠯᠤᠭᠤᠳᠤᠯᠭ᠎ᠠ ᠵᠢᠨ ᠬᠢᠴᠢᠶᠡᠯ ᠨᠡᠬᠡᠬᠡᠵᠦ᠂ ᠪᠦᠬᠦ ᠰᠤᠷᠤᠭᠴᠢᠳ᠎ᠤᠨ ᠨᠢᠳᠦᠨ ᠳ᠋ᠡᠬᠡᠨ ᠭᠠᠯ ᠳᠠᠢ᠂ ᠨᠢᠭᠤᠷ ᠲᠠᠭᠠᠨ ᠴᠤᠭ ᠳᠠᠢ ᠦᠰᠦᠨ ᠪᠤᠢᠵᠢᠬᠤ ᠵᠢ ᠠᠬᠢᠭᠤᠯᠵᠤ ᠪᠠᠢᠨ᠎ᠠ》 ᠬᠡᠵᠦ ᠪᠢᠯᠢᠭᠳᠦ ᠪᠠᠭᠰᠢ ᠳᠠᠮᠢᠷ᠎ᠤᠨ ᠬᠢᠴᠢᠶᠡᠯ᠎ᠤᠨ ᠪᠠᠢᠭᠤᠯᠤᠯᠳᠠ ᠵᠢᠨ ᠳᠤᠬᠠᠢ ᠬᠦᠨᠵᠡᠬᠡᠢ ᠳᠠᠨᠢᠯᠴᠠᠭᠤᠯᠤᠯ᠎ᠠ᠃
AI ᠮᠡᠷᠬᠡᠵᠢᠯ ᠰᠤᠷᠤᠭᠴᠢᠳ᠎ᠤᠨ ᠳᠤᠷ᠎ᠠ ᠰᠤᠨᠢᠷᠬᠠᠯ᠎ᠢ ᠬᠦᠭᠵᠢᠬᠡᠨ᠎ᠡ
ᠵᠣᠬᠢᠶᠠᠮᠠᠯ ᠤᠶᠤᠨ ᠴᠢᠳᠠᠪᠤᠷᠢ ᠵᠢᠨ ᠴᠠᠭ ᠦᠶ᠎ᠡ ᠬᠦᠷᠴᠦ ᠢᠷᠡᠬᠦ᠎ᠪᠡᠷ᠂ AI ᠮᠡᠷᠬᠡᠵᠢᠯ ᠵᠢᠡᠷ ᠴᠢᠳᠠᠪᠤᠷᠢ ᠤᠯᠭᠤᠭᠰᠠᠨ ᠣᠶᠤᠨᠴᠢ ᠲᠠᠮᠢᠷ᠎ᠤᠨ ᠲᠠᠯᠠᠪᠠᠶ ᠨᠢ ᠴᠦ᠍ ᠰᠤᠷᠤᠭ᠍ᠴᠢᠳ᠎ᠤᠨ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠢ ᠨᠠᠩ ᠰᠢᠨᠵᠢᠯᠡᠬᠦ ᠤᠬᠠᠭᠠᠨᠴᠢ ᠪᠤᠯᠭᠠᠵᠤ᠂ ᠰᠤᠷᠤᠭᠴᠢᠳ᠎ᠤᠨ ᠰᠤᠨᠢᠷᠬᠠᠯ᠎ᠢ ᠨᠠᠩ ᠲᠠᠳᠠᠨ᠎ᠠ᠃
ᠡᠨᠡ ᠵᠢᠯ᠎ᠤᠨ ᠬᠠᠪᠤᠷ᠎ᠤᠨ ᠰᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ ᠪᠡᠷ᠂ ᠦᠬᠠᠢ ᠬᠤᠳᠠ᠎ᠶᠢᠨ ᠭᠤᠷᠪᠠᠳᠤᠭᠠᠷ ᠳᠤᠮᠳᠠᠳᠤ ᠰᠤᠷᠭᠠᠭᠤᠯᠢ 4 ᠢᠵᠢ ᠣᠶᠤᠨᠲᠤ ᠲᠠᠮᠢᠷ᠎ᠤᠨ ᠲᠥᠬᠦᠭᠡᠷᠦᠮᠵᠢ ᠬᠤᠳᠠᠯᠳᠤᠨ ᠠᠪᠴᠤ᠂ ᠳᠡᠭᠡᠰᠦ ᠦᠰᠦᠷᠬᠦ᠂ ᠬᠤᠯᠠ ᠬᠠᠷᠠᠢᠬᠤ᠂ ᠰᠠᠭᠤᠭ᠎ᠠ ᠪᠡᠷ ᠤᠷᠤᠭᠰᠢ ᠪᠥᠬᠥᠢᠬᠦ ᠵᠡᠷᠭᠡ 7 ᠵᠦᠢᠯ᠎ᠦᠨ ᠲᠠᠮᠢᠷ᠎ᠤᠨ ᠬᠦᠳᠡᠯᠬᠡᠬᠡᠨ᠎ᠢ ᠬᠢᠬᠦ ᠳ᠋ᠤ ᠬᠠᠪᠰᠤᠷᠤᠮᠵᠢ ᠦᠵᠡᠬᠦᠯᠪᠡ᠃ ᠲᠡᠭᠡᠬᠦᠯᠡᠷ ᠬᠢᠴᠢᠶᠡᠯ᠎ᠦᠨ ᠵᠠᠪᠰᠠᠷᠯᠠᠭᠠᠪᠤᠯᠤᠮᠠᠭᠴᠠ ᠰᠤᠷᠤᠭᠴᠢᠳ ᠡᠳᠡᠭᠡᠷ ᠲᠥᠬᠦᠭᠡᠷᠦᠮᠵᠢ᠎ᠶᠢ ᠲᠤᠭᠤᠷᠢᠨ ᠡᠯ᠎ᠡ ᠵᠦᠢᠯ᠎ᠤᠨ ᠳᠠᠮᠢᠷ᠎ᠤᠨ ᠬᠦᠳᠡᠯᠬᠡᠬᠡᠨ ᠬᠢᠵᠦ ᠪᠤᠯᠪᠠᠰᠤᠷᠠᠨ᠎ᠠ᠃ ᠠᠩᠬ᠎ᠠ ᠳᠤᠮᠳᠠᠳᠤ ᠵᠢᠨ ᠭᠤᠷᠪᠠᠳᠤᠭᠠᠷ ᠤᠨ᠎ᠤ ᠰᠤᠷᠤᠭᠴᠢ ᠸᠠᠩ ᠳ᠋ᠠ ᠵᠢᠨ᠎ᠤ ᠬᠦᠩᠬᠡᠬᠡᠨ ᠦᠰᠦᠷᠬᠦ ᠬᠦᠳᠡᠯᠬᠡᠬᠡᠨ᠎ᠤ ᠶᠠᠪᠤᠴᠠ ᠵᠢ ᠡᠯᠧᠺᠲᠷᠣᠨ ᠳᠡᠯᠭᠡᠴᠡ ᠰᠡᠬᠦᠳᠡᠷᠯᠡᠬᠦ ᠵᠢᠨ ᠳᠠᠭᠠᠤ ᠬᠢᠷᠢ ᠪᠦᠳᠦᠮᠵᠢ ᠵᠢ ᠠᠦ᠋ᠲ᠋ᠣ᠋ ᠲᠡᠮᠳᠡᠭᠯᠡᠨ ᠭᠠᠷᠭᠠᠴᠢᠬᠠᠯ᠎ᠠ᠃ ᠡᠬᠢᠯᠡᠵᠦ ᠦᠰᠦᠷᠬᠦ ᠬᠦᠳᠡᠯᠬᠡᠬᠡᠨ ᠡᠴᠡ ᠭᠠᠷ᠎ᠢᠶᠠᠨ ᠰᠠᠵᠢᠬᠤ ᠬᠡᠮᠵᠢᠶ᠎ᠡ᠂ ᠭᠠᠵᠠᠷ ᠪᠠᠭᠤᠬᠤ ᠲᠣᠭᠲᠠᠪᠤᠷᠢᠲᠤ ᠴᠢᠨᠠᠷ ᠵᠡᠷᠭᠡ ᠬᠥᠳᠡᠯᠭᠡᠭᠡᠨ᠎ᠦ ᠨᠠᠷᠢᠨ ᠵᠦᠢᠯᠡᠰ ᠪᠦᠬᠦᠨ᠎ᠢ ᠴᠠᠭ ᠲᠤᠬᠠᠢ ᠳ᠋ᠤᠨᠢ ᠰᠡᠬᠦᠳᠡᠷᠯᠡᠬᠦ ᠵᠢᠨ ᠳᠠᠭᠠᠤ ᠲᠦᠷᠰᠦ ᠰᠢᠩᠬᠡᠬᠡᠯᠳᠡ ᠵᠢ ᠲᠠᠬᠢᠨ ᠲᠠᠪᠳᠠᠨ ᠦᠵᠡᠵᠦ ᠪᠤᠯᠤᠨ᠎ᠠ᠃ 《ᠡᠳᠡᠭᠡᠷ ᠰᠢᠨ᠎ᠡ ᠲᠥᠬᠦᠭᠡᠷᠦᠮᠵᠢ ᠵᠢ ᠬᠡᠷᠡᠭᠯᠡᠬᠦ᠎ᠳᠦ ᠲᠥᠬᠥᠮ᠂ ᠬᠢᠭᠰᠡᠨ ᠬᠥᠳᠡᠯᠦᠯ ᠪᠠᠷᠢᠮᠵᠢᠶ᠎ᠠ ᠪᠢᠰᠢ ᠪᠣᠯ ᠴᠠᠭ ᠲᠤᠬᠠᠢ ᠳ᠋ᠤᠨᠢ ᠰᠠᠨᠠᠭᠤᠯᠵᠤ ᠵᠠᠯᠠᠷᠠᠭᠤᠯᠵᠤ ᠦᠭᠬᠦᠨ᠎ᠡ᠃ ᠳᠤᠬᠠᠢ ᠵᠢᠨ ᠴᠠᠭ᠎ᠤᠨ 〈ᠲᠦᠷᠰᠦ ᠰᠢᠩᠬᠡᠬᠡᠯᠳᠡ ᠵᠢᠨ ᠳᠡᠮᠳᠡᠭᠯᠡᠯ〉 ᠨᠢ ᠮᠠᠨ᠎ᠤ ᠪᠡᠶ᠎ᠡ᠎ᠶᠢᠨ ᠲᠠᠮᠢᠷ᠎ᠤᠨ ᠪᠤᠯᠪᠠᠰᠤᠷᠠᠯ᠎ᠢ ᠪᠤᠰᠤᠳ ᠬᠢᠴᠢᠶᠡᠯ ᠲᠦᠷᠦᠯ᠎ᠤᠨ ᠬᠢᠰᠢᠭ ᠨᠡᠩ ᠨᠠᠷᠢᠯᠢᠭ᠋ ᠣᠨᠣᠴᠠᠲᠠᠢ ᠪᠤᠯᠭᠠᠵᠠᠢ》 ᠭᠡᠵᠦ ᠸᠠᠩ ᠳᠠᠶᠢᠨ ᠪᠠᠶᠠᠷᠳᠠᠢᠬᠠᠨ ᠬᠡᠯᠡᠨ᠎ᠡ᠃
《ᠤᠳᠤ ᠵᠢᠨ ᠲᠦᠬᠦᠬᠡᠷᠦᠮᠵᠢ ᠨᠢ 〈ᠬᠢᠨᠠᠭᠴᠢ〉 ᠲᠡᠳᠦᠢ ᠪᠢᠰᠢ᠂ ᠨᠡᠩ ᠴᠤ᠌ 〈ᠳᠠᠰᠬᠠᠯᠵᠢᠭᠤᠯᠤᠭᠴᠢ〉 ᠬᠡᠮᠡᠷ᠃ ᠥᠩᠭᠡᠷᠡᠭᠰᠡᠨ᠎ᠳᠦ ᠨᠢᠭᠡ ᠪᠠᠭ᠍ᠰᠢ ᠳᠥᠴᠢ ᠲᠠᠪᠢᠨ ᠬᠡᠦᠬᠡᠳ ᠢ᠋ ᠵᠢᠭᠠᠳᠠᠭ ᠵᠢᠡᠷ ᠵᠠᠷᠢᠮ ᠨᠠᠷᠢᠯᠢᠭ ᠵᠦᠢᠯᠡᠰ᠎ᠢ ᠬᠦᠢᠴᠡᠳ ᠤᠯᠵᠤ ᠬᠠᠷᠠᠬᠤ ᠦᠬᠡᠢ ᠨᠢ ᠭᠠᠷᠴᠠᠭ᠎ᠠ ᠦᠬᠡᠢ᠃ ᠤᠳᠤ ᠰᠤᠷᠤᠭᠴᠢᠳ᠎ᠤᠨ ᠬᠦᠳᠡᠯᠦᠯᠢ ᠴᠠᠭ ᠳᠤᠬᠠᠢ ᠳ᠋ᠤᠨᠢ ᠰᠡᠬᠦᠳᠡᠷᠯᠡᠵᠦ ᠰᠢᠩᠬᠡᠬᠡᠬᠦ ᠪᠤᠯᠤᠭᠰᠠᠨ ᠡᠴᠡ ᠠᠯᠢ ᠬᠦᠳᠡᠯᠦᠯ ᠨᠢ ᠪᠠᠷᠢᠮᠵᠢᠶ᠎ᠠ ᠪᠤᠰᠤ ᠪᠠᠢᠬᠤ ᠵᠢ ᠤᠨᠤᠪᠴᠢᠳᠠᠢ ᠦᠵᠡᠵᠦ ᠭᠠᠷᠬᠤ ᠵᠢᠨ ᠬᠠᠮᠳᠤ ᠵᠠᠯᠠᠷᠠᠭᠤᠯᠬᠤ ᠳ᠋ᠤ ᠶᠡᠬᠡ ᠲᠦᠬᠦᠮ ᠪᠤᠯᠤᠭᠰᠠᠨ᠃ ᠤᠶᠤᠨᠴᠢ ᠲᠦᠬᠦᠬᠡᠷᠦᠮᠵᠢ ᠵᠢ ᠠᠰᠢᠭᠯᠠᠭᠰᠠᠨ ᠡᠴᠡ ᠰᠤᠷᠤᠭᠴᠢᠳ᠎ᠤᠨ ᠪᠤᠯᠪᠠᠰᠤᠷᠠᠯ᠎ᠢ ᠨᠡᠩ ᠰᠢᠨᠵᠢᠯᠡᠬᠦ ᠤᠬᠠᠭᠠᠨᠴᠢ ᠪᠦᠬᠡᠳ ᠦᠨᠳᠦᠷ ᠪᠦᠳᠦᠮᠵᠢᠳᠡᠢ ᠪᠤᠯᠭᠠᠭᠰᠠᠨ》 ᠬᠡᠵᠦ ᠰᠤᠷᠭᠠᠭᠤᠯᠢ ᠵᠢᠨ ᠪᠡᠶ᠎ᠡ᠎ᠶᠢᠨ ᠲᠠᠮᠢᠷ᠎ᠤᠨ ᠪᠠᠭ᠍ᠰᠢ ᠴᠧᠨ ᠰᠢᠶᠣᠣ ᠷᠦᠢ ᠳᠠᠨᠢᠯᠴᠠᠭᠤᠯᠤᠯ᠎ᠠ᠃
ᠰᠢᠨᠡᠠᠷᠭᠠ ᠬᠡᠮᠵᠢᠶ᠎ᠠ ᠤᠶᠤᠳᠠᠳ᠎ᠤᠨ ᠢᠳᠡᠪᠬᠢᠵᠢᠯ᠎ᠢ ᠲᠠᠢᠴᠢᠯᠠᠨ᠎ᠠ
ᠡᠳᠦᠷ ᠪᠦᠷᠢ᠎ᠶᠢᠨ ᠥᠷᠯᠥᠭᠡ᠎ᠶᠢᠨ 7 ᠴᠠᠭ᠎ᠲᠤ᠂ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 《ᠱᠦᠵᠢ ᠲᠠᠢ ᠬᠠᠮᠳᠤ ᠬᠦᠶᠦᠬᠦ》 ᠳᠠᠮᠢᠷ᠎ᠤᠨ ᠬᠦᠳᠡᠯᠬᠡᠬᠡᠨ ᠪᠤᠯᠵᠤᠭ᠎ᠠ ᠶᠤᠰᠤᠭᠠᠷ ᠡᠬᠢᠯᠡᠵᠦ᠂ ᠳᠡᠭᠡᠳᠦ ᠰᠤᠷᠭᠠᠭᠤᠯᠢ᠎ᠶᠢᠨ ᠤᠳᠤᠷᠢᠳᠤᠯᠭ᠎ᠠ ᠳᠠᠭᠠᠭᠤᠯᠤᠨ ᠭᠦᠶᠦᠵᠦ᠂ ᠪᠠᠭ᠍ᠰᠢ ᠰᠤᠷᠤᠭ᠍ᠴᠢᠳ ᠢᠳᠡᠪᠬᠢᠲᠡᠢ ᠣᠷᠣᠯᠴᠠᠨ᠂ ᠭᠦᠶᠦᠯᠲᠡ᠎ᠶᠢᠨ ᠡᠩᠨᠡᠭᠡ ᠶᠠᠪᠤᠬᠤ ᠲᠤᠲᠤᠮ ᠵᠢᠡᠨ ᠪᠤᠵᠠᠭᠠᠢᠷᠠᠨᠠ᠃ ᠪᠠᠭ᠍ᠰᠢ ᠰᠤᠷᠤᠭ᠍ᠴᠢᠳ ᠥᠷᠯᠥᠭᠡ᠎ᠶᠢᠨ ᠲᠤᠶᠠᠭ᠎ᠠ᠎ᠶᠢ ᠤᠭᠲᠤᠨ᠂ ᠮᠦᠷᠦ ᠵᠡᠷᠬᠡᠴᠡᠨ ᠭᠦᠶᠦᠬᠦ ᠨᠢ ᠰᠤᠷᠭᠠᠭᠤᠯᠢ᠎ᠶᠢᠨ ᠬᠦᠷᠢᠶᠡᠨ᠎ᠦ ᠨᠢᠭᠡᠨ ᠦᠵᠡᠰᠬᠦᠯᠡᠩᠲᠦ ᠰᠠᠢᠬᠠᠨ ᠦᠵᠡᠮᠵᠢ ᠪᠤᠯᠵᠤ ᠲᠡᠯᠭᠡᠭᠳᠡᠪᠡ᠃ ᠣᠢᠷ᠎ᠠ᠎ᠶᠢᠨ ᠵᠢᠯ᠎ᠦᠳ᠎ᠲᠦ ᠂ ᠲᠤᠰ ᠰᠤᠷᠭᠠᠭᠤᠯᠢ ᠨᠢ 《ᠱᠦᠵᠢ ᠲᠠᠢ ᠬᠠᠮᠳᠤ ᠬᠦᠶᠦᠬᠦ》 ᠣᠨᠴᠠᠯᠢᠭ᠍ᠲᠤ ᠪᠡᠶ᠎ᠡ᠎ᠶᠢᠨ ᠲᠠᠮᠢᠷ᠎ᠤᠨ ᠲᠦᠷᠦᠯ ᠲᠡᠮᠳᠡᠭ᠎ᠢ ᠡᠭᠦᠳᠴᠦ᠂ ᠥᠷᠯᠥᠭᠡ᠎ᠶᠢᠨ ᠭᠦᠶᠦᠯᠲᠡ᠂ ᠨᠡᠷᠡᠨ ᠬᠡᠷᠡᠯᠳᠤ ᠭᠦᠶᠦᠯᠲᠡ᠂ ᠠᠩᠭᠢ᠎ᠶᠢᠨ ᠪᠡᠶ᠎ᠡ᠎ᠶᠢᠨ ᠲᠠᠮᠢᠷ᠂ ᠰᠤᠷᠭᠠᠭᠤᠯᠢ᠎ᠶᠢᠨ ᠪᠡᠶ᠎ᠡ᠎ᠶᠢᠨ ᠲᠠᠮᠢᠷ ᠵᠡᠷᠭᠡ ᠪᠡᠶ᠎ᠡ᠎ᠶᠢᠨ ᠲᠠᠮᠢᠷ᠎ᠤᠨ ᠦᠢᠯᠡᠳᠦᠯᠭᠡ᠎ᠶᠢᠨ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠰᠤᠷᠤᠭ᠍ᠴᠢᠳ ᠪᠡᠶ᠎ᠡ᠎ᠶᠢᠨ ᠲᠠᠮᠢᠷ᠎ᠤᠨ ᠨᠣᠮᠧᠷᠵᠢᠡᠷ ᠲᠠᠪᠴᠠᠩᠳ᠋ᠤ ᠡᠳᠦᠷ ᠪᠦᠷᠢ᠎ᠶᠢᠨ ᠪᠣᠯᠪᠠᠰᠤᠷᠠᠯ᠎ᠤᠨ ᠺᠠᠷᠲ ᠪᠦᠷᠢᠳᠬᠡᠬᠦᠯᠵᠦ᠂ ᠳᠠᠮᠢᠷ᠎ᠤᠨ ᠬᠦᠳᠡᠯᠬᠡᠬᠡᠨ ᠳ᠋ᠤ ᠤᠷᠤᠯᠴᠠᠭᠰᠠᠨ ᠲᠡᠮᠳᠡᠭᠯᠡᠯ ᠬᠢᠭᠡᠳ ᠲᠣᠭ᠎ᠠ ᠪᠠᠷᠢᠮᠲᠠ᠎ᠶᠢ ᠳᠡᠭᠡᠭᠰᠢ ᠳᠠᠮᠵᠢᠭᠤᠯᠬᠤ᠂ ᠳᠠᠮᠢᠷ᠎ᠤᠨ ᠬᠦᠳᠡᠯᠬᠡᠬᠡᠨ ᠳ᠋ᠤ ᠣᠷᠣᠯᠴᠠᠭᠰᠠᠨ ᠪᠠᠢᠳᠠᠯ᠎ᠢ ᠪᠦᠷᠢᠳᠬᠡᠬᠦ᠂ ᠪᠣᠯᠪᠠᠰᠤᠷᠠᠯ᠎ᠤᠨ ᠶᠠᠪᠤᠴᠠ᠎ᠶᠢ ᠮᠥᠷᠳᠡᠬᠦ᠂ ᠪᠣᠳᠠᠲᠠᠢ ᠦᠷ᠎ᠡ ᠪᠦᠲᠦᠮᠵᠢ᠎ᠶᠢ ᠦᠨᠡᠯᠡᠬᠦ ᠵᠢ ᠪᠡᠶᠡᠯᠡᠭᠦᠯᠪᠡ᠃
《ᠪᠡᠶ᠎ᠡ᠎ᠶᠢᠨ ᠲᠠᠮᠢᠷ᠎ᠤᠨ ᠪᠣᠯᠪᠠᠰᠤᠷᠠᠯ ᠳ᠋ᠤ ᠤᠷᠤᠯᠴᠠᠬᠤ ᠵᠢ ᠪᠠᠷᠢᠮᠳᠠᠯᠠᠭᠰᠠᠨ ᠡᠴᠡ ᠨᠠᠭᠠᠰᠢ ᠪᠡᠶ᠎ᠠ ᠮᠠᠬᠠᠪᠤᠳ ᠴᠢᠬᠢᠷᠠᠭᠵᠢᠭᠰᠠᠨ ᠵᠢᠡᠷ ᠪᠠᠷᠬᠠᠤ ᠦᠬᠡᠢ ᠪᠠᠰᠠ ᠬᠥᠬᠢᠭᠦᠯᠦᠯ ᠰᠠᠢᠰᠢᠶᠠᠯ ᠬᠦᠷᠳᠡᠪᠡ᠂ ᠮᠠᠰᠢ ᠣᠮᠣᠭ᠍ᠰᠢᠯ᠎ᠲᠠᠢ !》 ᠭᠡᠵᠦ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠲᠤᠰᠬᠠᠢ ᠮᠡᠷᠭᠡᠵᠢᠯ᠎ᠦᠨ ᠰᠣᠷᠣᠭ᠍ᠴᠢ ᠴᠧᠨ ᠬᠣᠩ ᠶᠠᠨ ᠶᠠᠷᠢᠨ᠎ᠠ᠃ ᠳᠡᠷᠡ 2025 ᠣᠨ᠎ᠤ ᠨᠡᠷᠡᠨ ᠬᠡᠷᠡᠯᠳᠤ ᠭᠦᠶᠦᠯᠳᠡ ᠵᠢᠨ ᠤᠷᠤᠯᠳᠤᠭᠠᠨ᠎ᠳᠤ ᠨᠢᠭᠡᠳᠦᠭᠡᠷ᠎ᠲᠦ ᠵᠢᠭ᠍ᠰᠠᠭᠠᠭᠳᠠᠵᠤ᠂ ᠳᠠᠮᠢᠷ᠎ᠤᠨ ᠬᠦᠳᠡᠯᠬᠡᠬᠡᠨ ᠳ᠋ᠤ ᠦᠷᠬᠦᠯᠵᠢ ᠤᠷᠤᠯᠴᠬᠠᠤ ᠰᠠᠢᠨ ᠰᠠᠢᠬᠠᠨ ᠳᠠᠳᠬᠠᠯ ᠳᠠᠢ ᠪᠤᠯᠪᠠ᠃ 《ᠣᠳᠣᠬᠠᠨ᠎ᠳᠤ᠂ ᠪᠦᠬᠦ ᠰᠣᠷᠣᠭ᠍ᠴᠢᠳ᠎ᠤᠨ ᠨᠢᠭᠡᠬᠡᠨ ᠰᠠᠷ᠎ᠠ᠎ᠶᠢᠨ ᠭᠦᠶᠦᠯᠳᠡ ᠵᠢᠨ ᠵᠠᠢ 20 ᠲᠦᠮᠡᠨ ᠺᠢᠯᠣᠮᠧᠲᠷ ᠬᠦᠷᠴᠦ᠂ ᠭᠠᠭᠴᠠ ᠬᠥᠮᠥᠨ᠎ᠦ ᠭᠠᠭᠴᠠ ᠰᠠᠷ᠎ᠠ᠎ᠶᠢᠨ ᠬᠠᠮᠤᠭ᠎ᠤᠨ ᠶᠡᠬᠡ ᠭᠦᠶᠦᠯᠳᠡ ᠵᠢᠨ ᠵᠠᠢ 170 ᠺᠢᠯᠣᠮᠧᠲᠷ᠎ᠲᠦ ᠬᠦᠷᠴᠡᠢ》 ᠭᠡᠵᠦ ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠎ᠶᠢᠨ ᠬᠡᠯᠲᠡᠰ᠎ᠦᠨ ᠡᠷᠬᠢᠯᠡᠭᠴᠢ ᠸᠠᠩ ᠵᠢᠶᠦ᠋ᠨ ᠫᠧᠩ ᠳᠠᠨᠢᠯᠴᠠᠭᠤᠯᠤᠯ᠎ᠠ᠃ ᠠᠯᠢ ᠣᠯᠠᠨ ᠠᠷᠭ᠎ᠠ ᠬᠡᠮᠵᠢᠶ᠎ᠡ ᠨᠢ ᠰᠣᠷᠣᠭ᠍ᠴᠢᠳᠢ ᠰᠦᠯᠵᠢᠶᠡᠨ᠎ᠡᠴᠡ ᠵᠠᠢᠳᠠᠭᠤᠯᠵᠤ᠂ ᠪᠠᠢᠷᠢ᠎ᠶᠢᠨ ᠭᠡᠷ᠎ᠡᠴᠡ ᠭᠠᠷᠭᠠᠵᠤ᠂ ᠲᠠᠮᠢᠷ᠎ᠤᠨ ᠲᠠᠯᠠᠪᠠᠶ᠎ᠳᠤ ᠤᠴᠢᠭᠤᠯᠵᠤ᠂ ᠰᠣᠷᠣᠭ᠍ᠴᠢ᠎ᠶᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠡᠶ᠎ᠡ᠎ᠶᠢᠨ ᠲᠠᠮᠢᠷ᠎ᠢᠶᠠᠷ ᠬᠥᠮᠥᠨ᠎ᠢ ᠬᠥᠮᠥᠵᠢᠭᠦᠯᠬᠦ ᠪᠠ ᠶᠣᠰᠣ᠌ ᠰᠤᠷᠳᠠᠬᠤᠨ᠎ᠢᠶᠡᠷ ᠬᠥᠮᠥᠨ᠎ᠢ ᠬᠥᠮᠥᠵᠢᠭᠦᠯᠬᠦ᠎ᠶᠢ ᠭᠦᠨᠵᠡᠭᠡᠢ ᠠᠭᠤᠰᠤᠯᠴᠠᠭᠤᠯᠵᠤ ᠪᠠᠢᠭ᠎ᠠ ᠶᠤᠮ᠃
ᠣᠢᠷ᠎ᠠ᠎ᠶᠢᠨ ᠵᠢᠯ᠎ᠳᠦ᠂ ᠥᠪᠥᠷ ᠮᠣᠩᠭᠣᠯ ᠡᠷᠡᠭᠦᠯ ᠮᠡᠨᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ ᠪᠠᠷ ᠠᠬᠢᠭᠤᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ 《ᠬᠣᠣᠰ ᠠᠷᠪᠠᠨ ᠵᠤᠷᠪᠤᠰ》 ᠤ᠋ᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢᠨ ᠲᠤᠰᠬᠠᠢ ᠠᠵᠢᠯᠯᠠᠭ᠎ᠠ᠂ ᠰᠤᠷᠤᠭ᠍ᠴᠢᠳ᠎ᠤᠨ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠦᠨ ᠪᠡᠶ᠎ᠡ᠎ᠶᠢᠨ ᠲᠠᠮᠢᠷ᠎ᠤᠨ ᠳᠠᠰᠬᠠᠯ ᠲᠣᠬᠢᠷᠠᠭᠤᠯᠬᠤ᠂ ᠭᠡᠷ ᠪᠦᠯᠢ ᠰᠤᠷᠭᠠᠭᠤᠯᠢ ᠨᠡᠢᠭᠡᠮ᠎ᠦᠨ ᠬᠢᠨ ᠬᠦᠴᠦ᠎ᠪᠡᠨ ᠬᠠᠮᠲᠤᠳᠬᠠᠨ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢ ᠰᠠᠬᠢᠨ ᠬᠠᠮᠠᠭᠠᠯᠠᠬᠤ ᠵᠢ ᠴᠢᠬᠤᠯᠠᠴᠢᠯᠠᠵᠤ᠂ 2025 ᠣᠨ᠎ᠤ ᠡᠴᠦᠰ᠎ᠲᠦ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠰᠢᠯᠢᠳᠡᠭ ᠨᠣᠷᠮ᠎ᠠ 2020 ᠣᠨ᠎ᠤ ᠬᠢ᠎ᠡᠴᠡ 21.8 ᠵᠠᠭᠤᠨ᠎ᠤ ᠨᠢᠭᠡᠴᠢ ᠳᠡᠭᠡᠭᠰᠢᠯᠡᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠪᠡᠶ᠎ᠡ᠎ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ᠋ ᠬᠢᠭᠡᠳ ᠬᠥᠳᠡᠯᠮᠦᠷᠢ ᠵᠢᠨ ᠰᠤᠷᠭᠠᠨ ᠬᠥᠮᠦᠵᠢᠯ᠎ᠦᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ 《ᠲᠠᠷᠠᠭᠠᠴᠢ ᠪᠡᠷ ᠥᠪᠥᠷ ᠮᠣᠩᠭᠣᠯ 〈ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ〉 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠪᠠᠷᠢᠮᠲᠠᠯᠠᠨ᠂ ᠡᠷᠡᠭᠦᠯ ᠮᠡᠨᠳᠦ ᠰᠤᠷᠭᠠᠭᠤᠯᠢ᠎ᠪᠠᠷ ᠭᠠᠷᠳᠠᠴᠠ ᠪᠣᠯᠭᠠᠵᠤ᠂ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠦᠨ ᠪᠡᠶ᠎ᠡ᠎ᠶᠢᠨ ᠲᠠᠮᠢᠷ᠎ᠤᠨ ᠳᠠᠰᠬᠠᠯ᠎ᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢ ᠶᠡᠬᠡᠪᠡᠷ ᠬᠥᠭᠵᠢᠭᠦᠯᠦᠨ᠂ ᠰᠤᠷᠭᠠᠭᠤᠯᠢ᠎ᠶᠢᠨ ᠭᠤᠸ᠎ᠠ ᠰᠠᠢᠬᠠᠨ ᠵᠢᠡᠷ ᠤᠮᠳᠠᠯᠠᠬᠤ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠶᠣᠰᠣ᠌ ᠰᠤᠷᠳᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠵᠡᠷᠭᠡ ᠪᠥᠬᠥ ᠲᠠᠯ᠎ᠠ᠎ᠪᠠᠷ ᠬᠥᠮᠥᠵᠢᠭᠦᠯᠬᠦ ᠰᠤᠷᠭᠠᠨ ᠬᠥᠮᠦᠵᠢᠯ᠎ᠦᠨ ᠰᠢᠰᠲᠧᠮ᠎ᠢ ᠢᠳᠡᠪᠬᠢᠲᠡᠢ ᠪᠠᠢᠭᠤᠯᠵᠤ᠂ ᠰᠤᠷᠤᠭ᠍ᠴᠢᠳ᠎ᠤᠨ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠤᠨ᠎ᠠ》 ᠬᠡᠯᠡ᠃