ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ ᠢ᠋ᠢᠨ ᠰᠢᠨ᠎ᠡ ᠠᠷᠭ᠎ᠠ ᠬᠡᠮᠵᠢᠶ᠎ᠡ — ᠠᠩᠭᠢ ᠢ᠋ᠢᠨ ᠳᠦᠷᠢᠮᠲᠦ 《ᠠᠭᠤᠰᠤᠯᠴᠠᠭᠤᠯᠤᠨ ᠴᠤᠬᠴᠠᠯᠠᠬᠤ ᠮᠠᠶᠢᠭ᠋》 ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠤᠷᠰᠢᠯᠲᠠ᠎ᠶᠢᠨ ᠴᠡᠭ᠎ᠤᠨ ᠠᠵᠢᠯ ᠡᠬᠢᠯᠡᠪᠡ
2026-05-18 11:26:25
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ 2026 ᠣᠨ᠎ᠤ ᠠᠩᠬᠢ᠎ᠶᠢᠨ ᠳᠦᠷᠢᠮᠲᠦ 《ᠠᠭᠤᠰᠤᠯᠴᠠᠭᠤᠯᠤᠨ ᠴᠤᠬᠴᠠᠯᠠᠬᠤ ᠮᠠᠶᠢᠭ᠋》 ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠤᠷᠰᠢᠯᠲᠠ ᠢ᠋ᠢᠨ ᠴᠡᠭ᠎ᠤᠨ ᠡᠬᠢᠯᠡᠯᠲᠡ ᠢ᠋ᠢᠨ ᠶᠤᠰᠤᠯᠠᠯ ᠤᠢᠷ᠎ᠠ᠎ᠳᠤ ᠪᠡᠭᠡᠵᠢᠩ ᠬᠣᠲᠠ᠎ᠶᠢᠨ ᠱᠦᠨ ᠢ ᠲᠣᠭᠣᠷᠢᠭ᠋᠎ᠤᠨ ᠮᠢᠩᠭᠠᠨ ᠮᠦ᠍ ᠣᠶ ᠰᠢᠭᠤᠢ᠎ᠶᠢᠨ ᠴᠡᠴᠡᠷᠯᠢᠭ᠎ᠲᠦ ᠶᠠᠪᠤᠭᠳᠠᠪᠠ᠃ ᠲᠣᠰ ᠤᠳᠠᠭᠠᠨ᠎ᠤ ᠠᠵᠢᠯᠯᠠᠭ᠎ᠠ᠎ᠶᠢ ᠪᠡᠭᠡᠵᠢᠩ ᠬᠣᠲᠠ᠎ᠶᠢᠨ ᠰᠤᠷᠭᠠᠨ ᠬᠥᠮᠦᠵᠢᠯ᠎ᠦᠨ ᠵᠥᠪᠯᠡᠯ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠲᠠᠢ ᠬᠠᠮᠲᠤᠷᠠᠨ ᠵᠣᠬᠢᠶᠠᠨ ᠪᠠᠢᠭᠤᠯᠵᠤ᠂ ᠱᠦᠨ ᠢ ᠲᠣᠭᠣᠷᠢᠭ᠋᠎ᠤᠨ ᠰᠤᠷᠭᠠᠨ ᠬᠥᠮᠦᠵᠢᠯ᠎ᠦᠨ ᠵᠥᠪᠯᠡᠯ᠂ ᠬᠢᠩᠭᠠᠨ ᠠᠢᠮᠠᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠂ ᠨᠡᠢᠰᠯᠡᠯ᠎ᠦᠨ ᠪᠠᠭ᠍ᠰᠢ᠎ᠶᠢᠨ ᠶᠡᠬᠡ ᠰᠤᠷᠭᠠᠭᠤᠯᠢ ᠠ᠋ᠴᠠ ᠭᠣᠣᠯᠯᠠᠨ ᠡᠷᠭᠢᠯᠡᠵᠦ᠂ ᠨᠡᠢᠰᠯᠡᠯ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠱᠦᠨ ᠢ ᠲᠤᠷᠰᠢᠯᠲᠠ᠎ᠶᠢᠨ ᠰᠤᠷᠭᠠᠭᠤᠯᠢ᠂ ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ ᠢᠨᠳᠡᠷ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ ᠬᠠᠪᠰᠤᠷᠤᠯᠴᠠᠭ᠎ᠠ ᠪᠤᠯᠤᠬᠰᠠᠨ ᠬᠤᠶᠠᠷ ᠰᠤᠷᠭᠠᠭᠤᠯᠢ ᠢ᠋ᠢᠨ ᠪᠠᠭ᠍ᠰᠢ ᠰᠤᠷᠤᠭ᠍ᠴᠢᠳ ᠠᠵᠢᠯᠯᠠᠭ᠎ᠠ᠎ᠳᠤ ᠣᠷᠣᠯᠴᠠᠵᠠᠢ᠃


QQ截图20260518113008.png


ᠣᠢᠷ᠎ᠠ᠎ᠶᠢᠨ ᠵᠢᠯ᠎ᠡᠴᠡ᠂ ᠪᠡᠭᠡᠵᠢᠩ ᠬᠤᠳᠠ᠎ᠶᠢᠨ ᠰᠤᠷᠭᠠᠨ ᠬᠥᠮᠦᠵᠢᠯ᠎ᠦᠨ ᠵᠥᠪᠯᠡᠯ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠢᠷᠡᠭᠦᠯᠬᠦ ᠪᠡᠷ ᠭᠠᠷᠳᠠᠴᠠ ᠪᠣᠯᠭᠠᠵᠤ᠂ 《ᠠᠭᠤᠰᠤᠯᠴᠠᠭᠤᠯᠤᠨ ᠴᠤᠬᠴᠠᠯᠠᠬᠤ ᠮᠠᠶᠢᠭ᠋》 ᠤ᠋ᠨ ᠰᠤᠷᠭᠠᠨ ᠬᠥᠮᠦᠵᠢᠯ᠎ᠦᠨ ᠬᠠᠮᠵᠢᠯᠴᠠᠭᠠᠨ᠎ᠤ ᠰᠢᠨ᠎ᠡ ᠬᠡᠪ ᠵᠠᠭᠪᠤᠷ ᠰᠢᠨ᠎ᠡ ᠠᠷᠭ᠎ᠠ ᠵᠠᠮ᠎ᠢ ᠰᠦᠪᠡᠭᠴᠢᠯᠡᠨ ᠦᠢᠯᠡᠳᠦᠯᠭᠡᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠬᠠᠤ ᠵᠢ ᠨᠢᠳᠦᠨ᠎ᠳᠦ ᠦᠵᠡᠭᠳᠡᠮ᠎ᠠ᠂ ᠰᠡᠳᠭᠢᠯ᠎ᠳᠦ ᠰᠠᠭᠤᠭᠳᠠᠮ᠎ᠠ᠂ ᠭᠠᠷ᠎ᠲᠦ ᠪᠠᠷᠢᠭᠳᠠᠮ᠎ᠠ ᠪᠤᠯᠭᠠᠵᠦ᠂ ᠢᠲᠡᠪᠬᠢᠲᠡᠢ ᠦᠷ᠎ᠡ ᠪᠦᠲᠦᠮᠵᠢ ᠣᠯᠵᠠᠢ᠃ ᠲᠤᠰ ᠤᠳᠠᠭ᠎ᠠ ᠠᠩᠬᠢ᠎ᠶᠢᠨ ᠳᠦᠷᠢᠮᠲᠦ 《ᠠᠭᠤᠰᠤᠯᠴᠠᠭᠤᠯᠤᠨ ᠴᠤᠬᠴᠠᠯᠠᠬᠤ ᠮᠠᠶᠢᠭ᠋》 ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠵᠢᠯᠯᠠᠭ᠎ᠠ ᠢ᠋ᠢᠨ ᠲᠤᠷᠰᠢᠯᠲᠠ ᠢ᠋ᠢᠨ ᠴᠡᠭ᠎ᠤᠨ ᠠᠵᠢᠯ ᠢ᠋ ᠡᠬᠢᠯᠡᠭᠦᠯᠦᠭᠰᠡᠨ ᠨᠢ᠂ ᠥᠩᠭᠡᠷᠡᠭᠰᠡᠨ᠎ᠦ ᠠᠵᠢᠯᠯᠠᠭ᠎ᠠ᠎ᠶᠢᠨ ᠬᠠᠮᠤᠷᠬᠤ ᠬᠡᠪᠴᠢᠶ᠎ᠡ ᠬᠢᠵᠠᠭᠠᠷᠲᠠᠢ᠂ ᠠᠭᠤᠰᠤᠯᠴᠠᠯ ᠭᠦᠨᠵᠡᠭᠡᠢ ᠪᠤᠰᠤ᠂ ᠠᠵᠢᠯᠯᠠᠭ᠎ᠠ᠎ᠶᠢᠨ ᠵᠣᠬᠢᠶᠠᠨ ᠪᠠᠢᠭᠤᠯᠤᠯᠲᠠ ᠰᠢᠰᠲᠧᠮ ᠦᠭᠡᠢ ᠵᠡᠷᠭᠡ ᠪᠠᠢᠳᠠᠯ᠎ᠳᠤ ᠴᠢᠭᠯᠡᠭᠦᠯᠦᠨ᠂ ᠠᠩᠬᠢ ᠢ᠋ᠢᠨ ᠲᠦᠷᠢᠮᠲᠦ᠂ ᠪᠡᠶᠡᠴᠢᠯᠡᠨ ᠤᠢᠯᠠᠭᠠᠬᠤ ᠮᠠᠶᠢᠭ᠎ᠤᠨ᠂ ᠪᠠᠢᠩᠭᠤᠵᠢᠬᠰᠠᠨ ᠰᠤᠷᠤᠬᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠵᠠᠬᠪᠤᠷ ᠢ᠋ ᠰᠢᠨ᠎ᠡ ᠵᠢ ᠡᠭᠦᠲᠦᠨ ᠴᠤᠬᠴᠠᠯᠠᠵᠦ᠂ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠠᠶᠠᠨᠲᠠᠭᠠᠨ ᠠᠭᠤᠰᠬᠠᠨ ᠣᠷᠣᠭᠤᠯᠵᠤ᠂ ᠪᠡᠭᠡᠵᠢᠩ ᠪᠣᠯᠣᠨ ᠲᠤᠰᠠᠯᠠᠮᠵᠢ ᠭᠥᠷᠳᠡᠬᠦ ᠭᠠᠵᠠᠷ᠎ᠤᠨ ᠰᠤᠷᠤᠭ᠍ᠴᠢᠳ ᠢ᠋ 《ᠲᠥᠬᠥᠮ ᠠᠭᠤᠯᠵᠠᠯᠲᠠ》 ᠬᠢᠵᠦ ᠪᠠᠢᠭᠰᠠᠨ ᠠ᠋ᠴᠠ ᠨᠢ 《ᠬᠠᠮᠲᠤ ᠢᠳᠡᠵᠦ᠂ ᠬᠠᠮᠲᠤ ᠰᠠᠭᠤᠵᠤ᠂ ᠬᠠᠮᠲᠤ ᠰᠤᠷᠤᠯᠴᠠᠵᠤ᠂ ᠬᠠᠮᠲᠤ ᠦᠰᠦᠨ ᠪᠣᠢᠵᠢᠬᠤ》 ᠪᠣᠯᠭᠠᠨ ᠲᠠᠰ ᠳᠡᠪᠰᠢᠭᠦᠯᠬᠦ ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠢ᠋ ᠮᠡᠲᠡᠷᠡᠵᠦ ᠲᠡᠢᠯᠬᠦ᠂ ᠦᠨᠡᠨ ᠪᠤᠲᠠᠲᠠᠢ᠂ ᠤᠷᠳᠤ ᠬᠤᠭᠤᠴᠠᠭᠠᠨ᠎ᠤ ᠪᠦᠲᠦᠮᠵᠢᠲᠡᠢ ᠪᠤᠯᠭᠠᠪᠠ᠃

ᠲᠣᠰ ᠤᠳᠠᠭᠠᠨ᠎ᠤ ᠠᠩᠭᠢ᠎ᠶᠢᠨ ᠳᠦᠷᠢᠮᠲᠦ 《ᠠᠭᠤᠰᠤᠯᠴᠠᠭᠤᠯᠤᠨ ᠴᠤᠬᠴᠠᠯᠠᠬᠤ ᠮᠠᠶᠢᠭ᠋》 ᠤ᠋ᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠲᠤᠷᠰᠢᠯᠲᠠ ᠢ᠋ᠢᠨ ᠴᠡᠭ᠎ᠤᠨ ᠠᠵᠢᠯ ᠪᠣᠯ ᠦᠨᠳᠦᠰᠦᠲᠡᠨ᠎ᠦ ᠭᠠᠵᠠᠷ ᠣᠷᠣᠨ ᠬᠢᠭᠡᠳ ᠨᠡᠢᠰᠯᠡᠯ᠎ᠦᠨ ᠵᠠᠯᠠᠭᠤᠴᠤᠳ ᠪᠠᠭᠠᠴᠤᠳ᠎ᠤᠨ ᠠᠭᠤᠰᠤᠯᠴᠠᠯ᠎ᠢ ᠰᠢᠰᠲᠧᠮᠵᠢᠭᠦᠯᠦᠨ ᠠᠬᠢᠭᠤᠯᠤᠭᠰᠠᠨ ᠰᠢᠨ᠎ᠡ᠎ᠶᠢ ᠡᠭᠦᠲᠦᠭᠰᠡᠨ ᠦᠢᠯᠡᠳᠦᠯᠭᠡ ᠮᠥᠨ᠂ ᠡᠨᠡ ᠨᠢ ᠢᠯᠡ ᠲᠣᠳᠣ᠌ ᠣᠨᠴᠠᠯᠢᠭ᠋᠎ᠲᠠᠢ᠄ ᠵᠣᠬᠢᠶᠠᠨ ᠪᠠᠢᠭᠤᠯᠤᠯᠲᠠ᠎ᠶᠢᠨ ᠵᠠᠭᠪᠤᠷ᠎ᠢ ᠰᠢᠰᠲᠧᠮᠵᠢᠭᠦᠯᠦᠨ᠂ 《ᠬᠠᠪᠰᠤᠷᠤᠯᠴᠠᠭ᠎ᠠ ᠪᠤᠯᠬᠤ ᠲᠣᠭᠣᠷᠢᠭ᠋ — ᠬᠠᠪᠰᠤᠷᠤᠯᠴᠠᠭ᠎ᠠ ᠪᠤᠯᠬᠤ ᠰᠤᠷᠭᠠᠭᠤᠯᠢ — ᠬᠠᠪᠰᠤᠷᠤᠯᠴᠠᠭ᠎ᠠ ᠪᠤᠯᠬᠤ ᠠᠩᠭᠢ》 ᠪᠠᠷ ᠪᠡᠭᠡᠵᠢᠩ ᠥᠪᠥᠷ ᠮᠣᠩᠭᠣᠯ᠎ᠤᠨ ᠬᠠᠪᠰᠤᠷᠤᠯᠴᠠᠭ᠎ᠠ ᠪᠤᠯᠤᠬᠰᠠᠨ ᠬᠣᠶᠠᠷ ᠰᠤᠷᠭᠠᠭᠤᠯᠢ᠎ᠶᠢᠨ 4 ᠠᠩᠭᠢ᠎ᠶᠢ ᠬᠤᠤᠰ ᠬᠤᠤᠰ᠎ᠢᠶᠠᠷ ᠬᠠᠪᠰᠤᠷᠤᠯᠴᠠᠭ᠎ᠠ ᠪᠤᠯᠭᠠᠵᠦ᠂ ᠣᠷᠳᠣ᠌ ᠬᠤᠭᠤᠴᠠᠭᠠᠨ᠎ᠤ ᠬᠠᠷᠢᠯᠴᠠᠭᠠᠨ᠎ᠤ ᠰᠢᠰᠲᠧᠮ᠎ᠢ ᠪᠠᠢᠭᠤᠯᠪᠠ; ᠬᠤᠷᠰᠢᠯᠴᠠᠨ ᠠᠭᠤᠰᠤᠯᠴᠠᠬᠤ᠎ᠶᠢ ᠭᠦᠨᠵᠡᠭᠡᠢᠷᠡᠭᠦᠯᠵᠦ᠂ 163 ᠰᠤᠷᠤᠭ᠍ᠴᠢ ᠬᠠᠮᠲᠤ ᠢᠳᠡᠵᠦ᠂ ᠬᠠᠮᠲᠤ ᠰᠠᠭᠤᠵᠤ᠂ ᠬᠠᠮᠲᠤ ᠰᠤᠷᠤᠯᠴᠠᠵᠤ᠂ ᠬᠠᠮᠲᠤ ᠬᠥᠳᠡᠯᠮᠦᠷᠢᠯᠡᠵᠦ᠂ ᠵᠠᠬᠢᠳᠠᠯ ᠴᠢᠮᠡᠭᠡᠨ᠎ᠦ ᠰᠣᠯᠢᠯᠴᠠᠭ᠎ᠠ᠂ ᠭᠡᠷ ᠪᠦᠯᠢ᠎ᠶᠢᠨ ᠣᠢᠯᠠᠭᠠᠯᠴᠠᠭ᠎ᠠ᠂ ᠰᠣᠶᠣᠯ ᠪᠡᠶ᠎ᠡ᠎ᠶᠢᠨ ᠲᠠᠮᠢᠷ᠎ᠤᠨ ᠥᠷᠭᠡᠵᠢᠯ ᠵᠡᠷᠭᠡ᠎ᠪᠡᠷ ᠭᠦᠨᠵᠡᠭᠡᠢ ᠶᠠᠪᠤᠯᠴᠠᠭ᠎ᠠ᠎ᠶᠢ ᠠᠬᠢᠭᠤᠯᠪᠠ; ᠵᠢᠭᠠᠨ ᠰᠤᠷᠭᠠᠯᠲᠠ᠎ᠶᠢᠨ ᠬᠢᠴᠢᠶᠡᠯ᠎ᠢ ᠰᠢᠰᠲᠧᠮᠵᠢᠭᠦᠯᠵᠦ᠂ ᠬᠤᠪᠢᠰᠬᠠᠯ᠎ᠤᠨ ᠤᠯᠠᠮᠵᠢᠯᠠᠯ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠦᠪᠡᠭᠴᠢᠯᠡᠯᠲᠡ᠂ ᠦᠨᠳᠦᠰᠦᠲᠡᠨ᠎ᠦ ᠠᠭᠤᠰᠤᠯᠴᠠᠯ ᠵᠡᠷᠭᠡ ᠭᠤᠷᠪᠠᠨ ᠶᠡᠬᠡ ᠭᠣᠣᠯ ᠰᠡᠳᠦᠪ᠎ᠦᠨ ᠲᠣᠭᠣᠷᠢᠨ᠎ᠳᠤ᠂ ᠰᠣᠶᠣᠯ᠎ᠢ ᠡᠷᠢᠯᠬᠢᠯᠡᠨ ᠰᠤᠷᠪᠤᠯᠵᠢᠯᠠᠬᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠨᠢᠭᠤᠴᠠ᠎ᠶᠢ ᠬᠠᠢᠬᠤ᠂ ᠪᠣᠳᠠᠰ᠎ᠤᠨ ᠪᠤᠰᠤ ᠰᠣᠶᠣᠯ᠎ᠤᠨ ᠥᠪ ᠢ᠋ ᠪᠡᠶᠡᠴᠢᠯᠡᠨ ᠣᠢᠯᠠᠭᠠᠬᠤ ᠵᠡᠷᠭᠡ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠢ᠋ ᠪᠦᠷᠢᠯᠳᠦᠭᠦᠯᠪᠡ; ᠠᠵᠢᠯᠯᠠᠭ᠎ᠠ ᠵᠢ ᠲᠣᠭᠠᠴᠢᠯᠠᠯᠲᠠ ᠪᠡᠷ ᠲᠤᠯᠭᠠᠭᠤᠷᠢᠯᠠᠵᠤ᠂ ᠨᠡᠢᠰᠯᠡᠯ᠎ᠦᠨ ᠰᠤᠷᠭᠠᠨ ᠬᠥᠮᠦᠵᠢᠯ᠎ᠦᠨ ᠬᠠᠮᠵᠢᠯᠴᠠᠭᠠᠨ᠎ᠤ ᠣᠶᠤᠨᠴᠢ ᠲᠠᠪᠴᠠᠩ᠎ᠳᠤ ᠲᠦᠰᠢᠭᠯᠡᠨ ᠰᠦᠯᠵᠢᠶᠡᠨ ᠳᠡᠭᠡᠷ᠎ᠠ ᠤᠷᠢᠳᠴᠢᠯᠠᠨ ᠰᠤᠷᠤᠯᠴᠠᠨ ᠪᠡᠯᠡᠳᠬᠡᠯ ᠬᠢᠵᠦ᠂ ᠪᠣᠳᠠᠲᠤ ᠦᠵᠡᠭᠲᠡᠯ᠎ᠤᠨ ᠵᠢᠭᠠᠨ ᠰᠤᠷᠭᠠᠯᠲᠠ᠎ᠶᠢ ᠪᠡᠶᠡᠯᠡᠭᠦᠯᠵᠦ᠂ ORQ ᠰᠡᠳᠬᠢᠬᠦᠢ᠎ᠶᠢᠨ ᠡᠳᠦᠷ᠎ᠦᠨ ᠲᠡᠮᠳᠡᠭᠯᠡᠯ᠎ᠦᠨ ᠴᠢᠳᠠᠮᠵᠢ᠎ᠶᠢ ᠬᠠᠩᠭᠠᠵᠤ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠪᠠᠢᠭᠠᠳ ᠡᠳᠦᠷ ᠪᠦᠷᠢ᠎ᠶᠢᠨ ᠰᠤᠷᠤᠯᠴᠠᠯᠭ᠎ᠠ᠎ᠶᠢᠨ ᠳᠤᠮᠳᠠ ᠠᠵᠢᠭ᠍ᠯᠠᠬᠤ᠂ ᠡᠷᠭᠢᠴᠡᠭᠦᠯᠦᠨ ᠪᠣᠳᠣᠯᠬᠢᠯᠠᠬᠤ᠂ ᠨᠡᠬᠡᠮᠵᠢᠯᠡᠨ ᠠᠰᠠᠭᠤᠬᠤ ᠭᠤᠷᠪᠠᠨ ᠭᠣᠭᠴᠣᠭ᠎ᠠ᠎ᠪᠠᠷ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠡᠵᠡᠮᠰᠢᠭᠦᠯᠪᠡ᠃ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠰᠤᠷᠤᠭ᠍ᠴᠢᠳ 12 ᠡᠳᠦᠷ᠎ᠦᠨ ᠠᠵᠢᠯᠯᠠᠭ᠎ᠠ ᠳᠤᠮᠳᠠ ᠭᠦᠨ ᠵᠤᠵᠠᠭᠠᠨ ᠨᠥᠬᠥᠷᠯᠡᠯ ᠢ᠋ ᠪᠠᠢᠭᠤᠯᠵᠤ᠂ ᠦᠵᠡᠵᠦ ᠰᠣᠨᠣᠰᠤᠭᠰᠠᠨ᠂ ᠰᠤᠷᠴᠤ ᠡᠵᠡᠮᠰᠢᠭᠰᠡᠨ ᠵᠦᠢᠯ᠎ᠢᠶᠡᠨ ᠥᠰᠦᠨ ᠪᠣᠶ᠋ᠢᠵᠢᠯᠲᠠ᠎ᠶᠢᠨ ᠬᠥᠳᠡᠯᠭᠡᠬᠦ ᠬᠦᠴᠦᠨ ᠪᠠ ᠤᠷᠤᠭᠰᠢᠯᠠᠯᠲᠠ᠎ᠶᠢᠨ ᠬᠦᠴᠦᠨ ᠪᠣᠯᠭᠠᠨ ᠬᠤᠪᠢᠷᠠᠭᠤᠯᠪᠠ᠃

 (ᠭᠡᠷᠡᠯ ᠵᠢᠷᠤᠭ᠎ᠢ ᠥᠪᠥᠷ ᠮᠣᠩᠭᠣᠯ᠎ᠤᠨ ᠰᠤᠷᠭ᠋ᠠᠨ ᠬᠥᠮᠥᠵᠢᠯ᠎ᠦᠨ ᠨᠡᠢ᠌ᠲᠡᠯᠡᠯ ᠲᠠᠪᠴᠠᠩ᠎ᠠᠴᠠ ᠠᠪᠤᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号