《ᠠᠭᠤᠯᠠ ᠬᠦᠭᠡᠷᠠᠪᠠᠯ ᠬᠦᠮᠦᠨ ᠠᠷᠠᠳ ᠤ᠋ᠨ ᠰᠡᠳᠬᠢᠯ ᠲᠡᠨᠢᠭᠡᠷ》
2026-05-18 11:01:01
ᠵᠣᠬᠢᠶᠠᠭ᠍ᠴᠢ᠄
ᠯᠢᠦ ᠶᠠᠩ ᠱᠢᠤᠢ ᠴᠢᠨ ᠴᠧᠨ
ᠣᠩᠱᠢᠭ᠍ᠰᠠᠨ ᠣᠳᠠᠭ᠎ᠠ᠄
★★★☆☆

—  ᠴᠢᠩ ᠱᠦᠢ ᠾᠧ ᠱᠢᠶᠠᠨ ᠳᠥᠴᠢᠨ ᠵᠢᠯ ᠦᠷᠭᠦᠯᠵᠢᠯᠡᠨ ᠲᠡᠮᠡᠴᠡᠵᠦ᠍ ᠠᠭ᠍ᠯᠠᠭ ᠠᠭᠤᠯᠨ  ᠪᠠᠨ ᠨᠤᠭᠤᠭᠠᠷᠠᠭᠤᠯᠪᠠ                                  

ᠥᠩᠭᠡᠷᠡᠭ᠌ᠰᠡᠨ᠎ᠳᠦ᠂ ᠡᠨᠳᠡᠬᠢ ᠨᠢ 《ᠡᠯᠡᠰᠤᠨ ᠰᠢᠭᠤᠷᠭ᠎ᠠ ᠦᠷᠬᠦᠯᠵᠢᠯᠡᠨ᠂ ᠦᠶᠠᠷ ᠤᠰᠤᠳᠤᠯ ᠤ᠋ᠨ ᠭᠠᠮᠰᠢᠭ ᠪᠠᠢᠨᠭᠭᠤ ᠡᠬᠦᠰᠦᠭᠰᠡᠨ》 ᠠᠮᠢ ᠠᠬᠤᠶ᠎ᠶ᠋ᠢᠨ ᠬᠣᠷᠢᠭᠠᠲᠤ ᠣᠷᠣᠨ ᠪᠠᠢᠵᠤ᠂ ᠬᠤᠪᠠᠬᠠᠶ ᠠᠭᠤᠯᠠ᠂ ᠡᠯᠡᠰᠦ ᠤᠷᠤᠭ᠍ᠰᠢᠯᠠᠨ ᠬᠥᠮᠦᠨ ᠤᠬᠤᠷᠢᠵᠤ᠂ ᠣᠶ ᠱᠢᠭᠤᠶ᠎ᠶ᠋ᠢᠨ ᠪᠦᠷᠬᠦᠴᠡ 0.1% ᠬᠥᠷᠬᠥ᠌ ᠥᠬᠡᠶ ᠪᠠᠢᠵᠤ᠂ ᠬᠥᠷᠥᠰᠥ᠍ ᠱᠢᠷᠣᠶ᠎ᠶ᠋ᠢᠨ ᠢᠳᠡᠭ᠌ᠳᠡᠯ ᠪᠣᠯᠤᠨ ᠭᠠᠵᠠᠷ ᠱᠢᠷᠣᠶ᠎ᠶ᠋ᠢᠨ ᠡᠯᠡᠰᠦᠷᠭᠡᠭᠵᠢᠯ ᠶᠠᠪᠤᠬᠤ ᠲᠤᠳᠤᠮ ᠭᠡᠴᠡᠬᠦᠳᠡᠵᠤ ᠪᠠᠢᠵᠠᠢ; ᠡᠳᠦᠭᠡ᠂ ᠡᠨᠳᠡᠬᠢ ᠨᠢ ᠤᠢ ᠮᠣᠳᠣ ᠡᠪᠡᠰᠦ ᠪᠡᠯᠴᠢᠭᠡᠷ ᠢᠭ᠍ᠴᠤ ᠰᠠᠬᠤᠯᠢᠭ᠂ ᠠᠭᠤᠯᠠ ᠤᠰᠤ ᠬᠥᠬᠡᠷᠡᠨ ᠨᠣᠭᠣᠭᠠᠷᠠᠭ᠍ᠰᠠᠨ ᠨᠣᠭᠣᠭᠠᠨ ᠪᠦᠷᠢᠳᠦ ᠪᠤᠯᠵᠤ᠂ ᠭᠤᠤ ᠭᠠᠩᠭ᠎ᠠ ᠨᠢ ᠨᠤᠮᠢᠨ ᠨᠤᠭᠤᠭᠠᠨ ᠦᠩᠬᠡ ᠪᠡᠷ ᠬᠤᠴᠢᠬᠳᠠᠵᠦ᠂ ᠦᠵᠡᠮᠵᠢ ᠨᠢ ᠭᠤᠶᠤ ᠠᠷᠠᠳ ᠨᠢ ᠪᠠᠶᠠᠵᠢᠨ ᠴᠢᠨᠡᠭᠡᠯᠢᠭᠵᠢᠭᠰᠡᠨ ᠠᠮᠢ ᠠᠬᠤᠢ᠎ᠶ᠋ᠢᠨ ᠵᠢᠷᠤᠭ ᠠᠯᠭᠤᠷᠬᠠᠨ ᠳᠡᠯᠭᠡᠭ᠌ᠳᠡᠨ᠎ᠠ᠃ ᠬᠥᠬᠡᠬᠣᠲᠠ᠎ᠶ᠋ᠢᠨ ᠴᠢᠩ ᠱᠦᠢ ᠾᠧ ᠱᠢᠶᠠᠨ 40 ᠵᠢᠯ᠎ᠢ ᠨᠢᠭᠡ ᠯᠡ ᠡᠳᠦᠷ ᠮᠡᠲᠦ᠍᠎ᠪᠡᠷ ᠪᠠᠲᠤ ᠰᠠᠬᠢᠵᠤ᠂ ᠡᠯᠡᠰᠦ᠎ᠶ᠋ᠢ ᠨᠣᠭᠣᠭᠠᠷᠠᠭᠤᠯᠵᠤ᠂ ᠨᠣᠭᠣᠭᠠᠷᠠᠭᠤᠯᠤᠯᠲᠠ᠎ᠡᠴᠡ ᠠᠰᠢᠭ ᠬᠦᠷᠳᠡᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠢᠵᠤ ᠡᠯᠡᠰᠦ᠎ᠶ᠋ᠢ ᠵᠠᠰᠠᠵᠤ ᠱᠢᠶᠠᠨ ᠎ᠢ ᠮᠠᠨᠳᠤᠭᠤᠯᠬᠤ ᠵᠠᠮ᠎ᠢᠶᠠᠷ ᠵᠠᠮᠨᠠᠪᠠ᠃

ᠴᠢᠩ ᠱᠦᠢ ᠾᠧ ᠱᠢᠶᠠᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶᠠᠨ᠎ᠤ ᠳᠠᠷᠤᠭ᠎ᠠ ᠱ᠌ᠢ ᠬᠠᠢ ᠵᠢᠶ᠍ᠸ᠂ ᠬᠡᠳᠦᠨ ᠠᠷᠪᠠᠨ ᠵᠢᠯ᠎ᠦᠨ ᠪᠤᠤᠬᠢᠶ᠎ᠠ ᠳᠠᠮᠵᠢᠭᠤᠯᠤᠨ ᠪᠣᠭᠣᠮᠲᠠ ᠱᠢᠪᠲᠤᠯᠬᠤ᠎ᠪᠠᠷ ᠳᠠᠮᠵᠢᠨ᠂ ᠪᠦᠬᠦ᠌ ᠱᠢᠶᠠᠨ᠎ᠤ ᠠᠮᠢ ᠠᠬᠤᠢ ᠳ᠋ᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠠᠢ᠄ ᠣᠢᠲᠤ ᠭᠠᠵᠠᠷ᠎ᠤᠨ ᠶᠡᠷᠦᠩᠬᠡᠢ ᠲᠠᠯᠠᠪᠠᠢ 9.95 ᠲᠦᠮᠡᠨ ᠾᠧᠺᠲ᠋ᠠᠷ᠎ᠲᠤ ᠬᠦᠷᠴᠦ᠍᠂ ᠶᠡᠷᠦᠩᠬᠡᠢ ᠭᠠᠵᠠᠷ ᠱᠢᠷᠣᠢ᠎ᠶ᠋ᠢᠨ ᠲᠠᠯᠠᠪᠠᠢ᠎ᠶ᠋ᠢᠨ 35.34%  ᠵᠢ ᠡᠵᠡᠯᠡᠵᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 20.62% ᠪᠣᠯᠤᠨ ᠳᠡᠭᠡᠭ᠌ᠰᠢᠯᠡᠵᠡᠢ; ᠨᠤᠲᠤᠭ ᠪᠡᠯᠴᠢᠭᠡᠷ᠎ᠦᠨ ᠶᠡᠷᠦᠩᠬᠡᠶ ᠲᠠᠯᠠᠪᠠᠶ᠎ᠨᠢ 10.05 ᠲᠦᠮᠡᠨ ᠾᠧᠺᠲ᠋ᠠᠷ ᠪᠠᠢᠵᠤ᠂ ᠶᠡᠷᠦᠩᠬᠡᠶ ᠭᠠᠵᠠᠷ ᠱᠢᠷᠣᠶ ᠎ᠶ᠋ᠢᠨ ᠲᠠᠯᠠᠪᠠᠶ ᠎ᠶ᠋ᠢᠨ 35.66% ᠎ᠶ᠋ᠢ ᠡᠵᠡᠯᠡᠵᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ  ᠪᠦᠷᠬᠦᠴᠡ᠎ᠶ᠋ᠢ 50% ᠎ᠳ᠋ᠤ ᠲᠣᠭ᠍ᠲᠠᠪᠤᠷᠢᠵᠢᠭᠤᠯᠪᠠ᠃ ᠠᠮᠢ ᠠᠬᠤᠶ᠎ᠶ᠋ᠢᠨ ᠬᠠᠯᠬᠠᠪᠴᠢ ᠦᠷᠭᠦᠯᠵᠢᠯᠡᠨ ᠪᠡᠬᠢᠵᠢᠵᠦ᠍᠂ ᠨᠤᠮᠢᠨ ᠨᠤᠭᠤᠭᠠᠨ ᠳᠡᠪᠢᠰᠭᠡᠷ ᠥᠩᠭᠡ ᠨᠢ ᠨᠠᠩ ᠵᠤᠵᠠᠭᠠᠨ ᠪᠣᠯᠵᠣ᠂ ᠥᠩᠭᠡᠷᠡᠭ᠌ᠰᠡᠨ᠎ᠦ ᠲᠠᠴᠢᠷ ᠨᠢᠮᠭᠡᠨ ᠱᠢᠷ᠎ᠠ ᠬᠥᠷᠥᠰᠥᠲᠦ ᠭᠠᠵᠠᠷ ᠨᠢ ᠦᠨᠡᠨ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠠᠮᠢ ᠠᠬᠤᠶ᠎ᠶ᠋ᠢᠨ ᠬᠡᠷ ᠣᠷᠣᠨ ᠪᠣᠯᠵᠣ ᠬᠤᠪᠢᠷᠠᠵᠠᠢ ᠭᠡᠵᠤ ᠲᠠᠨᠢᠯᠴᠠᠭᠤᠯᠪᠠ᠃

ᠠᠮᠢ ᠠᠬᠤᠢ᠎ᠶ᠋ᠢᠨ ᠯᠤᠲᠤ ᠶᠡᠬᠡ ᠬᠤᠪᠢᠷᠠᠯᠲᠠ᠎ᠶ᠋ᠢᠨ ᠠᠷᠤ᠎ᠳᠤ ᠦᠶ᠎ᠡ ᠦᠶ᠎ᠡ᠎ᠶ᠋ᠢᠨ ᠡᠯᠡᠰᠦ ᠵᠢ ᠵᠠᠰᠠᠬᠤ ᠬᠥᠮᠦᠰ ᠦᠶ᠎ᠡ ᠤᠯᠠᠮᠵᠢᠯᠠᠵᠤ ᠢᠷᠡᠭ᠌ᠰᠡᠨ ᠪᠠᠲᠤ ᠰᠠᠬᠢᠯᠳᠠ ᠪᠤᠢ᠂ ᠪᠸᠢ ᠪᠤᠤ ᠱᠢᠶᠠᠩ᠎ᠤᠨ ᠤᠤᠯ᠎ᠤᠨ ᠺᠠᠳ᠋ᠷ᠎ᠯᠣ᠌ ᠱᠤᠸᠠᠨ ᠾᠸᠤ ᠪᠣᠯ ᠤᠯᠠᠨ ᠲᠦᠮᠡᠨ᠎ᠦ ᠰᠡᠳᠭᠢᠯ᠎ᠳᠡᠬᠢ 《ᠲᠡᠨᠡᠭ ᠡᠪᠦᠭᠡᠨ》 ᠪᠣᠯᠤᠨ᠎ᠠ᠃ ᠳᠡᠭᠡᠷ᠎ᠡ ᠵᠠᠭᠤᠨ᠎ᠤ ᠲᠠᠯᠠᠭᠠᠳ ᠣᠨ᠎ᠤ ᠰᠡᠭᠦᠯᠴᠢ᠎ᠪᠡᠷ᠂ ᠬᠠᠮᠠᠷ ᠠᠳᠬᠠᠬᠤ ᠡᠪᠡᠰᠤ ᠦᠭᠡᠢ ᠠᠬᠯᠠᠭ ᠠᠭᠤᠯᠠ᠂ ᠡᠯᠡᠰᠤᠨ ᠱᠢᠭᠤᠷᠭ᠎ᠠ ᠲᠡᠭᠳᠡᠭᠰᠡᠨ ᠬᠦᠴᠢᠷᠳᠡᠯ᠎ᠦᠨ ᠡᠮᠦᠨ᠎ᠡ᠂ ᠯᠣ᠌ ᠱᠤᠸᠠᠨ ᠾᠸᠤ ᠡᠯᠡᠰᠦ᠎ᠶ᠋ᠢ ᠵᠠᠰᠠᠬᠤ ᠶᠡᠬᠡ ᠲᠤᠭ᠎ᠢ ᠰᠠᠨᠠᠭᠠᠴᠢᠯᠠᠭ᠎ᠠ᠎ᠡᠴᠡ᠎ᠪᠠᠨ ᠡᠷᠭᠦᠨ᠂ ᠠᠭᠤᠯᠠ ᠳᠠᠪᠠᠭ᠎ᠠ ᠪᠡᠷ ᠬᠦᠨᠵᠡᠭᠡᠢᠷᠠᠵᠤ᠂ ᠲᠦᠷᠦᠭᠦᠯᠡᠨ ᠮᠤᠳᠤ ᠲᠠᠷᠢᠵᠤ ᠣᠢᠵᠢᠭᠤᠯᠤᠨ᠂ ᠨᠤᠲᠤᠭ᠎ᠤᠨ ᠠᠬ᠎ᠠ ᠳᠡᠭᠦᠦ᠍᠎ᠨᠡᠷ᠎ᠲᠠᠭᠡᠨ 《ᠠᠭᠤᠯᠠᠨ ᠤᠷᠤᠨ ᠳ᠋ᠡᠬᠢ ᠱᠦᠵᠢ》 ᠬᠡᠮᠡᠭ᠌ᠳᠡᠪᠡ᠃ ᠲᠤᠬᠠᠶ᠎ᠶ᠋ᠢᠨ ᠵᠢᠯ ᠤᠰᠤ ᠱᠢᠷᠣᠶ ᠳᠤᠲᠠᠬᠳᠠᠵᠤ᠂ ᠶᠡᠬᠡ ᠰᠠᠯᠬᠢᠨ ᠳ᠋ᠦ ᠴᠢᠬᠢ ᠰᠦᠢᠳᠴᠤ᠂ ᠮᠣᠳᠣ ᠲᠠᠷᠢᠬᠤ ᠨᠢ ᠲᠩᠷᠢ᠎ᠳᠦ ᠭᠠᠷᠬᠤ᠎ᠡᠴᠡ ᠪᠠᠰᠠ ᠬᠦᠴᠢᠷ ᠪᠠᠢᠵᠠᠢ᠃ ᠲᠡᠷᠡ ᠬᠦᠯᠢᠶᠡᠬᠦ᠌ ᠦᠭᠡᠢ ᠲᠦᠱᠢᠭ᠌ᠯᠡᠬᠦ᠌ ᠦᠭᠡᠢ᠎ᠪᠡᠷ ᠡᠷᠦᠭᠡ᠎ᠶ᠋ᠢᠨ ᠴᠡᠷᠢᠭ᠎ᠦᠨ ᠣᠢᠵᠢᠭᠤᠯᠤᠯᠲᠠ᠎ᠶ᠋ᠢᠨ ᠭᠠᠪᠱᠢᠭᠠᠢ ᠠᠩᠬᠢ᠎ᠶ᠋ᠢ ᠵᠣᠬᠢᠶᠠᠨ ᠪᠠᠢᠭᠤᠯᠵᠤ᠂ ᠠᠭᠤᠯᠠᠨ ᠳ᠋ᠤ ᠬᠤᠨᠤᠬᠯᠠᠨ᠂ ᠤᠢ᠎ᠶ᠋ᠢᠨ ᠳᠤᠮᠳᠠ ᠡᠷᠡᠯᠬᠡᠭ᠌ᠯᠡᠨ ᠲᠡᠮᠡᠴᠡᠵᠦ᠍᠂《ᠴᠢᠬᠢ ᠪᠣᠢᠵᠢᠭᠤᠯᠬᠤ ᠪᠠ ᠣᠢᠵᠢᠭᠤᠯᠤᠯᠲᠠ᠎ᠶ᠋ᠢ ᠤᠶᠠᠯᠳᠤᠭᠤᠯᠬᠤ᠂ ᠲᠤᠰᠭᠠᠢ ᠮᠡᠷᠭᠡᠵᠢᠯ᠎ᠦᠨ ᠠᠩᠬᠢ ᠪᠠ ᠤᠯᠠᠨ ᠲᠦᠮᠡᠨ ᠬᠣᠯᠪᠣᠭᠠᠯᠠᠨ ᠬᠥᠳᠡᠯᠦᠯᠴᠡᠬᠦ᠌》 ᠵᠠᠭ᠍ᠪᠤᠷ᠎ᠤᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠭᠡᠱᠢᠭᠦᠳ᠎ᠢᠶᠡᠨ ᠳᠠᠭᠠᠭᠤᠯᠤᠨ ᠰᠢᠷᠭᠠᠭᠤ ᠲᠡᠮᠡᠴᠡᠨ᠂ ᠪᠠᠩ ᠡᠯ ᠱᠠᠨ᠂ ᠱᠦᠢ ᠼᠤᠤ ᠭᠧᠦ᠂ ᠺᠸᠦ ᠽᠢ ᠱᠠᠩ ᠵᠡᠷᠭᠡ ᠠᠭ᠍ᠯᠠᠭ ᠠᠭᠤᠯᠠ ᠬᠡᠭᠡᠷ᠎ᠡ ᠲᠠᠯ᠎ᠠ᠎ᠳᠤ ᠨᠠᠷᠠᠰᠤ᠂ ᠬᠠᠷᠭᠠᠢ᠂ ᠨᠠᠢᠯᠵᠠᠭᠤᠷ ᠬᠠᠷᠭᠠᠨ᠎ᠠ᠂ ᠴᠢᠴᠠᠷᠭᠠᠨ᠎ᠠ ᠵᠡᠷᠭᠡ ᠭᠠᠩ᠎ᠳᠤ ᠲᠡᠰᠪᠦᠷᠢᠲᠡᠢ ᠡᠯᠡᠰᠦ᠎ᠶ᠋ᠢ ᠲᠣᠭ᠍ᠲᠠᠪᠤᠷᠢᠵᠢᠭᠤᠯᠬᠤ ᠮᠣᠳᠣᠨ᠎ᠤ ᠲᠦᠷᠦᠯ᠎ᠢ ᠬᠡᠰᠡᠭ ᠬᠡᠰᠡᠭ᠎ᠢᠶᠡᠷ ᠵᠠᠢᠯᠠᠵᠤ ᠤᠷᠭᠤᠭᠤᠯᠤᠨ᠂ ᠨᠢᠯᠬ᠎ᠠ ᠴᠢᠬᠢ ᠨᠤᠬᠦᠳ᠎ᠵᠢᠡᠷ ᠠᠭ᠍ᠯᠠᠭ ᠠᠭᠤᠯᠠ ᠪᠠᠨ ᠨᠤᠭᠤᠭᠠᠷᠠᠭᠤᠯᠪᠠ᠃

ᠪᠧᠢ ᠪᠦ᠋ ᠱᠢᠶᠠᠩ᠎ᠤᠨ ᠠᠬᠠᠮᠠᠳ ᠲᠣᠰᠭᠣᠨ᠎ᠤ ᠠᠷᠠᠳ ᠵᠠᠩ ᠢ ᠵᠦᠩ᠄ 《ᠲᠡᠷᠡ ᠦᠶ᠎ᠡ᠎ᠳᠦ ᠯᠣ᠌ ᠱᠦᠵᠢ ᠪᠢᠳᠡᠨ᠎ᠢ ᠳᠠᠭᠠᠭᠤᠯᠵᠤ᠂ ᠲᠩᠷᠢ ᠭᠡᠭᠡᠷᠡᠬᠦ᠌᠎ᠡᠴᠡ ᠡᠮᠦᠨ᠎ᠡ ᠠᠭᠤᠯᠠᠨ᠎ᠳᠤ ᠭᠠᠷᠴᠤ᠌᠂ ᠬᠠᠷᠠᠩᠭᠤᠢ ᠪᠣᠯᠤᠭ᠍ᠰᠠᠨ᠎ᠤ ᠳᠠᠷᠠᠭ᠎ᠠ ᠰᠠᠶᠢ ᠬᠠᠷᠢᠵᠤ ᠢᠷᠠᠨ᠂ ᠭᠠᠷ ᠱᠢᠯᠪᠤᠷᠠᠵᠤ᠂ ᠬᠦᠯ ᠴᠥᠪᠥᠷᠢᠭᠦᠳᠦᠭᠰᠡᠨ ᠴᠦ᠍ ᠤᠬᠤᠷᠢᠭ᠍ᠰᠠᠨ ᠬᠥᠮᠦᠨ ᠦᠭᠡᠢ᠃ ᠲᠡᠷᠡ 〈ᠠᠭᠤᠯᠠ ᠬᠦᠭᠡᠷᠠᠪᠠᠯ ᠬᠥᠮᠦᠨ ᠠᠷᠠᠳ ᠤ᠋ᠨ ᠰᠡᠳᠬᠢᠯ ᠲᠠᠨᠢᠭᠡᠷ ᠪᠤᠯᠤᠨ᠎ᠠ〉 ᠭᠡᠵᠦ᠍ ᠬᠡᠯᠡᠪᠡ᠂ ᠪᠢᠳᠡ ᠲᠡᠭᠦᠨ᠎ᠢ ᠳᠠᠭᠠᠵᠤ ᠨᠢᠭᠡ ᠨᠢᠭᠡ᠎ᠪᠡᠷ ᠲᠠᠷᠢᠵᠤ ᠵᠠᠢᠯᠠᠨ᠂ ᠬᠡᠰᠡᠭ ᠬᠡᠰᠡᠭ ᠵᠢᠡᠷ ᠨᠤᠭᠤᠭᠠᠷᠠᠭᠤᠯᠤᠨ᠂ ᠬᠤᠪᠠᠬᠠᠶ ᠠᠭᠤᠯᠠ᠎ᠶ᠋ᠢ ᠨᠤᠭᠤᠭᠠᠷᠠᠭᠤᠯᠵᠤ ᠠᠮᠢᠵᠢᠷᠠᠯ ᠪᠢᠯᠬᠠᠭᠤᠯᠵᠠᠢ》 ᠭᠡᠵᠤ ᠰᠡᠳᠬᠢᠯ ᠬᠦᠳᠡᠯᠤᠨ ᠡᠷᠬᠢᠴᠡᠬᠦᠯᠤᠨ᠎ᠠ᠃

1979 ᠣᠨ᠎ᠡᠴᠡ 1986 ᠣᠨ ᠪᠣᠯᠲᠠᠯ᠎ᠠ᠂ ᠯᠤ᠌ ᠱᠤᠸᠠᠨ ᠾᠧᠦ ᠤᠯᠠᠨ ᠵᠢᠡᠨ ᠳᠠᠭᠠᠭᠤᠯᠤᠨ 19800 ᠭᠠᠷᠤᠢ ᠮᠦ᠍ ᠮᠣᠳᠣ ᠲᠠᠷᠢᠵᠥ᠍᠂ ᠤᠯᠠᠨ ᠲᠦᠮᠡᠨ᠎ᠢ ᠲᠠᠢ᠌ᠴᠢᠯᠠᠨ 6 ᠲᠦᠮᠡ ᠭᠠᠷᠤᠢ ᠮᠤ᠌ ᠠᠯᠪᠠᠨ ᠵᠢᠷᠤᠮ᠎ᠤᠨ ᠮᠣᠳᠣ ᠲᠠᠷᠢᠵᠥ᠍᠂ 160 ᠭᠠᠷᠤᠢ ᠭᠤᠤ ᠭᠠᠩᠭ᠎ᠠ᠎ᠶ᠋ᠢ ᠪᠦᠬᠦᠨ᠎ᠢ ᠨᠣᠭᠣᠭᠠᠷᠠᠭᠤᠯᠪᠠ᠃

ᠲᠡᠷᠡ ᠠᠵᠢᠯ᠎ᠡᠴᠡ᠎ᠪᠠᠨ ᠠᠮᠠᠷᠠᠭ᠍ᠰᠠᠨ ᠴᠤ᠌ ᠵᠣᠷᠢᠭ ᠮᠣᠬᠣᠭᠰᠠᠨ ᠦᠭᠡᠢ᠂ ᠠᠵᠢᠯ᠎ᠤᠨ ᠪᠠᠢᠷᠢ᠎ᠡᠴᠡ᠎ᠪᠠᠨ ᠰᠠᠯᠤᠭ᠍ᠰᠠᠨ ᠴᠤ᠌ ᠤᠢ ᠱᠢᠭᠤᠢ᠎ᠡᠴᠡ ᠰᠠᠯᠤᠭ᠍ᠰᠠᠨ ᠦᠭᠡᠢ᠂ ᠥᠲᠡᠯᠦᠭᠡ ᠨᠠᠰᠤᠨ᠎ᠳᠠᠭᠠᠨ  ᠮᠥᠨ ᠯᠡ ᠶᠠᠪᠠᠭᠠᠨ᠎ᠢᠶᠠᠷ ᠤᠢ ᠱᠢᠭᠤᠢ᠎ᠶ᠋ᠢ ᠬᠠᠮᠠᠭᠠᠯᠠᠬᠤ᠎ᠶ᠋ᠢ ᠪᠠᠷᠢᠮᠲᠠᠯᠠᠵᠤ᠂ ᠦᠷᠭᠦᠯᠵᠢ᠄ 《ᠠᠯᠬᠤᠵᠤ ᠳᠡᠢᠯᠳᠡᠭ ᠯᠡ ᠶᠤᠮ ᠪᠣᠯ ᠦᠷ᠎ᠡ ᠬᠣᠢᠴᠢᠰ᠎ᠲᠠᠭᠠᠨ ᠡᠨᠡ ᠬᠦ᠌ ᠨᠣᠮᠢᠨ ᠨᠣᠭᠣᠭᠠᠨ᠎ᠢ ᠬᠠᠮᠠᠭᠠᠯᠠᠵᠤ ᠦᠯᠡᠳᠡᠭᠡᠬᠦ ᠬᠡᠷᠡᠭ᠌ᠲᠡᠢ》 ᠭᠡᠵᠦ ᠬᠡᠯᠡᠳᠡᠭ᠃ ᠡᠨᠡ ᠬᠦ᠌ ᠪᠣᠷᠣᠭ᠍ᠵᠢᠭᠤᠨ ᠲᠠᠩᠭᠠᠷᠢᠭ᠎ᠤᠨ ᠦᠭᠡ ᠵᠢ ᠨᠠᠰᠤᠨ ᠲᠤᠷᠱᠢᠳᠠ ᠪᠡᠶ᠎ᠡ᠎ᠪᠡᠷ᠎ᠢᠶᠡᠨ ᠦᠢᠯᠡᠳᠦᠯᠭᠡᠵᠢᠭᠦᠯᠵᠦ᠍᠂ ᠯᠤ᠌ ᠱᠤᠸᠠᠨ ᠾᠧᠦ ᠲᠡᠨᠡᠭ ᠡᠪᠦᠭᠡᠨ᠎ᠦ ᠵᠣᠷᠢᠭ ᠰᠠᠨᠠᠭ᠎ᠠ᠎ᠪᠠᠷ ᠴᠢᠩ ᠱᠦᠢ ᠾᠧ ᠵᠢᠨ ᠡᠯᠡᠰᠦ᠎ᠶ᠋ᠢ ᠵᠠᠰᠠᠬᠤ ᠵᠠᠮ᠎ᠢ ᠭᠡᠷᠡᠯᠲᠦᠭᠦᠯᠪᠡ᠃

ᠲᠣᠰᠭᠣᠨ᠎ᠤ ᠠᠷᠠᠳ ᠸᠠᠩ ᠬᠤᠸᠠ ᠥᠨᠥᠳᠦᠷ ᠨᠣᠮᠢᠨ ᠨᠣᠭᠣᠭᠠᠨ ᠠᠭᠤᠯᠠ ᠵᠢ ᠬᠠᠷᠠᠭᠠᠳ᠄《ᠥᠩᠭᠡᠷᠡᠭ᠌ᠰᠡᠨ᠎ᠳᠦ ᠰᠠᠯᠬᠢ ᠲᠡᠭᠳᠡᠭᠰᠡᠭᠡᠷ ᠠᠮᠠ ᠳᠦᠭᠦᠷᠡᠩ ᠡᠯᠡᠰᠦ ᠰᠢᠷᠦᠢ ᠪᠤᠯᠳᠠᠭ᠂ ᠤᠳᠤ ᠡᠭᠦᠳᠡ ᠪᠠᠨ ᠭᠠᠷᠪᠠᠯ ᠮᠣᠳᠣ ᠡᠪᠡᠰᠦ ᠨᠤᠭᠤᠭᠠᠷᠠᠨ ᠬᠠᠷᠠᠭᠳᠠᠵᠤ᠂ ᠡᠯᠡᠰᠦᠨ ᠱᠢᠭᠤᠷᠭ᠎ᠠ ᠪᠠ ᠦᠶᠡᠷ ᠪᠠᠭᠠᠰᠴᠤ᠂ ᠬᠦᠷᠦᠰᠦ ᠰᠢᠷᠤᠢ ᠰᠠᠢᠵᠢᠷᠠᠪᠠ᠃ ᠪᠢᠳᠡ ᠤᠳᠤ ᠭᠡᠷ᠎ᠤᠨ ᠡᠭᠦᠳᠡᠨ ᠡᠴᠡ ᠪᠠᠨ ᠴᠢᠴᠠᠷᠭᠠᠨ᠎ᠠ ᠲᠡᠭᠦᠵᠦ᠍᠂ ᠭᠦᠢᠯᠡᠰᠦᠨ ᠴᠥᠮ᠎ᠡ ᠬᠤᠷᠢᠶᠠᠵᠤ ᠣᠷᠣᠯᠭ᠎ᠠ᠎ᠪᠠᠨ ᠨᠡᠮᠡᠭ᠌ᠳᠡᠭᠦᠯᠵᠦ᠍ ᠴᠢᠳᠠᠬᠤ ᠪᠤᠯᠪᠠ᠂ ᠡᠨᠡ ᠪᠣᠯ ᠪᠦᠷ ᠠᠬᠠᠮᠠᠳ ᠨᠢᠭᠡ ᠦᠶ᠎ᠡ᠎ᠶ᠋ᠢᠨ ᠡᠯᠡᠰᠦ ᠵᠠᠰᠠᠭ᠍ᠴᠢ᠎ᠶ᠋ᠢᠨ ᠪᠢᠳᠡᠨ᠎ᠳᠦ ᠦᠯᠡᠳᠡᠭᠡᠭ᠌ᠰᠡᠨ〈ᠪᠣᠬᠢᠷᠲᠤᠯ ᠦᠭᠡᠢ ᠪᠠᠩᠬᠢ〉 ᠪᠣᠯᠤᠨ᠎ᠠ》 ᠭᠡᠵᠦ ᠲᠤᠭᠳᠤᠯᠤᠨ ᠶᠠᠷᠢᠪᠠ᠃

ᠯᠤ᠌ ᠱᠤᠸᠠᠨ ᠾᠧᠦ ᠵᠢᠨ ᠵᠣᠷᠢᠭ ᠰᠠᠨᠠᠭ᠎ᠠ᠎ᠨᠢ ᠴᠢᠩ ᠱᠦᠢ ᠾᠧ ᠵᠢᠨ ᠡᠷᠭᠢᠨ ᠲᠤᠭᠤᠷᠢᠨ᠎ᠤ ᠡᠯᠡᠰᠦ᠎ᠶ᠋ᠢ ᠵᠠᠰᠠᠵᠤ ᠣᠢᠵᠢᠭᠤᠯᠤᠭᠰᠠᠨ ᠰᠦᠷ ᠳᠠᠯᠠᠢᠴᠠᠲᠠᠶ ᠬᠦᠴᠦᠨ ᠪᠤᠯᠵᠠᠢ᠃ ᠪᠦᠬᠦ᠌ ᠱᠢᠶᠠᠨ᠎ᠤ ᠬᠢᠨ ᠤᠮᠠᠷᠠᠳᠤ ᠵᠢᠨ ᠭᠤᠷᠪᠠᠨ ᠤᠷᠤᠨ᠎ᠤ ᠬᠠᠯᠬᠠᠪᠴᠢ ᠤᠢ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠵᠡᠷᠭᠡ ᠤᠯᠤᠰ᠎ᠤᠨ ᠭᠣᠣᠯᠳᠠᠯᠭ᠎ᠠ᠎ᠲᠠᠶ ᠢᠨᠵᠧᠨᠧᠷᠢᠩ᠎ᠳᠦ ᠲᠦᠱᠢᠭ᠌ᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠪᠡ᠄ ᠤᠮᠠᠷᠠᠲᠤ ᠣᠷᠣᠨ᠎ᠤ ᠰᠠᠯᠬᠢ ᠡᠯᠡᠰᠦᠨ᠎ᠦ ᠪᠦᠰᠡ᠎ᠳᠦ ᠡᠯᠡᠰᠦᠨ ᠪᠤᠷᠭᠠᠰᠤ ᠨᠠᠢᠯᠵᠠᠭᠤᠷ ᠬᠠᠷᠭᠠᠨ᠎ᠠ ᠲᠠᠷᠢᠵᠤ ᠡᠯᠡᠰᠦ ᠶ᠋ᠢ ᠲᠣᠭ᠍ᠲᠠᠪᠤᠷᠢᠵᠢᠭᠤᠯᠵᠤ ᠰᠠᠯᠬᠢ ᠵᠢ ᠨᠠᠮᠳᠠᠭᠤᠯᠪᠠ; ᠳᠣᠪᠣᠷᠬᠠᠭ ᠭᠤᠤ ᠭᠠᠩᠭ᠎ᠠ᠎ᠶ᠋ᠢᠨ ᠣᠷᠣᠨ᠎ᠳᠤ ᠨᠠᠷᠠᠰᠤ ᠪᠠ ᠬᠠᠢᠯᠠᠷ ᠨᠠᠷᠠᠰᠤ ᠲᠠᠷᠢᠵᠤ ᠬᠥᠷᠥᠰᠥ᠍ ᠱᠢᠷᠣᠶ᠎ᠶ᠋ᠢ ᠬᠠᠮᠠᠭᠠᠯᠠᠪᠠ; ᠠᠲᠠᠷ ᠬᠥᠲᠥᠯ᠎ᠳᠦ ᠴᠢᠴᠠᠷᠭᠠᠨ᠎ᠠ᠂ ᠬᠡᠭᠡᠷ᠎ᠡ᠎ᠶ᠋ᠢᠨ ᠭᠦᠢᠯᠡᠰᠦ᠎ᠲᠠᠷᠢᠵᠤ᠂ ᠠᠮᠢ ᠠᠬᠤᠶ ᠪᠠ ᠠᠵᠤ ᠠᠬᠤᠶ᠎ᠶ᠋ᠢᠨ ᠬᠤᠤᠰ ᠠᠮᠵᠢᠯᠲᠠ᠎ᠶ᠋ᠢ ᠪᠡᠶᠡᠯᠡᠭᠦᠯᠪᠡ᠃

ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠪᠠᠯ ᠯᠠᠪᠳᠠᠢ ᠪᠣᠳᠠᠲᠤ ᠦᠷ᠎ᠡ ᠪᠦᠲᠦᠮᠵᠢ ᠤᠯᠤᠨ᠎ᠠ᠃ ᠡᠳᠦᠭᠡ ᠪᠸᠢ ᠪᠦᠦ ᠨᠤᠳᠤᠬ ᠲᠦ᠍ ᠨᠢᠭᠡᠨᠲᠡ 20 ᠺᠢᠯᠤᠮᠸᠲᠷ ᠤᠷᠳᠤ᠂ 10 ᠺᠢᠯᠤᠮᠸᠲᠷ ᠥᠷᠭᠡᠨ ᠠᠮᠢ ᠠᠬᠤᠢ᠎ᠶ᠋ᠢᠨ ᠤᠢ᠎ᠶ᠋ᠢᠨ ᠪᠦᠰᠡ ᠪᠦᠷᠢᠯᠳᠦᠵᠦ᠍᠂ ᠲᠦᠷᠪᠡᠨ ᠤᠯᠠᠷᠢᠯ᠎ᠤᠨ ᠦᠵᠡᠮᠵᠢ ᠪᠦᠷᠢᠳᠴᠦ᠍᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ; ᠡᠯᠡᠰᠦᠨ ᠱᠢᠭᠤᠷᠭ᠎ᠠ᠂ ᠦᠶᠡᠷ ᠤᠰᠤᠲᠤᠯ᠎ᠤᠨ ᠭᠠᠮᠱᠢᠭ᠎ᠢ ᠪᠦᠲᠦᠮᠵᠢᠲᠡᠶ ᠬᠣᠷᠢᠭ᠍ᠯᠠᠵᠤ᠂ ᠣᠢᠷ᠎ᠠ᠎ᠶ᠋ᠢᠨ 30 ᠵᠢᠯ᠎ᠳᠦ ᠬᠦᠨᠳᠦ ᠶᠡᠬᠡ ᠦᠶᠡᠷ᠎ᠦᠨ ᠭᠠᠮᠱᠢᠭ ᠭᠠᠷᠤᠭ᠍ᠰᠠᠨ ᠦᠭᠡᠶ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠰᠠᠢᠨ ᠲᠠᠷᠢᠶ᠎ᠠ ᠪᠣᠯᠭᠠᠨ ᠬᠤᠪᠢᠷᠠᠭᠤᠯᠪᠠ᠃ ᠪᠣᠬᠢᠷᠲᠤᠯ ᠦᠭᠡᠢ ᠠᠵᠤ ᠦᠢᠯᠡᠰ ᠵᠡᠷᠭᠡ ᠪᠡᠷ ᠬᠥᠭ᠌ᠵᠢᠵᠦ᠍᠂ ᠤᠯᠠᠨ ᠲᠦᠮᠡᠨ ᠤᠢ ᠱᠢᠭᠤᠢ᠎ᠶ᠋ᠢᠨ ᠪᠦᠲᠦᠭᠡᠭ᠌ᠳᠡᠬᠦᠨ᠎ᠳᠦ ᠲᠦᠱᠢᠭ᠌ᠯᠡᠨ ᠣᠷᠣᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠬᠡᠰᠡᠭ ᠲᠤᠮᠤ ᠡᠷᠦᠬᠡ᠎ᠶ᠋ᠢᠨ ᠵᠢᠯ᠎ᠦᠨ ᠣᠷᠣᠯᠭ᠎ᠠ 3 ᠲᠦᠮᠡᠨ ᠲᠥᠭᠥᠷᠢᠭ᠎ᠢ ᠳᠠᠪᠠᠵᠤ᠂ ᠡᠯᠡᠰᠦ᠎ᠶ᠋ᠢ ᠵᠠᠰᠠᠭ᠍ᠰᠠᠨ ᠪᠥᠭᠡᠳ ᠪᠠᠶᠠᠵᠢᠨ ᠴᠢᠨᠡᠭᠡᠯᠢᠭ᠌ᠵᠢᠵᠦ᠍᠂ ᠨᠣᠭᠣᠭᠠᠷᠠᠭᠤᠯᠤᠯᠲᠠ᠎ᠶ᠋ᠢ ᠬᠠᠮᠠᠭᠠᠯᠠᠬᠤ ᠪᠥᠭᠡᠳ ᠣᠷᠣᠯᠭ᠎ᠠ᠎ᠶ᠋ᠢ ᠨᠡᠮᠡᠭ᠌ᠳᠡᠭᠦᠯᠬᠦ ᠨᠢ ᠪᠤᠳᠠᠳᠤ ᠪᠠᠢᠳᠠᠯ ᠪᠤᠯᠤᠨ ᠪᠡᠶᠡᠯᠡᠭᠳᠡᠵᠡᠢ᠃

ᠱᠢᠷᠭᠠᠯ ᠡᠯᠡᠰᠦ ᠨᠡᠯᠦᠢᠭ᠌ᠰᠡᠨ᠎ᠡᠴᠡ ᠣᠶ ᠱᠢᠭᠤᠶ ᠬᠥᠬᠡᠷᠡᠨ ᠨᠣᠭᠣᠭᠠᠷᠠᠭ᠍ᠰᠠᠨ ᠬᠦᠷᠲᠡᠯ᠎ᠡ᠂ ᠠᠮᠢ ᠠᠬᠤᠶ ᠬᠡᠪᠡᠷᠡᠭ ᠪᠠᠢᠭ᠍ᠰᠠᠨ᠎ᠡᠴᠡ ᠠᠵᠢᠯᠯᠠᠵᠤ ᠠᠮᠢᠳᠤᠷᠠᠬᠤ᠎ᠳᠤ ᠲᠣᠬᠢᠲᠠᠶ ᠪᠣᠯᠤᠭ᠍ᠰᠠᠨ ᠬᠦᠷᠲᠡᠯ᠎ᠡ᠂ ᠴᠢᠩ ᠱᠦᠶ ᠾᠧ ᠱᠢᠶᠠᠨ 40 ᠵᠢᠯ᠎ᠢᠶᠡᠷ ᠦᠷᠭᠦᠯᠵᠢᠯᠡᠨ ᠲᠡᠮᠡᠴᠡᠵᠦ᠍᠂ ᠠᠭ᠍ᠯᠠᠭ ᠠᠭᠤᠯᠠ᠎ᠶ᠋ᠢ ᠨᠣᠭᠣᠭᠠᠷᠠᠭᠤᠯᠵᠤ᠂ ᠤᠷᠢᠳ ᠬᠣᠵᠢᠳ《ᠪᠥᠬᠥ᠌ ᠤᠯᠤᠰ᠎ᠤᠨ ᠨᠣᠭᠣᠭᠠᠷᠠᠭᠤᠯᠤᠯᠲᠠ᠎ᠶ᠋ᠢᠨ ᠵᠢᠱ᠌ᠢᠶᠡᠴᠢ ᠱᠢᠶᠠᠨ》᠂ 《ᠪᠥᠬᠥ᠌ ᠤᠯᠤᠰ᠎ᠤᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠲᠡᠷᠢᠭᠦᠨ᠎ᠦ ᠬᠠᠮᠲᠤ》 ᠵᠡᠷᠭᠡ ᠢᠷᠠᠭᠤ ᠠᠯᠳᠠᠷ᠎ᠢ ᠭᠥᠷᠳᠡᠪᠡ᠃ ᠱᠢᠨ᠎ᠡ ᠠᠶᠠᠨ᠎ᠳᠤ᠂ ᠴᠢᠩ ᠱᠦᠶ ᠾᠧ ᠱᠢᠶᠠᠨ᠎ᠤ ᠬᠥᠮᠦᠰ ᠡᠯᠡᠰᠦ᠎ᠶ᠋ᠢ ᠵᠠᠰᠠᠬᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠤᠯᠠᠮᠵᠢᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠠᠬᠢᠭᠤᠯᠵᠤ᠂ ᠨᠤᠮᠢᠨ ᠤᠰᠤ ᠬᠦᠬᠡᠮᠳᠦᠭ ᠠᠭᠤᠯᠠ ᠵᠢ ᠬᠡᠵᠢᠶᠡᠳᠡ ᠮᠦᠨᠭᠬᠡ ᠪᠠᠢᠯᠭᠠᠵᠤ᠂ ᠨᠣᠮᠢᠨ ᠨᠣᠭᠣᠭᠠᠨ ᠭᠠᠢᠬᠠᠮᠱᠢᠭ᠎ᠢ ᠡᠭᠦᠷᠢᠳᠡ ᠪᠢᠴᠢᠭ᠌ᠯᠡᠵᠤ ᠪᠠᠢᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号