ᠪᠠᠭᠠᠷᠢᠨ ᠵᠡᠭᠦᠨ ᠬᠤᠱᠢᠭᠤ ᠤᠯᠠᠨ ᠠᠷᠭ᠎ᠠ ᠵᠠᠮ᠎ᠢᠶᠡᠷ ᠲᠣᠰᠭᠤᠨ᠎ᠤ ᠱᠠᠲᠤᠨ᠎ᠤ ᠪᠡᠯᠡᠳᠭᠡᠯ ᠭᠦᠴᠦᠨ᠎ᠢ ᠬᠦᠴᠦᠷᠬᠡᠭᠵᠢᠬᠦᠯᠵᠦ ᠪᠤᠢ
2026-05-18 11:36:23
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

《ᠤᠢᠷ᠎ᠠ ᠳ᠋ᠤ ᠠᠬᠠᠮᠠᠳ ᠱᠦᠵᠢ ᠵᠢ ᠳᠠᠭᠠᠵᠤ ᠠᠵᠢᠯᠯᠠᠭᠠᠳ ᠤᠯᠠᠨ ᠶᠠᠭᠤᠮ᠎ᠠ ᠰᠤᠷᠴᠤ ᠡᠵᠡᠮᠰᠢᠯ᠎ᠠ᠂ ᠲᠣᠰᠭᠤᠨ᠎ᠤ ᠶᠠᠪᠤᠳᠠᠯ᠎ᠢ ᠱᠢᠢᠳᠪᠦᠷᠢᠯᠡᠬᠦ᠌᠂ ᠨᠤᠲᠤᠭ᠎ᠤᠨ ᠠᠬ᠎ᠠ ᠳᠡᠭᠦᠦ ᠨᠡᠷ᠎ᠢ ᠬᠠᠪᠰᠤᠷᠤᠨ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ ᠦᠭᠬᠦ ᠲᠤᠬᠠᠢ ᠰᠤᠷᠤᠭᠰᠠᠨ ᠵᠢᠡᠷ ᠪᠠᠷᠠᠬᠤ ᠦᠬᠡᠢ᠂ ᠪᠠᠰᠠ ᠱᠦᠵᠢ᠎ᠶ᠋ᠢᠨ ᠮᠥᠷᠥᠨ ᠳᠡᠭᠡᠷᠡᠬᠢ ᠡᠭᠦᠷᠭᠡ ᠬᠡᠳᠦᠢ ᠬᠦᠨᠳᠦ ᠭᠡᠳᠡᠭ ᠢ᠋ ᠲᠠᠨᠢᠵᠤ᠂ ᠰᠡᠳᠭᠢᠯ᠎ᠳᠡᠭᠡᠨ ᠴᠠᠭ ᠢᠮᠠᠭ᠍ᠲᠠ ᠤᠯᠠᠨ ᠲᠦᠮᠡᠨ᠎ᠢ ᠪᠤᠳᠤᠵᠤ ᠶᠠᠪᠤᠬᠤ ᠬᠡᠷᠡᠭᠳᠠᠢ ᠭᠡᠳᠡᠭ ᠢ᠋ ᠨᠡᠩ ᠲᠣᠳᠣᠷᠬᠠᠢ ᠣᠢᠯᠠᠭᠠᠵᠠᠢ》 ᠭᠡᠵᠦ᠍ ᠤᠯᠠᠭᠠᠨᠬᠠᠳᠠ ᠬᠤᠲᠠ ᠵᠢᠨ ᠪᠠᠭᠠᠷᠢᠨ ᠵᠡᠭᠦᠨ ᠬᠤᠱᠢᠭᠤᠨ᠎ᠤ ᠯᠦᠩ ᠴᠠᠩ ᠪᠠᠯᠭᠠᠰᠤᠨ᠎ᠤ ᠤᠯᠠᠭᠠᠨᠲᠤᠬᠤᠢ ᠲᠣᠰᠭᠤᠨ᠎ᠤ ᠨᠠᠮ᠎ᠤᠨ ᠡᠭᠦᠷ᠎ᠤᠨ ᠱᠦᠵᠢ᠎ᠶ᠋ᠢᠨ ᠪᠡᠯᠡᠳᠭᠡᠯ ᠬᠦᠴᠦᠨ ᠪᠤᠯᠬᠤ ᠯᠢᠦ ᠱᠢᠩ ᠢᠦᠢ ᠰᠡᠳᠭᠢᠯ ᠳᠣᠭ᠍ᠳᠣᠯᠤᠨ ᠶᠠᠷᠢᠪᠠ᠃

ᠯᠢᠦ ᠱᠢᠩ ᠢᠦᠶ᠎ᠶ᠋ᠢᠨ ᠦᠢᠯᠡᠳᠦᠯᠭᠡ ᠵᠢᠨ ᠲᠤᠮᠳᠠ ᠲᠠᠪᠳᠠᠨ ᠪᠤᠯᠪᠠᠰᠤᠷᠠᠭᠰᠠᠨ ᠶᠠᠪᠤᠴᠠ ᠪᠤᠯ ᠪᠠᠭᠠᠷᠢᠨ ᠵᠡᠭᠦᠨ ᠬᠤᠱᠢᠭᠤᠨ ᠎ᠤ ᠣᠢᠷ᠎ᠠ᠎ᠶ᠋ᠢᠨ ᠵᠢᠯ᠎ᠤᠨ ᠲᠤᠷᠰᠢ ᠲᠣᠰᠭᠤᠨ᠎ᠤ ᠱᠠᠲᠤᠨ ᠎ᠤ ᠪᠡᠯᠡᠳᠭᠡᠯ ᠬᠦᠴᠦᠨ ᠎ᠢ 《ᠰᠣᠩᠭᠤᠬᠤ᠂ ᠬᠦᠮᠦᠵᠢᠬᠦᠯᠬᠦ᠂ ᠦᠯᠡᠳᠡᠭᠡᠬᠦ᠌ 》 ᠬᠦᠴᠢᠷ ᠠᠰᠠᠭᠤᠳᠠᠯ ᠎ᠢ ᠬᠦᠴᠦ᠍ᠯᠠᠨ ᠱᠢᠢᠳᠪᠦᠷᠢᠯᠡᠵᠦ᠍᠂ 《ᠲᠦᠷᠦᠬᠦᠴᠢ ᠭᠠᠯᠠᠭᠤ 》 ᠵᠢᠨ ᠡᠩᠨᠡᠭᠡ᠎ᠶ᠋ᠢ ᠱᠢᠰᠲ᠋ᠧᠮᠵᠢᠭᠦᠯᠦᠨ ᠬᠥᠮᠦᠵᠢᠭᠦᠯᠦᠭᠰᠡᠨ ᠠᠮᠢᠳᠤᠯᠢᠭ ᠬᠤᠷᠢᠶᠠᠩᠭᠤᠢᠯᠠᠯ ᠪᠣᠯᠤᠨ᠎ᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠥᠨᠳᠥᠷ ᠬᠡᠪ ᠪᠣᠯᠪᠠᠰᠤᠷᠠᠯ᠎ᠪᠦᠭᠦᠢ ᠲᠣᠰᠭᠤᠨ᠎ᠤ ᠺᠠᠳ᠋ᠷ ᠲᠤᠯᠭᠠᠮ ᠱᠠᠭᠠᠷᠳᠠᠭᠳᠠᠵᠤ ᠪᠠᠢᠭ᠎ᠠ ᠪᠠᠢᠳᠠᠯ ᠲᠤᠤᠷ᠎ᠠ᠂ ᠪᠠᠭᠠᠷᠢᠨ ᠵᠡᠭᠦᠨ ᠬᠤᠰᠢᠭᠤ 《ᠪᠦᠬᠦ᠌ ᠶᠠᠪᠤᠴᠠ ᠵᠢ ᠬᠠᠮᠢᠶᠠᠷᠬᠤ᠂ ᠪᠦᠬᠦ᠌ ᠬᠡᠯᠬᠢᠶᠡᠨ᠎ᠳᠤ ᠬᠦᠮᠦᠵᠢᠬᠦᠯᠬᠦ᠂ ᠪᠦᠬᠦ᠌ ᠲᠠᠯ᠎ᠠ᠎ᠪᠠᠷ ᠤᠷᠮᠠᠰᠢᠭᠤᠯᠤᠨ ᠵᠣᠷᠢᠭ᠍ᠵᠢᠭᠤᠯᠬᠤ》 ᠠᠵᠢᠯᠯᠠᠬᠤ ᠠᠷᠭ᠎ᠠ᠎ᠶ᠋ᠢ ᠬᠡᠷᠡᠭ᠌ᠵᠢᠭᠦᠯᠵᠦ᠍᠂ ᠭᠠᠴᠠᠭ᠎ᠠ ᠲᠣᠰᠭᠤᠨ᠎ᠤ ᠨᠠᠮ᠎ᠤᠨ ᠡᠭᠦᠷ ᠠᠷᠠᠳ᠎ᠤᠨ ᠵᠥᠪᠯᠡᠯ ᠤ᠋ᠨ ᠬᠤᠭᠤᠴᠠᠭ᠎ᠠ ᠰᠣᠯᠢᠬᠤ ᠠᠵᠢᠯ᠎ᠳᠤ ᠲᠤᠰᠬᠤᠨ ᠤ᠋ ᠱᠠᠳᠤᠨ ᠤ᠋ ᠪᠡᠯᠡᠳᠬᠡᠯ ᠬᠦᠴᠦᠨ ᠪᠠ ᠴᠢᠳᠠᠪᠦᠷᠢᠳᠠᠨ ᠤ᠋ ᠡᠩᠨᠡᠬᠡ ᠵᠢᠨ ᠲᠤᠯᠭᠠᠭᠤᠷᠢᠯᠠᠯ ᠬᠠᠩᠭᠠᠵᠤ ᠪᠤᠢ᠃

ᠰᠣᠩᠭᠣᠬᠤ ᠪᠠᠷᠢᠮᠵᠢᠶ᠎ᠠ ᠵᠢ ᠠᠭᠤᠵᠢᠭᠤ ᠪᠤᠯᠭᠠᠵᠤ᠂ ᠬᠡᠪᠱᠢᠮᠡᠯ ᠵᠦᠢᠯ᠎ᠳ᠋ᠦ᠍ ᠪᠠᠷᠢᠭ᠍ᠳᠠᠯ ᠦᠭᠡᠢ ᠴᠢᠳᠠᠪᠦᠷᠢᠳᠠᠨ ᠢ᠋ ᠴᠤᠭᠯᠠᠭᠤᠯᠤᠨ᠂ ᠴᠢᠳᠠᠪᠦᠷᠢᠳᠠᠨ ᠮᠡᠷᠬᠡᠳ ᠢ᠋ ᠡᠯᠰᠡᠭᠦ  ᠬᠠᠷᠰᠢ  ᠰᠠᠭᠠᠳ  ᠪᠠ  ᠬᠢᠵᠠᠭᠠᠷᠯᠠᠯ ᠢ᠋ ᠡᠪᠳᠡᠵᠡᠢ᠃ ᠪᠠᠭᠠᠷᠢᠨ  ᠵᠡᠭᠦᠨ  ᠬᠤᠱᠢᠭᠤ  ᠭᠠᠵᠠᠷ   ᠣᠷᠣᠨ᠂ ᠪᠡᠶ᠎ᠡ᠎ᠶ᠋ᠢᠨ ᠭᠠᠷᠤᠯ᠎ᠤᠨ ᠬᠢᠵᠠᠭᠠᠷᠯᠠᠯ ᠎ᠢ ᠡᠪᠳᠡᠵᠦ᠍᠂ᠦᠯᠡᠳᠡᠭᠡᠬᠦ᠂ ᠠᠭᠤᠳᠠᠯᠬᠤ᠂ ᠲᠠᠨᠢᠯᠴᠠᠭᠤᠯᠬᠤ᠂ ᠤᠷᠢᠵᠤ ᠡᠯᠰᠡᠬᠦ᠂ ᠤᠷᠤᠭᠤᠯᠤᠨ ᠠᠪᠴᠢᠷᠠᠬᠤ》 ᠠᠷᠭ᠎ᠠ ᠬᠡᠮᠵᠢᠶ᠎ᠡ ᠵᠢ ᠲᠤᠷᠠᠳᠴᠤ ᠂ ᠪᠠᠶᠠᠵᠢᠯ᠎ᠤᠨ ᠳᠠᠭᠠᠭᠤᠯᠤᠭᠴᠢ᠂ ᠴᠡᠷᠢᠭ ᠎ᠤᠨ ᠠᠯᠪᠠ᠎ᠡᠴᠡ ᠬᠠᠯᠠᠭ᠍ᠳᠠᠭ᠍ᠰᠠᠳ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠭᠴᠢᠳ᠂ ᠨᠤᠲᠤᠭ᠎ᠤᠨ ᠣᠶᠤᠲᠠᠨ ᠵᠡᠷᠭᠡ 7 ᠲᠥᠷᠥᠯ᠎ᠤᠨ ᠬᠦᠮᠦᠰ ᠲᠦ᠍ ᠭᠤᠤᠯᠳᠠᠯᠭ᠎ᠠ᠎ᠲᠠᠢ ᠠᠩᠬᠠᠷᠤᠯ ᠵᠢᠡᠨ ᠲᠦᠪᠯᠡᠷᠡᠬᠦᠯᠵᠡᠢ᠃ ᠪᠠᠰᠠ 100 ᠲᠦᠮᠡᠨ ᠲᠦᠭᠦᠷᠢᠭ ᠤ᠋ᠨ ᠪᠡᠯᠡ ᠭᠠᠷᠭᠠᠵᠤ᠂ 《ᠱᠢᠯᠢᠳᠡᠭ ᠴᠢᠳᠠᠪᠤᠷᠢᠲᠠᠨ ᠢ᠋ ᠲᠣᠰᠭᠤᠨ ᠳ᠋ᠦ ᠪᠤᠴᠠᠭᠠᠬᠤ ᠲᠥᠯᠥᠪᠯᠡᠭᠡ》 ᠶ᠋ᠢ ᠬᠡᠷᠡᠭ᠌ᠵᠢᠭᠦᠯᠵᠦ᠍᠂ 30 ᠨᠠᠰᠤᠨ᠎ᠡᠴᠡ ᠳᠣᠷᠤᠭᠰᠢᠬᠢ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ ᠡᠴᠡ ᠲᠡᠭᠡᠭᠰᠢᠬᠢ ᠰᠤᠷᠤᠯᠭ᠎ᠠ ᠎ᠶ᠋ᠢᠨ ᠨᠠᠮᠲᠠᠷ ᠲᠠᠢ 52 ᠵᠠᠯᠠᠭᠤ ᠴᠢᠳᠠᠪᠤᠷᠢᠲᠠᠨ ᠎ᠢ ᠲᠣᠰᠭᠤᠨ᠎ᠳᠤ ᠣᠷᠣᠭᠤᠯᠤᠨ᠂ ᠪᠣᠳᠠᠲᠠᠶ ᠠᠵᠢᠯ᠎ᠤᠨ ᠪᠠᠢᠷᠢᠨ ᠳ᠋ᠤ ᠲᠠᠪᠳᠠᠨ ᠪᠣᠯᠪᠠᠰᠤᠷᠠᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ ᠎ᠤᠨ ᠪᠠᠢᠷᠢ᠎ᠪᠠᠷ ᠯᠠᠪᠯᠠᠯᠲᠠ ᠪᠣᠯᠭᠠᠬᠤ ᠬᠠᠷᠠᠭᠠᠯᠵᠠᠯ ᠎ᠢ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠪᠤᠴᠠᠵᠤ ᠢᠷᠡᠬᠦ᠌᠎ᠶ᠋ᠢ ᠪᠦᠲᠦᠮᠵᠢᠲᠡᠶ ᠬᠥᠲᠥᠯᠦᠨ ᠵᠢᠯᠣᠭᠤᠳᠴᠠᠢ᠃ ᠣᠳᠣᠬᠠᠨ᠎ᠳᠤ᠂ ᠪᠥᠬᠦ᠌ ᠬᠤᠱᠢᠭᠤᠨ᠎ᠤ ᠬᠥᠳᠡᠯᠦᠩᠭᠦᠢ ᠪᠡᠯᠡᠳᠭᠡᠯ ᠬᠦᠴᠦᠨ 1650 ᠬᠦᠮᠦᠨ ᠪᠤᠯᠪᠠ᠂ ᠡᠭᠦᠨ᠎ᠳᠤ 《ᠱᠦᠵᠢ ᠪᠤᠯᠤᠨ ᠡᠷᠬᠢᠯᠡᠭᠴᠢ  ᠵᠢᠨ ᠲᠤᠰᠢᠶᠠᠯ ᠢ᠋ ᠵᠡᠷᠭᠡ ᠪᠡᠷ ᠡᠬᠦᠷᠭᠡᠯᠡᠬᠦ》 ᠪᠡᠯᠡᠳᠭᠡᠯ ᠭᠦᠴᠦᠨ ᠤ᠋ ᠵᠢᠱ᠌ᠢᠭᠳᠡᠭᠴᠢ 402 ᠪᠠᠢᠵᠤ᠂ ᠪᠠᠶᠠᠵᠢᠯ᠎ᠤᠨ ᠴᠢᠳᠠᠪᠤᠷᠢᠲᠠᠨ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ᠂ ᠨᠤᠲᠤᠭ᠎ᠲᠠᠭᠠᠨ ᠪᠤᠴᠠᠭ᠍ᠰᠠᠨ ᠬᠥᠮᠦᠰ ᠶᠡᠬᠡᠩᠬᠢ ᠵᠢ ᠨᠢ ᠡᠵᠡᠯᠡᠵᠦ᠍ ᠂ ᠬᠥᠳᠡᠭᠡ ᠲᠣᠰᠭᠤᠨ᠎ᠤ ᠬᠥᠭ᠌ᠵᠢᠯᠲᠡ᠎ᠳᠤ ᠠᠮᠢᠵᠢᠷᠠᠯ ᠤ᠋ᠨ ᠭᠦᠴᠦᠨ ᠨᠡᠮᠡᠷᠢᠯᠡᠭᠰᠡᠨ ᠪᠠᠢᠨ᠎ᠠ᠃

ᠵᠢᠯᠣᠭᠤᠳᠣᠭ᠍ᠴᠢ ᠪᠠᠭ᠍ᠰᠢ ᠬᠠᠪᠰᠤᠷᠤᠨ ᠲᠤᠷᠱᠢᠯᠭ᠎ᠠ ᠤᠯᠠᠮᠵᠢᠯᠠᠨ᠂ ᠪᠣᠳᠠᠲᠠᠢ ᠦᠢᠯᠡᠳᠦᠯᠬᠡ ᠵᠢᠨ ᠶᠠᠪᠤᠴᠠ ᠳ᠋ᠦ ᠦᠨᠡᠨ ᠬᠦ᠌ ᠲᠠᠪᠳᠠᠨ ᠪᠣᠯᠪᠠᠰᠤᠷᠠᠭᠤᠯᠵᠤ᠂ ᠪᠡᠯᠡᠳᠬᠡᠯ ᠭᠦᠴᠤᠨ ᠤ᠋ ᠡᠩᠨᠡᠬᠡ ᠵᠢᠨ ᠴᠢᠳᠠᠪᠤᠷᠢ ᠵᠢ ᠲᠡᠬᠡᠭᠰᠢᠯᠡᠭᠦᠯᠪᠡ᠃ 《ᠵᠦᠪᠬᠡᠨ ᠶᠠᠷᠢᠬᠤ ᠵᠢ ᠴᠢᠳᠠᠭᠠᠳ ᠪᠤᠳᠠᠲᠠᠢ ᠬᠢᠵᠦ ᠴᠢᠳᠠᠬᠤ ᠦᠭᠡᠢ ᠪᠤᠯ ᠪᠤᠯᠬᠤ ᠦᠭᠡᠢ》 ᠭᠡᠳᠡᠭ ᠪᠤᠯ ᠪᠠᠭᠠᠷᠢᠨ ᠵᠡᠭᠦᠨ ᠬᠤᠱᠢᠭᠤᠨ᠎ᠤ ᠪᠡᠯᠡᠳᠭᠡᠯ ᠬᠦᠴᠦᠨ᠎ᠢ ᠬᠥᠮᠦᠵᠢᠭᠦᠯᠬᠦ᠌ ᠲᠠᠯ᠎ᠠ᠎ᠪᠠᠷ ᠳ᠋ᠦᠩᠨᠡᠨ ᠭᠠᠷᠭᠠᠭ᠍ᠰᠠᠨ ᠲᠤᠷᠱᠢᠯᠭ᠎ᠠ ᠪᠣᠯᠬᠤᠷ 《ᠱᠢᠯᠢᠳᠡᠭ ᠴᠢᠳᠠᠪᠤᠷᠢᠲᠠᠨ — ᠲᠣᠰᠭᠤᠨ᠎ᠤ ᠱᠠᠲᠤᠨ᠎ᠤ ᠪᠡᠯᠡᠳᠭᠡᠯ ᠬᠦᠴᠦᠨ — ᠭᠠᠴᠠᠭ᠎ᠠ ᠲᠣᠰᠭᠤᠨ᠎ᠤ ᠺᠠᠳ᠋ᠷ — ᠭᠠᠴᠠᠭ᠎ᠠ ᠲᠤᠰᠬᠤᠨ ᠤ᠋ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ》 ᠵᠢᠨ ᠬᠦᠮᠦᠵᠢᠯ᠎ᠤᠨ ᠬᠡᠯᠬᠢᠶ᠎ᠡ ᠎ᠶ᠋ᠢ ᠲᠣᠳᠣᠷᠬᠠᠶ ᠪᠠᠢᠭᠤᠯᠪᠠ᠃ ᠠᠳᠠᠯᠢ  ᠪᠤᠰᠤ ᠲᠡᠰ ᠳᠠᠪᠬᠤᠷᠭ᠎ᠠ ᠵᠢᠨ᠂ ᠠᠳᠠᠯᠢ ᠪᠤᠰᠤ ᠣᠨᠴᠠᠯᠢᠭᠳᠤ ᠪᠡᠯᠡᠳᠭᠡᠯ ᠬᠦᠴᠦᠨ᠎ᠳᠤ ᠬᠠᠨᠳᠤᠭᠤᠯᠤᠨ᠂ ᠪᠣᠯᠪᠠᠰᠤᠷᠠᠯ᠎ᠤᠨ ᠬᠢᠴᠢᠶᠡᠯ᠎ᠢ ᠬᠠᠨᠳᠤᠯᠭ᠎ᠠ ᠲᠠᠢ ᠲᠣᠭ᠍ᠲᠠᠭᠠᠵᠤ᠂ ᠠᠩᠬ᠎ᠠ ᠠᠵᠢᠯᠯᠠᠭᠰᠠᠳ ᠭᠤᠣᠯᠳᠠᠯᠭ᠎ᠠ᠎ᠲᠠᠢ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠂ ᠤᠯᠠᠨ ᠲᠦᠮᠡᠨ᠎ᠤ ᠠᠵᠢᠯ᠎ᠤᠨ ᠠᠷᠭ᠎ᠠ᠎ᠶ᠋ᠢ ᠰᠤᠷᠤᠯᠴᠠᠵᠤ᠂ ᠳᠠᠯᠳᠠ ᠬᠦᠴᠦᠨ᠎ᠲᠠᠢ ᠪᠡᠯᠡᠳᠬᠡᠯ ᠭᠦᠴᠤᠨ ᠳ᠋ᠤ ᠬᠠᠨᠳᠤᠭᠤᠯᠤᠨ᠂ ᠠᠵᠤ ᠦᠢᠯᠡᠰ᠎ᠤᠨ ᠡᠵᠡᠩᠨᠡᠯᠲᠡ᠂ ᠬᠥᠳᠡᠭᠡ  ᠲᠣᠰᠭᠤᠨ᠎ᠤ  ᠵᠠᠰᠠᠯᠲᠠ ᠵᠡᠷᠭᠡ ᠲᠤᠰᠭᠠᠢ ᠰᠡᠳᠦᠪᠲᠦ ᠪᠣᠯᠪᠠᠰᠤᠷᠠᠯ ᠬᠦᠷᠲᠡᠭᠡᠵᠡᠢ᠃ ᠨᠠᠩ ᠲᠤᠷᠠᠳᠤᠭᠤᠰᠢᠲᠠᠢ ᠨᠢ 《N+1》 ᠵᠢᠯᠣᠭᠤᠳᠣᠭ᠍ᠴᠢ ᠪᠠᠭ᠍ᠰᠢ ᠬᠠᠪᠰᠤᠷᠤᠨ ᠳᠠᠭᠠᠭᠤᠯᠬᠤ ᠲᠦᠷᠢᠮ᠎ᠢ ᠬᠡᠷᠡᠭ᠌ᠵᠢᠭᠦᠯᠵᠦ᠍᠂ ᠲᠣᠰᠭᠤᠨ᠎ᠢ ᠳᠠᠭᠠᠭᠠᠴᠢᠯᠠᠨ ᠬᠠᠷᠢᠭᠤᠴᠠᠬᠤ ᠤᠳᠤᠷᠢᠳᠤᠯᠭ᠎ᠠ᠂ ᠲᠤᠷᠱᠢᠯᠭ᠎ᠠ᠎ᠪᠠᠷ ᠪᠠᠶᠠᠯᠢᠭ ᠲᠣᠰᠭᠤᠨ᠎ᠤ ᠱᠦᠵᠢ ᠨᠠᠷ ᠵᠢᠯᠣᠭᠤᠳᠣᠭ᠍ᠴᠢ ᠪᠠᠭ᠍ᠰᠢ ᠪᠣᠯᠵᠣ᠂ ᠠᠷᠭ᠎ᠠ ᠬᠡᠮᠵᠢᠶ᠎ᠡ ᠪᠤᠯᠤᠨ ᠲᠤᠷᠰᠢᠯᠭ᠎ᠠ ᠵᠢ ᠤᠯᠠᠮᠵᠢᠯᠠᠵᠤ᠂ ᠪᠡᠯᠡᠳᠭᠡᠯ ᠬᠦᠴᠦᠨ ᠢ᠋ ᠲᠠᠭᠠᠭᠤᠯᠤᠨ᠂ ᠲᠣᠰᠭᠤᠨ᠎ᠤ ᠱᠠᠲᠤᠨ᠎ᠤ ᠤᠴᠢᠷ ᠶᠠᠪᠤᠳᠠᠯ ᠢ᠋ ᠰᠢᠢᠳᠪᠦᠷᠢᠯᠡᠬᠦ᠎ᠳᠤ ᠣᠷᠣᠯᠴᠠᠭᠤᠯᠪᠠ᠂ ᠢᠯᠠᠩᠭᠤᠶ᠎ᠠ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠭᠦ᠂ ᠲᠥᠷᠥᠯ ᠵᠦᠶ᠋ᠯ ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠬᠡ ᠭᠤᠤᠯᠳᠠᠯᠭ᠎ᠠ ᠲᠠᠢ ᠭᠦᠴᠢᠷ ᠠᠰᠠᠭᠤᠳᠠᠯ ᠢ᠋ ᠰᠢᠢᠳᠪᠦᠷᠢᠯᠡᠬᠦ ᠳ᠋ᠤ ᠤᠷᠤᠯᠴᠠᠭᠤᠯᠵᠠᠢ᠃ ᠪᠡᠯᠡᠳᠭᠡᠯ ᠬᠦᠴᠦᠨ ᠳ᠋ᠦ ᠪᠠᠰᠠ ᠭᠠᠴᠠᠭ᠎ᠠ ᠲᠣᠰᠭᠤᠨ᠎ᠤ ᠨᠠᠮ᠎ᠡᠭᠦᠷ ᠠᠷᠠᠳ᠎ᠤᠨ ᠵᠥᠪᠯᠡᠯ ᠤ᠋ᠨ ᠲᠤᠰᠠᠯᠠᠭ᠍ᠴᠢ᠎ᠶ᠋ᠢᠨ ᠲᠤᠱᠢᠶᠠᠯ᠎ᠢ ᠡᠭᠦᠷᠭᠡᠯᠡᠭᠦᠯᠵᠤ᠂ ᠡᠳᠦᠷ ᠲᠤᠲᠤᠮ᠎ᠤᠨ ᠲᠣᠰᠭᠤᠨ᠎ᠤ ᠶᠠᠪᠤᠳᠠᠯ᠎ᠤᠨ ᠬᠠᠮᠢᠶᠠᠷᠤᠯᠲᠠ᠎ᠳᠤ ᠭᠦᠨᠵᠡᠭᠡᠶ ᠠᠭᠤᠰᠤᠯᠴᠠᠭᠤᠯᠤᠨ᠂ ᠪᠣᠳᠠᠲᠠᠢ ᠠᠵᠢᠯ᠎ᠤᠨ ᠶᠠᠪᠤᠴᠠ ᠳ᠋ᠦ ᠴᠢᠳᠠᠪᠤᠷᠢ᠎ᠪᠠᠨ ᠳᠡᠭᠡᠭ᠌ᠰᠢᠯᠡᠭᠦᠯᠭᠦ ᠵᠢ ᠠᠬᠢᠭᠤᠯᠪᠠ᠃ 2025 ᠣᠨ᠎ᠳᠤ᠂ ᠬᠤᠱᠢᠭᠤ ᠱᠢᠶᠠᠨ ᠬᠤᠶᠠᠷ ᠱᠠᠲᠤᠨ᠎ᠤ ᠡᠯ᠎ᠡ ᠵᠦᠢᠯ᠎ᠤᠨ ᠪᠣᠯᠪᠠᠰᠤᠷᠠᠯ ᠎ᠢ 5000 ᠭᠠᠷᠤᠶ ᠤᠳᠠᠭ᠎ᠠ ᠵᠤᠬᠢᠶᠠᠨ ᠪᠠᠢᠭᠤᠯᠤᠭᠰᠠᠨ ᠪᠠᠢᠨ᠎ᠠ᠃

ᠴᠢᠳᠠᠪᠦᠷᠢᠳᠠᠨ ᠢ᠋ ᠦᠯᠡᠳᠡᠬᠡᠨ᠂ ᠣᠯᠭᠤᠮᠵᠢ ᠬᠠᠷᠠᠭᠠᠯᠵᠠᠯ ᠢ᠋ ᠪᠠᠳᠤᠯᠠᠨ᠂ ᠠᠵᠢᠯᠯᠠᠬᠤ ᠤᠷᠮ᠎ᠡ ᠵᠤᠷᠢᠭ ᠢ᠋ ᠨᠢ ᠭᠦᠭᠵᠢᠬᠡᠪᠡ᠃ ᠪᠠᠭᠠᠷᠢᠨ ᠵᠡᠭᠦᠨ ᠬᠤᠱᠢᠭᠤ ᠤᠷᠮᠠᠱᠢᠭᠤᠯᠬᠤ ᠪᠠᠲᠤᠯᠠᠭ᠎ᠠ᠎ᠶ᠋ᠢᠨ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠬᠠᠷᠠᠭᠠᠯᠵᠠᠯ ᠢ᠋ ᠲᠡᠬᠡᠭᠰᠢᠯᠡᠭᠦᠯᠤᠨ᠂ ᠲᠣᠰᠭᠤᠨ᠎ᠤ ᠺᠠᠳ᠋ᠷ᠎ᠤᠨ ᠬᠥᠯᠥᠰᠥ᠍ ᠣᠯᠭᠤᠮᠵᠢ᠎ᠶ᠋ᠢ ᠳᠡᠭᠡᠭ᠌ᠰᠢᠯᠡᠭᠦᠯᠵᠤ᠂ 《ᠱᠦᠵᠢ ᠪᠤᠯᠤᠨ ᠡᠷᠬᠢᠯᠡᠭᠴᠢ ᠵᠢᠨ ᠲᠤᠰᠢᠶᠠᠯ ᠢ᠋ ᠵᠡᠷᠭᠡ ᠪᠡᠷ ᠡᠬᠦᠷᠭᠡᠯᠡᠭᠴᠢ》 ᠵᠢᠨ ᠵᠢᠯ᠎ᠤ᠋ᠨ ᠦᠨᠳᠦᠰᠦᠨ ᠬᠥᠯᠥᠰᠥ᠍  ᠣᠯᠭᠤᠮᠵᠢ᠎ᠶ᠋ᠢ 5.9 ᠲᠦᠮᠡᠨ ᠲᠥᠭᠦᠷᠢᠭ ᠲᠤ᠌ ᠬᠦᠷᠭᠡᠵᠦ᠂ ᠪᠤᠰᠤᠳ ᠭᠠᠴᠠᠭ᠎ᠠ ᠲᠣᠰᠭᠤᠨ᠎ᠤ ᠺᠠᠳ᠋ᠷ᠎ᠤᠨ ᠦᠨᠳᠦᠰᠦᠨ ᠬᠥᠯᠥᠰᠥ᠍ ᠣᠯᠭᠤᠮᠵᠢ᠎ᠨᠢ ᠵᠢᠯ ᠪᠦᠷᠢ 3 ᠲᠦᠮᠡᠨ ᠲᠥᠭᠦᠷᠢᠭ᠎ᠡᠴᠡ ᠳᠠᠪᠠᠭ᠍ᠰᠠᠨ ᠪᠥᠭᠡᠳ ᠬᠠᠮᠲᠤ᠎ᠶ᠋ᠢᠨ ᠠᠵᠤ ᠠᠬᠤᠶ᠎ᠶ᠋ᠢᠨ ᠠᠱᠢᠭ ᠣᠷᠣᠯᠭ᠎ᠠ᠎ᠶ᠋ᠢᠨ ᠱᠠᠩᠨᠠᠯ᠎ᠤᠨ ᠲᠣᠭ᠍ᠲᠠᠴᠠ᠎ᠶ᠋ᠢ ᠪᠠᠢᠭᠤᠯᠵᠤ᠂ ᠰᠠᠢᠨ ᠬᠢᠬᠦ᠌ ᠪᠠ ᠠᠨᠠᠢ ᠬᠢᠬᠦ᠌ ᠵᠢ ᠢᠯᠭᠠᠭ᠎ᠠ ᠲᠠᠢ ᠪᠤᠯᠭᠠᠵᠠᠢ᠃ ᠤᠯᠤᠰ ᠲᠥᠷᠥ᠎ᠶ᠋ᠢᠨ ᠲᠠᠯ᠎ᠠ᠎ᠪᠠᠷ 《ᠬᠦᠴᠦ ᠴᠢᠳᠠᠪᠤᠷᠢ ᠣᠯᠭᠤᠵᠤ》᠂ ᠲᠡᠬᠡᠭᠰᠢ ᠲᠡᠪᠰᠢᠬᠦᠯᠬᠦ ᠵᠠᠮ᠎ᠢ ᠨᠡᠪᠲᠡᠷᠡᠭᠦᠯᠵᠦ᠍᠂ ᠱᠢᠯᠢᠳᠡᠭ ᠭᠠᠴᠠᠭ᠎ᠠ ᠲᠣᠰᠭᠤᠨ ᠎ᠤ ᠱᠦᠵᠢ᠎ᠶ᠋ᠢᠨ ᠳᠣᠲᠣᠷ᠎ᠠ᠎ᠡᠴᠡ ᠠᠵᠢᠯ ᠦᠢᠯᠡᠰ ᠎ᠤᠨ ᠣᠷᠣᠨ ᠲᠤᠭ᠎ᠠ ᠲᠠᠢ ᠠᠵᠢᠯᠲᠠᠨ ᠎ᠢ ᠰᠣᠩᠭᠤᠨ ᠡᠯᠰᠡᠵᠦ᠂ ᠨᠢᠭᠡᠨᠲᠡ 10 ᠭᠠᠴᠠᠭ᠎ᠠ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠰᠣᠩᠭᠤᠨ ᠡᠯᠰᠡᠭᠦ ᠭᠤᠭᠴᠤᠭ᠎ᠠ ᠵᠢ ᠳᠠᠮᠵᠢᠭᠠᠳ᠂ ᠠᠵᠢᠯ ᠦᠢᠯᠡᠰ᠎ᠤᠨ ᠣᠷᠣᠨ ᠲᠤᠭ᠎ᠠ᠎ᠲᠠᠢ ᠪᠤᠯᠪᠠ᠃ ᠬᠠᠯᠠᠮᠵᠢᠯᠠᠨ ᠬᠠᠢᠷᠠᠯᠠᠵᠤ᠂ ᠰᠠᠢᠰᠢᠶᠠᠯ ᠬᠥᠬᠢᠬᠦᠯᠦᠯ ᠬᠦᠷᠲᠡᠭᠰᠡᠨ ᠺᠠᠳ᠋ᠷ᠎ᠢ ᠰᠣᠩᠭᠤᠭᠠᠳ ᠭᠠᠳᠠᠭᠰᠢ ᠲᠣᠮᠢᠯᠠᠨ ᠰᠤᠷᠤᠯᠴᠠᠭᠤᠯᠵᠤ᠂ 890 ᠭᠠᠷᠤᠶ ᠭᠠᠴᠠᠭ᠎ᠠ ᠲᠣᠰᠭᠤᠨ᠎ᠤ ᠺᠠᠳ᠋ᠷ᠎ᠲᠤ ᠠᠵᠢᠯ᠎ᠡᠴᠡ ᠪᠣᠯᠤᠭ᠍ᠰᠠᠨ ᠭᠡᠮᠲᠦᠯ ᠎ᠤᠨ ᠳᠠᠭᠠᠳᠭᠠᠯ ᠤ᠋ᠨ ᠰᠦᠢᠳᠭᠡᠯ ᠢ᠋ ᠨᠢ ᠤᠷᠤᠯᠠᠨ ᠲᠤᠱᠢᠶᠠᠵᠠᠢ᠃ ᠪᠠᠰᠠ ᠬᠠᠪᠰᠤᠷᠤᠨ ᠲᠡᠳᠬᠦᠬᠦ᠌ ᠰᠠᠭᠤᠷᠢ ᠮᠥᠩᠭᠦ᠌ ᠪᠠᠢᠭᠤᠯᠤᠭᠠᠳ᠂ ᠬᠤᠢᠱᠢᠳᠠ᠎ᠶ᠋ᠢᠨ ᠵᠣᠪᠠᠨᠢᠯ ᠎ᠢ ᠨᠢ ᠱᠢᠶ᠋ᠳᠪᠦᠷᠢᠯᠡᠵᠦ᠍᠂ ᠲᠣᠰᠭᠤᠨ᠎ᠤ ᠺᠠᠳ᠋ᠷ ᠎ᠤᠨ ᠠᠵᠢᠯ᠎ᠤᠨ ᠪᠠᠢᠷᠢ᠎ᠶ᠋ᠢ ᠨᠠᠩ ᠲᠠᠲᠠᠬᠤ ᠬᠦᠴᠦᠨ᠎ᠲᠠᠢ ᠪᠤᠯᠭᠠᠵᠤ᠂ ᠲᠤᠰᠬᠤᠨ ᠤ᠋ ᠺᠠᠳ᠋ᠷ ᠢ᠋ ᠨᠡᠩ ᠬᠠᠷᠢᠶᠠᠯᠠᠭ᠍ᠳᠠᠬᠤ ᠰᠡᠳᠭᠢᠯᠭᠡ᠎ᠲᠠᠢ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号