ᠪᠷᠠᠽᠢᠯ᠎ᠤᠨ ᠶᠡᠷᠦᠩᠬᠡᠢᠯᠡᠭ᠌ᠴᠢ ᠯᠦᠯᠠ 12 ᠤ᠋ᠨ ᠡᠳᠦᠷ ᠵᠠᠰᠠᠭ ᠵᠠᠬᠢᠷᠭᠠᠨ᠎ᠤ ᠵᠠᠷᠯᠢᠭ᠎ᠲᠤ ᠭᠠᠷᠤᠨ ᠥᠰᠥᠭ ᠵᠢᠷᠤᠵᠤ᠂ 50 ᠳ᠋ᠣᠯᠯᠠᠷ ᠵᠢᠴᠢ 50 ᠳ᠋ᠣᠯᠯᠠᠷ ᠡᠴᠡ ᠳᠣᠷᠣᠭ᠍ᠰᠢᠬᠢ ᠭᠠᠳᠠᠭᠠᠳᠤ ᠣᠷᠣᠭᠤᠯᠤᠯᠲᠠ᠎ᠶ᠋ᠢᠨ ᠲᠠᠸᠠᠷ᠎ᠤᠨ ᠬᠣᠯᠪᠣᠭᠠᠨ᠎ᠤ ᠭᠠᠢᠯᠢ ᠲᠠᠲᠠᠪᠤᠷᠢᠯᠠᠬᠤ᠎ᠶ᠋ᠢ ᠬᠦᠴᠦᠨ ᠥᠬᠡᠶ ᠪᠣᠯᠭᠠᠪᠠ᠃ ᠪᠷᠠᠽᠢᠯ᠎ᠤᠨ ᠵᠠᠰᠠᠭ᠎ᠤᠨ ᠣᠷᠳᠣᠨ᠂ ᠲᠣᠰ ᠠᠷᠭ᠎ᠠ ᠬᠡᠮᠵᠢᠶ᠎ᠡ ᠨᠢ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠦᠶ᠋ᠯᠡᠳᠬᠦᠨ᠎ᠦ ᠦᠨ᠎ᠡ ᠬᠠᠩᠰᠢ᠎ᠶ᠋ᠢ ᠪᠠᠭᠤᠷᠠᠭᠤᠯᠬᠤ᠂ ᠪᠷᠠᠽᠢᠯ᠎ᠤᠨ ᠣᠷᠣᠯᠭ᠎ᠠ ᠪᠠᠭᠠᠲᠠᠶ ᠬᠠᠮᠲᠤᠯᠢᠭ᠎ᠲᠤ ᠠᠱᠢᠭ ᠬᠦᠷᠲᠡᠭᠡᠬᠦ᠌᠎ᠳᠦ ᠠᠱᠢᠭ᠍ᠲᠠᠶ ᠶᠤᠮ᠃
ᠪᠷᠠᠽᠢᠯ᠎ᠤᠨ ᠡᠳ᠋᠎ᠦᠨ ᠵᠠᠰᠠᠭ᠎ᠤᠨ ᠶᠠᠮᠤᠨ᠎ᠤ ᠭᠦᠶ᠋ᠴᠡᠳᠭᠡᠭ᠌ᠴᠢ ᠨᠠᠷᠢᠨ ᠪᠢᠴᠢᠭᠡᠴᠢ ᠷᠦᠸᠸᠵᠢᠷᠤ᠋·ᠰᠠᠢᠷ᠎ᠤᠨ᠂ ᠭᠠᠢᠯᠢ ᠪᠠᠭᠤᠷᠠᠭᠤᠯᠬᠤ ᠡᠨᠡᠬᠦ ᠠᠷᠭ᠎ᠠ ᠬᠡᠮᠵᠢᠶ᠎ᠡ᠎ᠨᠢ ᠲᠡᠳᠡᠭᠡᠷ 《ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠲᠠᠪᠴᠠᠩ᠎ᠳᠤ ᠳᠡᠭᠡᠳᠦ ᠬᠡᠮᠵᠢᠶ᠎ᠡ᠎ᠪᠡᠷ ᠲᠦᠱᠢᠭ᠌ᠯᠡᠨ ᠡᠳᠦᠷ ᠲᠤᠲᠤᠮ᠎ᠤᠨ ᠵᠠᠪᠠᠯ ᠬᠡᠷᠡᠭ᠌ᠰᠡᠬᠦ᠌ ᠦᠶ᠋ᠯᠡᠳᠬᠦᠨ ᠬᠤᠳᠠᠯᠳᠤᠨ ᠠᠪᠳᠠᠭ ᠨᠡᠯᠢᠶᠡᠳ ᠳᠤᠤᠷ᠎ᠠ ᠣᠷᠣᠯᠭ᠎ᠠ᠎ᠲᠠᠶ ᠬᠠᠮᠲᠤᠯᠢᠭ》᠎ᠲᠤ᠌ ᠠᠱᠢᠭ ᠬᠦᠷᠲᠡᠭᠡᠬᠦ᠌ ᠪᠣᠯᠤᠨ᠎ᠠ ᠭᠡᠵᠡᠶ᠃ ᠵᠠᠰᠠᠭ ᠤ᠋ᠨ ᠣᠷᠳᠣᠨ ᠨᠢ ᠤᠳᠠᠯ ᠦᠭᠡᠢ ᠲᠤᠰ ᠠᠷᠭ᠎ᠠ ᠪᠠᠷᠢᠯ᠎ᠳᠤ ᠬᠣᠯᠪᠣᠭ᠍ᠳᠠᠭ᠍ᠰᠠᠨ ᠭᠠᠢᠯᠢ᠎ᠶ᠋ᠢᠨ ᠶᠠᠪᠤᠳᠠᠯ᠎ᠤᠨ ᠲᠣᠭ᠎ᠠ ᠪᠠᠷᠢᠮᠲᠠ᠎ᠶ᠋ᠢ ᠨᠡᠢᠲᠡᠯᠡᠨ᠎ᠡ᠃
ᠪᠷᠠᠽᠢᠯ᠎ᠤᠨ ᠵᠠᠰᠠᠭ᠎ᠤᠨ ᠣᠷᠳᠣᠨ ᠣᠢᠷ᠎ᠠ᠎ᠳᠤ ᠣᠷᠣᠯᠭ᠎ᠠ ᠪᠠᠭᠠᠲᠠᠶ ᠭᠡᠷ ᠪᠦᠯᠢ᠂ ᠵᠢᠵᠢᠭ ᠠᠵᠤ ᠠᠬᠤᠢᠯᠠᠯ᠂ ᠰᠤᠷᠤᠭ᠍ᠴᠢ ᠪᠣᠯᠤᠨ ᠲᠠᠷᠢᠶᠠᠴᠢᠨ ᠡᠷᠦᠬᠡ᠎ᠶ᠋ᠢᠨ ᠥᠷᠢ ᠱᠢᠷᠢ᠎ᠶ᠋ᠢᠨ ᠳᠠᠷᠤᠯᠲᠠ᠎ᠶ᠋ᠢ ᠨᠠᠮᠳᠠᠭᠤᠯᠬᠤ ᠢᠲᠡᠭᠡᠮᠵᠢᠲᠦ ᠵᠢᠭᠡᠯᠡᠯᠭᠡ᠎ᠶ᠋ᠢᠨ ᠨᠤᠭᠤᠯᠪᠤᠷᠢ᠎ᠶᠢᠨ ᠲᠥᠯᠥᠪᠯᠡᠭᠡ᠎ᠶ᠋ᠢ ᠪᠠᠭ᠍ᠲᠠᠭᠠᠭ᠍ᠰᠠᠨ ᠠᠯᠢ ᠣᠯᠠᠨ ᠠᠷᠭ᠎ᠠ ᠬᠡᠮᠵᠢᠶ᠎ᠡ ᠨᠡᠢᠲᠡᠯᠡᠵᠡᠶ᠃ ᠵᠠᠷᠢᠮ ᠵᠠᠭᠤᠴᠢᠯᠠᠭᠤᠷ᠎ᠤᠨ ᠮᠡᠳᠡᠭᠡᠯᠡᠭ᠌ᠰᠡᠨᠢᠶᠡᠷ᠂ ᠡᠢᠮᠦᠷᠬᠦ᠌ ᠠᠷᠭ᠎ᠠ ᠬᠡᠮᠵᠢᠶ᠎ᠡ ᠨᠢ 10 ᠰᠠᠷ᠎ᠠ᠎ᠶ᠋ᠢᠨ ᠶᠡᠷᠦᠩᠬᠡᠢᠯᠡᠭ᠌ᠴᠢ᠎ᠶ᠋ᠢᠨ ᠰᠣᠩᠭᠣᠭᠤᠯᠢ᠎ᠶ᠋ᠢᠨ ᠠᠩᠬᠠᠨ᠎ᠤ ᠡᠭᠡᠯᠵᠢ᠎ᠶ᠋ᠢᠨ ᠪᠢᠯᠧᠲ ᠥᠭ᠌ᠭᠦ ᠠᠵᠢᠯ ᠡᠬᠢᠯᠡᠬᠦ ᠡᠴᠡ ᠡᠮᠦᠨ᠎ᠡ ᠯᠦᠯᠡᠶᠢᠨ ᠳᠡᠮᠵᠢᠭᠳᠡᠬᠦ ᠨᠤᠷᠮ᠎ᠠ ᠵᠢ ᠨᠡᠮᠡᠭᠳᠡᠬᠦᠯᠬᠦ ᠪᠣᠯᠤᠮᠵᠢᠲᠠᠶ ᠶᠤᠮ᠃ ᠣᠢᠷ᠎ᠠ᠎ᠶ᠋ᠢᠨ ᠬᠤᠭᠤᠴᠠᠭᠠᠨ᠎ᠳᠤ ᠬᠢᠭ᠌ᠰᠡᠨ ᠣᠯᠠᠨ ᠵᠦᠢᠯ᠎ᠦᠨ ᠠᠷᠠᠳ᠎ᠤᠨ ᠪᠠᠢᠴᠠᠭᠠᠯᠲᠠ ᠡᠴᠡ ᠦᠵᠡᠪᠡᠯ᠂ ᠯᠦᠯᠠ ᠪᠣᠯᠤᠨ ᠳᠡᠭᠡᠷ᠎ᠡ ᠬᠤᠭᠤᠴᠠᠭᠠᠨ᠎ᠤ ᠶᠡᠷᠦᠩᠬᠡᠢᠯᠡᠭ᠌ᠴᠢ᠎ᠶ᠋ᠢᠨ ᠬᠦᠦ ᠹᠦᠯᠠᠸᠸᠢᠤ᠋·ᠪᠤᠰᠤᠨᠠᠷᠣ᠋ᠶᠢᠨ ᠳᠡᠮᠵᠢᠬᠳᠡᠬᠦ ᠨᠣᠷᠮ᠎ᠠ ᠡᠮᠦᠨᠡᠭᠦᠷ ᠤᠷᠤᠭ᠍ᠰᠠᠨ ᠪᠥᠭᠡᠳ ᠨᠡᠯᠢᠡᠳ ᠣᠢᠷᠠᠳᠴᠤ᠌ ᠪᠠᠢᠭ᠎ᠠ ᠬᠣᠶᠠᠷ ᠵᠢᠱ᠌ᠢᠭ᠌ᠳᠡᠭ᠌ᠴᠢ ᠮᠥᠨ᠂ ᠲᠡᠳᠡ ᠬᠣᠶᠠᠳᠠᠬᠢ ᠡᠭᠡᠯᠵᠢ᠎ᠶ᠋ᠢᠨ ᠪᠢᠯᠧᠲ ᠥᠭ᠌ᠭᠦᠯᠲᠡᠳᠦ ᠣᠷᠣᠯᠴᠠᠬᠤ ᠪᠣᠯᠤᠮᠵᠢᠲᠠᠶ ᠪᠠᠢᠨ᠎ᠠ᠃ ᠯᠦᠯᠠ 2022 ᠣᠨ᠎ᠤ ᠰᠣᠩᠭᠣᠭᠤᠯᠢ᠎ᠳᠤ ᠲᠤᠬᠠᠶ᠎ᠶ᠋ᠢᠨ ᠦᠶ᠎ᠡ᠎ᠶ᠋ᠢᠨ ᠶᠡᠷᠦᠩᠬᠡᠢᠯᠡᠭ᠌ᠴᠢ ᠶᠠᠢᠷ· ᠪᠤᠰᠤᠨᠠᠷᠣ᠋ᠶ᠋ᠢ ᠢᠯᠠᠵᠤ᠂ ᠱᠢᠨ᠎ᠡ ᠶᠡᠷᠦᠩᠬᠡᠢᠯᠡᠭ᠌ᠴᠢ᠎ᠪᠡᠷ ᠰᠣᠩᠭᠣᠭ᠍ᠳᠠᠪᠠ᠃
ᠢᠷᠡᠯᠳᠡ᠄ ᠰᠢᠨᠬᠤᠸᠠ ᠬᠤᠷᠢᠶ᠎ᠠ