ᠳᠤᠮᠳᠠᠳᠤ ᠤᠯᠤᠰ᠎ᠤᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠪᠣᠯᠤᠨ ᠦᠽᠪᠸᠺᠰᠲ᠋ᠠᠨ᠎ᠤ ᠤᠯᠤᠰ᠎ᠤᠨ ᠬᠥᠮᠦᠨ᠎ᠦ ᠡᠷᠬᠡ᠎ᠶ᠋ᠢᠨ ᠲᠥᠪ᠎ᠡᠴᠡ ᠬᠠᠮᠲᠤᠷᠠᠨ ᠭᠣᠣᠯᠯᠠᠨ ᠡᠷᠬᠢᠯᠡᠭᠰᠡᠨ 《2026· ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ》 14 ᠤ᠋ ᠡᠳᠦᠷ ᠦᠽᠪᠸᠺᠰᠲ᠋ᠠᠨ᠎ᠤ ᠨᠡᠢᠰᠯᠡᠯ᠎ᠳᠤ ᠶᠠᠪᠤᠭ᠍ᠳᠠᠪᠠ᠃ ᠶᠠᠷᠢᠶᠠᠨ᠎ᠤ ᠲᠠᠪᠴᠠᠩ᠎ᠤᠨ ᠭᠣᠣᠯ ᠰᠡᠳᠦᠪ ᠨᠢ 《ᠴᠢᠨᠠᠷ ᠰᠠᠢᠲᠠᠢ ᠬᠥᠭ᠌ᠵᠢᠯᠲᠡ᠎ᠪᠡᠷ ᠬᠥᠮᠦᠨ᠎ᠦ ᠡᠷᠬᠡ᠎ᠶ᠋ᠢᠨ ᠲᠠᠪᠱᠢᠯᠳᠠ᠎ᠶ᠋ᠢ ᠠᠬᠢᠭᠤᠯᠤᠶ᠎ᠠ》 ᠪᠣᠯᠤᠨ᠎ᠠ᠂ ᠳᠤᠮᠳᠠᠳᠤ ᠤᠯᠤᠰ ᠪᠣᠯᠤᠨ ᠺᠠᠽᠠᠬ᠍ᠰᠲ᠋ᠠᠨ᠂ ᠺᠢᠷᠬᠢᠽᠰᠲ᠋ᠠᠨ᠂ ᠲᠠᠵᠢᠺᠰᠲ᠋ᠠᠨ᠂ ᠲᠦᠷᠺᠮᠸᠨ᠋ᠰᠲ᠋ᠠᠨ᠂ ᠦᠽᠪᠸᠺᠰᠲ᠋ᠠᠨ ᠵᠡᠷᠭᠡ ᠵᠢᠷᠭᠤᠭᠠᠨ ᠤᠯᠤᠰ᠎ᠤᠨ ᠬᠥᠮᠦᠨ᠎ᠦ ᠡᠷᠬᠡ᠎ᠶ᠋ᠢᠨ ᠬᠦᠷᠢᠶᠡᠨ᠎ᠦ ᠠᠯᠪᠠᠨ ᠲᠤᠱᠢᠶᠠᠯᠲᠠᠨ᠂ ᠲᠤᠰᠭᠠᠢ ᠮᠡᠷᠭᠡᠵᠢᠯᠲᠡᠨ ᠡᠷᠳᠡᠮᠲᠡᠨ ᠵᠡᠷᠭᠡ ᠵᠠᠭᠤ ᠱᠢᠬᠠᠮ ᠬᠥᠮᠦᠨ ᠬᠤᠷᠠᠯ᠎ᠳᠤ ᠣᠷᠣᠯᠴᠠᠪᠠ᠃
ᠳᠤᠮᠳᠠᠳᠤ ᠤᠯᠤᠰ᠎ᠤᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠦᠨ ᠳᠡᠳ᠋ ᠬᠡᠷᠡᠭ ᠡᠷᠬᠢᠯᠡᠭ᠌ᠴᠢᠳ᠎ᠦᠨ ᠳᠠᠷᠤᠭ᠎ᠠ ᠪᠥᠭᠡᠳ ᠨᠠᠷᠢᠨ ᠪᠢᠴᠢᠭ᠎ᠦᠨ ᠳᠠᠷᠤᠭ᠎ᠠ ᠯᠢ ᠬᠣᠩ ᠺᠦᠢ᠂ ᠳᠤᠮᠳᠠᠳᠤ ᠤᠯᠤᠰ ᠪᠣᠯᠤᠨ ᠳᠤᠮᠳᠠ ᠠᠽᠢᠶ᠎ᠠ᠎ᠶ᠋ᠢᠨ ᠲᠠᠪᠤᠨ ᠤᠯᠤᠰ ᠬᠠᠮᠲᠤᠷᠠᠯᠴᠠᠭ᠎ᠠ᠎ᠪᠠᠷ ᠬᠥᠭ᠌ᠵᠢᠯᠲᠡ᠎ᠶ᠋ᠢ ᠠᠬᠢᠭᠤᠯᠬᠤ᠂ ᠬᠥᠭ᠌ᠵᠢᠯᠲᠡ᠎ᠪᠡᠷ ᠬᠥᠮᠦᠨ᠎ᠦ ᠡᠷᠬᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠳᠦᠭᠡᠨ ᠪᠠᠢᠭᠤᠯᠬᠤ ᠰᠠᠨᠠᠭᠠᠴᠢᠯᠠᠭ᠎ᠠ᠎ᠶ᠋ᠢ ᠳᠤᠮᠳᠠ ᠠᠽᠢᠶ᠎ᠠ᠎ᠶ᠋ᠢᠨ ᠡᠯ᠎ᠡ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠲᠠᠶ ᠭᠦᠨᠵᠡᠭᠡᠢ ᠵᠣᠯᠭᠠᠭᠤᠯᠬᠤ᠎ᠶ᠋ᠢ ᠴᠢᠩᠭᠠᠳᠭᠠᠵᠤ᠂ ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠬᠠᠮᠲᠤᠷᠠᠯᠴᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠵᠦ᠍᠂ ᠡᠯ᠎ᠡ ᠵᠦᠢᠯ᠎ᠦᠨ ᠬᠥᠮᠦᠨ᠎ᠦ ᠡᠷᠬᠡ᠎ᠶ᠋ᠢ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ ᠲᠠᠯᠪᠢᠵᠤ ᠥᠭ᠌ᠪᠡᠯ ᠵᠣᠬᠢᠨ᠎ᠠ ᠭᠡᠵᠦ᠍ ᠢᠯᠡᠳᠭᠡᠪᠡ᠃
ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠲᠣᠭ᠍ᠲᠡᠴᠡ᠎ᠶ᠋ᠢᠨ ᠨᠠᠷᠢᠨ ᠪᠢᠴᠢᠭ᠎ᠦᠨ ᠭᠠᠵᠠᠷ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠰᠠᠮᠠᠳᠢ ᠱᠤᠤᠱᠢᠨ᠂ ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠢ ᠡᠷᠬᠢᠯᠡᠬᠦ᠌ ᠨᠢ ᠬᠥᠮᠦᠨ᠎ᠦ ᠡᠷᠬᠡ᠎ᠶ᠋ᠢᠨ ᠣᠢᠯᠠᠭᠠᠭ᠍ᠳᠠᠬᠤᠨ᠎ᠤ ᠠᠭᠤᠯᠤᠭ᠍ᠳᠠᠬᠤᠨ᠎ᠢ ᠥᠷᠭᠡᠳᠭᠡᠬᠦ᠌᠂ ᠣᠷᠣᠨ ᠪᠦᠰᠡ᠎ᠶ᠋ᠢᠨ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠭᠦᠨᠵᠡᠭᠡᠢᠷᠡᠭᠦᠯᠬᠦ᠌᠎ᠳᠦ ᠠᠱᠢᠭ᠍ᠲᠠᠢ ᠶᠤᠮ᠂ ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠲᠣᠭ᠍ᠲᠡᠴᠡ᠎ᠶ᠋ᠢᠨ ᠨᠠᠷᠢᠨ ᠪᠢᠴᠢᠭ᠎ᠦᠨ ᠭᠠᠵᠠᠷ ᠦᠷᠭᠦᠯᠵᠢᠯᠡᠨ ᠳᠡᠮᠵᠢᠯᠭᠡ ᠦᠵᠡᠭᠦᠯᠦᠨ᠎ᠡ ᠭᠡᠵᠦ᠍ ᠦᠵᠡᠪᠡ᠃
ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠢ ᠳᠤᠮᠳᠠᠳᠤ ᠤᠯᠤᠰ᠎ᠤᠨ ᠬᠥᠮᠦᠨ᠎ᠦ ᠡᠷᠬᠡ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ 2023 ᠣᠨ᠎ᠳᠤ ᠡᠭᠦᠰᠭᠡᠨ ᠪᠠᠢᠭᠤᠯᠵᠤ᠂ ᠨᠢᠭᠡᠨᠲᠡ ᠳᠥᠷᠪᠡᠨ ᠬᠤᠭᠤᠴᠠᠭ᠎ᠠ ᠡᠷᠭᠢᠯᠡᠪᠡ᠃
ᠢᠷᠡᠯᠲᠡ᠄ ᠰᠢᠨᠬᠤᠸᠠ ᠬᠤᠷᠢᠶ᠎ᠠ