ᠲᠦᠷᠦᠭᠦᠦ 4 ᠰᠠᠷ᠎ᠠ᠎ᠳᠤ ᠮᠠᠨ᠎ᠤ ᠤᠯᠤᠰ᠎ᠤᠨ ᠠᠷᠠᠳ᠎ᠤᠨ ᠵᠣᠭᠣᠰᠣᠨ᠎ᠤ ᠵᠢᠭᠡᠯᠡᠯᠭᠡ 8.59 ᠲᠦᠮᠡᠨ ᠳ᠋ᠦᠩᠱᠢᠭᠤᠷ ᠲᠥᠭᠥᠷᠢᠭ ᠨᠡᠮᠡᠭ᠌ᠳᠡᠪᠡ
2026-05-18 10:23:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ 5 ᠰᠠᠷ᠎ᠠ᠎ᠶ᠋ᠢᠨ 14 ᠎ᠤ᠋ ᠡᠳᠦᠷ ᠨᠡᠢᠲᠡᠯᠡᠭ᠌ᠰᠡᠨ ᠮᠥᠩᠭᠥᠨ ᠭᠦᠶ᠋ᠯᠭᠡᠭᠡᠨ᠎ᠦ ᠪᠦᠷᠢᠳᠭᠡᠯ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠲᠦᠷᠦᠭᠦᠦ 4 ᠰᠠᠷ᠎ᠠ᠎ᠳᠤ ᠮᠠᠨ᠎ᠤ ᠤᠯᠤᠰ᠎ᠤᠨ ᠠᠷᠠᠳ᠎ᠤᠨ ᠵᠣᠭᠣᠰᠣᠨ᠎ᠤ ᠵᠢᠭᠡᠯᠡᠯᠭᠡ 8.59 ᠲᠦᠮᠡᠨ ᠳ᠋ᠦᠩᠱᠢᠭᠤᠷ ᠲᠥᠭᠥᠷᠢᠭ ᠨᠡᠮᠡᠭ᠌ᠳᠡᠪᠡ᠂ ᠡᠭᠦᠨ᠎ᠳᠦ ᠠᠵᠤ ᠠᠬᠤᠢᠯᠠᠯ (ᠠᠵᠢᠯ ᠦᠶ᠋ᠯᠡᠰ)᠎ᠤ᠋ᠨ ᠨᠢᠭᠡᠴᠢ᠎ᠶ᠋ᠢᠨ ᠵᠢᠭᠡᠯᠡᠯᠭᠡ 8.99 ᠲᠦᠮᠡᠨ ᠳ᠋ᠦᠩᠱᠢᠭᠤᠷ ᠲᠥᠭᠥᠷᠢᠭ ᠨᠡᠮᠡᠭ᠌ᠳᠡᠪᠡ᠃ 

ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ 4 ᠰᠠᠷ᠎ᠠ᠎ᠶ᠋ᠢᠨ ᠰᠡᠭᠦᠯᠴᠢ᠎ᠪᠡᠷ᠂ ᠮᠠᠨ᠎ᠤ ᠤᠯᠤᠰ᠎ᠤᠨ ᠠᠷᠠᠳ᠎ᠤᠨ ᠵᠣᠭᠣᠰ᠎ᠤᠨ ᠵᠢᠭᠡᠯᠡᠯᠭᠡ᠎ᠶ᠋ᠢᠨ ᠦᠯᠡᠳᠡᠪᠦᠷᠢ ᠲᠣᠭ᠎ᠠ 280.5 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 5.6 % ᠪᠡᠷ ᠨᠡᠮᠡᠭ᠌ᠳᠡᠪᠡ᠃ ᠰᠠᠯᠠᠭ᠎ᠠ ᠮᠥᠴᠢᠷ ᠬᠤᠪᠢᠶᠠᠵᠤ ᠦᠵᠡᠪᠡᠯ᠂ ᠲᠦᠷᠦᠭᠦᠦ 4 ᠰᠠᠷ᠎ᠠ᠎ᠳᠤ᠂ ᠰᠠᠭᠤᠭᠠᠯᠢ ᠡᠷᠦᠬᠡ᠎ᠶ᠋ᠢᠨ ᠵᠢᠭᠡᠯᠡᠯᠭᠡ 4902 ᠳ᠋ᠦᠩᠱᠢᠭᠤᠷ ᠲᠥᠭᠥᠷᠢᠭ ᠪᠠᠭᠠᠰᠪᠠ; ᠠᠵᠤ ᠠᠬᠤᠢᠯᠠᠯ (ᠠᠵᠢᠯ ᠦᠶ᠋ᠯᠡᠰ) ᠎ᠤ᠋ᠨ ᠨᠢᠭᠡᠴᠢ᠎ᠶ᠋ᠢᠨ ᠵᠢᠭᠡᠯᠡᠯᠭᠡ 8.99 ᠲᠦᠮᠡᠨ ᠳ᠋ᠦᠩᠱᠢᠭᠤᠷ ᠲᠥᠭᠥᠷᠢᠭ ᠨᠡᠮᠡᠭ᠌ᠳᠡᠪᠡ᠂ ᠡᠭᠦᠨ᠎ᠳᠦ ᠳᠤᠮᠳᠠ ᠣᠷᠳᠣ ᠬᠤᠭᠤᠴᠠᠭᠠᠨ᠎ᠤ ᠵᠢᠭᠡᠯᠡᠯᠭᠡ 5.01 ᠲᠦᠮᠡᠨ ᠳ᠋ᠦᠩᠱᠢᠭᠤᠷ ᠲᠥᠭᠥᠷᠢᠭ ᠨᠡᠮᠡᠭ᠌ᠳᠡᠪᠡ᠃ 

ᠡᠭᠦᠨ᠎ᠡᠴᠡ ᠭᠠᠳᠠᠨ᠎ᠠ᠂ ᠲᠣᠰ ᠡᠳᠦᠷ ᠨᠡᠢᠲᠡᠯᠡᠭ᠌ᠰᠡᠨ ᠨᠡᠢᠭᠡᠮ᠎ᠦᠨ ᠪᠠᠯᠠ ᠬᠤᠷᠠᠮᠳᠤᠭᠤᠯᠭ᠎ᠠ᠎ᠶ᠋ᠢᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 4 ᠰᠠᠷ᠎ᠠ᠎ᠶ᠋ᠢᠨ ᠰᠡᠭᠦᠯᠴᠢ᠎ᠪᠡᠷ᠂ ᠮᠠᠨ᠎ᠤ ᠤᠯᠤᠰ᠎ᠤᠨ ᠨᠡᠢᠭᠡᠮ᠎ᠦᠨ ᠪᠠᠯᠠ ᠬᠤᠷᠠᠮᠳᠤᠭᠤᠯᠭ᠎ᠠ᠎ᠶ᠋ᠢᠨ ᠬᠡᠪᠴᠢᠶ᠎ᠡ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ 456.89 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 7.8 % ᠎ᠪᠠᠷ ᠨᠡᠮᠡᠭ᠌ᠳᠡᠪᠡ; ᠲᠦᠷᠦᠭᠦᠦ 4 ᠰᠠᠷ᠎ᠠ᠎ᠳᠤ ᠨᠡᠢᠭᠡᠮ᠎ᠦᠨ ᠪᠠᠯᠠ ᠬᠤᠷᠠᠮᠳᠤᠭᠤᠯᠭ᠎ᠠ᠎ᠶ᠋ᠢᠨ ᠬᠡᠪᠴᠢᠶ᠎ᠡ᠎ᠶ᠋ᠢᠨ ᠨᠡᠮᠡᠭ᠌ᠳᠡᠯ᠎ᠦᠨ ᠬᠡᠮᠵᠢᠶ᠎ᠡ ᠨᠡᠢᠲᠡ 15.45 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠭᠡᠷ᠎ᠠ ᠵᠢᠯ᠎ᠦᠨ ᠠᠳᠠᠯᠢ ᠬᠤᠭᠤᠴᠠᠭᠠᠨ᠎ᠤ᠎ᠬᠢ᠎ᠡᠴᠡ 8930 ᠳ᠋ᠦᠩᠱᠢᠭᠤᠷ ᠲᠥᠭᠥᠷᠢᠭ ᠪᠠᠭᠠᠰᠪᠠ᠃

ᠢᠷᠡᠯᠲᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号