ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠪᠡᠭᠡᠵᠢᠩ ᠬᠣᠲᠠ᠎ᠶ᠋ᠢᠨ ᠦᠨᠳᠦᠰᠦᠲᠡᠨ ᠱᠠᠱᠢᠨ ᠰᠤᠷᠲᠠᠬᠤᠨ᠎ᠤ ᠵᠥᠪᠯᠡᠯ ᠪᠠ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠡᠭᠡᠵᠢᠩ ᠳᠦ 《ᠠᠷᠠᠳ ᠤᠨ ᠡᠵᠡᠩᠨᠡᠯᠳᠡ᠎ᠶᠢᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠣᠷᠤᠭᠤᠯᠬᠤ》 ᠵᠢ ᠠᠬᠢᠭᠤᠯᠬᠤ ᠵᠥᠪᠳᠡᠯᠴᠡᠬᠡᠷ ᠦᠨ ᠬᠤᠷᠠᠯ ᠬᠤᠷᠠᠯᠳᠤᠭᠤᠯᠵᠠᠢ᠃
ᠬᠤᠷᠠᠯ᠎ᠠᠴᠠ᠂ ᠬᠢᠯᠢ ᠬᠢᠵᠠᠭᠠᠷ᠎ᠢ ᠵᠠᠰᠠᠬᠤ᠂ ᠬᠢᠯᠢ ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠭᠦᠨᠵᠡᠭᠡᠶ ᠲᠤᠭᠤᠱᠢᠯᠠᠭᠤᠯᠵᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠣᠷᠣᠭᠤᠯᠬᠤ》 ᠠᠵᠢᠯᠯᠠᠭ᠎ᠠ᠎ᠶ᠋ᠢᠨ ᠲᠤᠬᠠᠶ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠶ᠋ᠢ ᠭᠦᠨᠵᠡᠭᠡᠢᠷᠡᠭᠦᠯᠵᠦ᠍᠂ ᠪᠡᠭᠡᠵᠢᠩ ᠥᠪᠥᠷ ᠮᠣᠩᠭᠣᠯ᠎ᠤᠨ ᠠᠷᠠᠳ᠎ᠤᠨ ᠠᠷᠠᠯᠵᠢᠶ᠎ᠠ ᠠᠷᠠᠳ᠎ᠤᠨ ᠬᠡᠷᠡᠭ᠌ᠯᠡᠭᠡᠨ᠎ᠦ ᠵᠦᠶ᠋ᠯ᠎ᠦᠨ ᠠᠵᠤ ᠠᠬᠤᠢᠯᠠᠯ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠬᠣᠶᠠᠷ ᠭᠠᠵᠠᠷ᠎ᠤᠨ ᠠᠵᠤ ᠠᠬᠤᠢᠯᠠᠯ᠎ᠤᠨ ᠵᠥᠪᠳᠡᠯᠴᠡᠭᠡ ᠵᠣᠯᠭᠠᠯᠴᠠᠭ᠎ᠠ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌᠎ᠳᠦ ᠬᠦᠴᠦᠨ ᠨᠡᠮᠡᠷᠢᠯᠡᠵᠠᠢ᠃ ᠬᠤᠷᠠᠯ ᠳ᠋ᠦ᠂ ᠤᠷᠠᠳ᠎ᠤᠨ ᠳᠤᠮᠳᠠᠳᠤ ᠬᠣᠱᠢᠭᠤᠨ᠎ᠤ ᠬᠣᠩ ᠲᠸᠩ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠬᠤᠸᠠ ᠶᠠᠩ ᠦᠬᠡᠷ᠎ᠦᠨ ᠦᠶ᠋ᠯᠡᠰ ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠢᠯᠠᠯ ᠪᠡᠭᠡᠵᠢᠩ ᠬᠣᠲᠠ᠎ᠶ᠋ᠢᠨ ᠬᠠᠮᠢᠶ᠎ᠠ ᠪᠥᠬᠥᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠡᠲᠦ ᠳᠡᠯᠭᠡᠭᠦᠷ ᠪᠣᠯᠤᠨ ᠬᠡᠯᠬᠢᠶᠡᠲᠦ ᠢᠳᠡᠭᠡᠨ ᠤᠮᠳᠠᠭᠠᠨ᠎ᠤ ᠠᠵᠤ ᠠᠬᠤᠢᠯᠠᠯ᠎ᠳᠤ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠠᠨᠢᠯᠴᠠᠭᠤᠯᠵᠤ᠂ ᠬᠣᠶᠠᠷ ᠭᠠᠵᠠᠷ᠎ᠤᠨ ᠠᠵᠤ ᠠᠬᠤᠢᠯᠠᠯᠳᠠᠳ ᠪᠣᠬᠢᠷᠲᠤᠯ ᠥᠬᠡᠶ ᠢᠳᠡᠭᠡᠨ᠂ ᠳᠠᠷᠢᠵᠤ ᠲᠡᠵᠢᠭᠡᠬᠦ᠌᠂ ᠦᠨᠳᠦᠰᠦᠲᠡᠨ᠎ᠦ ᠭᠠᠷ ᠦᠶ᠋ᠯᠡᠳᠪᠦᠷᠢ᠂ ᠰᠣᠶᠣᠯ ᠵᠢᠭᠤᠯᠴᠢᠯᠠᠯ ᠵᠡᠷᠭᠡ ᠲᠠᠯ᠎ᠠ᠎ᠪᠠᠷ ᠣᠯᠠᠨ ᠵᠦᠶ᠋ᠯ᠎ᠦᠨ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠵᠠᠢ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠬᠠᠮᠢᠶ᠎ᠠ ᠪᠥᠬᠥᠶ ᠮᠤᠵᠢ ᠣᠷᠣᠨ᠎ᠯᠤᠭ᠎ᠠ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠪᠠᠢᠩᠭᠤᠵᠢᠭ᠍ᠰᠠᠨ ᠣᠯᠣᠯᠴᠠᠭ᠎ᠠ ᠰᠣᠯᠢᠯᠴᠠᠭ᠎ᠠ᠎ᠶ᠋ᠢᠨ ᠲᠠᠪᠴᠠᠩ ᠪᠠᠢᠭᠤᠯᠤᠨ᠂ ᠬᠢᠯᠢ ᠬᠢᠵᠠᠭᠠᠷ ᠣᠷᠣᠨ᠎ᠤ ᠠᠵᠤ ᠦᠶ᠋ᠯᠡᠰ᠎ᠦᠨ ᠳᠠᠪᠠᠭᠤᠯᠢᠭ᠎ᠢ ᠣᠨᠣᠪᠴᠢᠲᠠᠶ ᠡᠮᠬᠢᠯᠡᠵᠦ᠍᠂ 《ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ》 ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠤ ᠦᠶ᠋ᠯᠡᠰ ᠦᠨ ᠬᠠᠮᠵᠢᠯᠴᠠᠭ᠎ᠠ᠎ᠪᠠᠷ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠤᠨ ᠪᠡᠬᠢᠵᠢᠭᠦᠯᠬᠦ᠌ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ ᠪᠠᠢᠨ᠎ᠠ ᠃