5 ᠰᠠᠷ᠎ᠠ᠎ᠶ᠋ᠢᠨ 14 ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠡᠷᠢᠶᠡᠨ᠎ᠦ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠡᠨᠡ ᠵᠢᠯ ᠬᠢᠯᠢ᠎ᠪᠡᠷ ᠣᠷᠣᠵᠤ ᠭᠠᠷᠬᠤ ᠬᠥᠮᠦᠰ᠎ᠢ 100 ᠲᠦᠮᠡᠨ ᠬᠥᠮᠦᠨ ᠤᠳᠠᠭ᠎ᠠ ᠱᠢᠯᠭᠠᠨ ᠪᠠᠢᠴᠠᠭᠠᠵᠤ᠂ ᠠᠳᠠᠯᠢ ᠬᠤᠭᠤᠴᠠᠭᠠᠨ᠎ᠤ᠎ᠬᠢ᠎ᠡᠴᠡ᠎ᠪᠡᠨ 4.17% ᠪᠠᠷ ᠨᠡᠮᠡᠭ᠌ᠳᠡᠵᠦ᠍᠂ ᠨᠢᠳᠤᠨᠤᠨ᠎ᠤ᠎ᠬᠢ᠎ᠡᠴᠡ 4 ᠡᠳᠦᠷ ᠤᠷᠢᠳᠴᠢᠯᠠᠨ ᠵᠠᠭᠤᠨ ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃
ᠡᠷᠢᠶᠡᠨ ᠪᠣᠭᠣᠮᠲᠠ ᠪᠣᠯ ᠮᠠᠨ᠎ᠤ ᠤᠯᠤᠰ᠎ᠤᠨ ᠮᠣᠩᠭᠣᠯ ᠤᠯᠤᠰ᠎ᠲᠤ ᠨᠡᠭᠡᠭᠡᠯᠲᠡ ᠬᠢᠬᠦ᠌ ᠶᠡᠷᠦᠩᠬᠡᠢᠯᠡᠭ᠌ᠰᠡᠨ ᠴᠢᠨᠠᠷᠲᠠᠶ ᠬᠦᠶ᠋ᠰᠦ ᠪᠣᠭᠣᠮᠲᠠ ᠪᠣᠯᠬᠤ ᠪᠥᠭᠡᠳ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠬᠠᠭᠤᠷᠠᠶ ᠵᠠᠮ᠎ᠤᠨ ᠪᠣᠭᠣᠮᠲᠠ ᠪᠣᠯᠤᠨ᠎ᠠ᠂ ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ᠂ ᠳᠥᠭᠥᠮ ᠳᠥᠲᠡ ᠵᠠᠮ ᠬᠠᠷᠢᠯᠴᠠᠭᠠᠨ᠎ᠤ ᠨᠥᠬᠥᠴᠡᠯ᠂ ᠪᠣᠭᠣᠮᠲᠠ ᠥᠩᠭᠡᠷᠡᠬᠦ᠌ ᠲᠠᠭᠠᠯᠠᠮᠵᠢᠲᠠᠶ ᠣᠷᠴᠢᠨ ᠲᠣᠭᠣᠷᠢᠨ᠎ᠢᠶᠠᠷ᠎ᠢᠶᠠᠨ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠶ᠋ᠢᠨ 《ᠱᠢᠵᠢᠷ ᠠᠯᠲᠠᠨ ᠵᠠᠮ》 ᠪᠠ ᠠᠶᠠᠨᠴᠢᠳ᠎ᠤᠨ ᠬᠢᠯᠢ᠎ᠪᠡᠷ ᠣᠷᠣᠵᠤ ᠭᠠᠷᠬᠤ᠎ᠶ᠋ᠢᠨ ᠲᠡᠷᠢᠭᠦᠨ ᠰᠣᠩᠭᠣᠯᠲᠠ ᠪᠣᠯᠤᠭ᠍ᠰᠠᠨ ᠪᠠᠢᠨ᠎ᠠ᠃ ᠡᠨᠡ ᠵᠢᠯ᠎ᠡᠴᠡ ᠨᠠᠭᠠᠰᠢ᠂ ᠳᠤᠮᠳᠠᠳᠤ ᠮᠣᠩᠭᠣᠯ᠎ᠤᠨ ᠬᠢᠯᠢ ᠠᠯᠤᠰᠯᠠᠭ᠍ᠰᠠᠨ ᠵᠢᠭᠤᠯᠴᠢᠯᠠᠯ᠂ ᠰᠤᠳᠤᠯᠤᠨ ᠰᠤᠷᠤᠯᠴᠠᠬᠤ᠂ ᠬᠢᠯᠢ᠎ᠶ᠋ᠢᠨ ᠠᠷᠠᠯᠵᠢᠶ᠎ᠠ ᠦᠷᠭᠦᠯᠵᠢᠯᠡᠨ ᠨᠡᠮᠡᠭ᠌ᠳᠡᠵᠦ᠍᠂ ᠬᠢᠯᠢ᠎ᠪᠡᠷ ᠣᠷᠣᠵᠤ ᠭᠠᠷᠬᠤ ᠬᠥᠮᠦᠨ᠎ᠦ ᠳᠤᠭ᠎ᠠ᠂ ᠲᠡᠷᠭᠡᠨ᠎ᠦ ᠬᠡᠮᠵᠢᠶ᠎ᠡ᠂ ᠪᠠᠷᠠᠭᠠᠨ᠎ᠤ ᠭᠦᠢᠯᠭᠡᠭᠡ ᠲᠦᠷᠭᠡᠨ ᠨᠡᠮᠡᠭ᠌ᠳᠡᠬᠦ᠌ ᠬᠠᠨᠳᠤᠰᠢ ᠭᠠᠷᠪᠠ᠃ ᠡᠷᠢᠶᠡᠨ ᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠨᠢ ᠦᠶ᠋ᠯᠡᠴᠢᠯᠡᠭᠡᠨ᠎ᠦ ᠵᠠᠭ᠍ᠪᠤᠷ᠎ᠢᠶᠠᠨ ᠲᠠᠰᠤᠷᠠᠯᠲᠠ ᠥᠬᠡᠶ ᠱᠢᠨᠡᠴᠢᠯᠡᠵᠦ᠍᠂ ᠪᠦᠷᠢᠳᠭᠡᠨ ᠳᠠᠩᠰᠠᠯᠠᠬᠤ ᠤᠷᠢᠳᠴᠢᠯᠠᠨ ᠪᠣᠯᠵᠣᠬᠤ ᠦᠶ᠋ᠯᠡᠴᠢᠯᠡᠭᠡᠨ᠎ᠦ ᠲᠠᠪᠴᠠᠩ᠎ᠢ ᠦᠷᠭᠦᠯᠵᠢᠯᠡᠨ ᠳᠡᠯᠭᠡᠷᠡᠭᠦᠯᠵᠦ᠍᠂ ᠵᠢᠭᠤᠯᠴᠢᠯᠠᠯ᠎ᠤᠨ ᠪᠦᠯᠬᠦᠮ᠎ᠦᠨ ᠲᠤᠰᠭᠠᠶ ᠨᠡᠪᠲᠡᠷᠡᠬᠦ᠌ ᠵᠠᠮ᠎ᠢ ᠭᠠᠷᠭᠠᠵᠤ᠂ 《ᠲᠥᠷᠥᠯ ᠬᠤᠪᠢᠶᠠᠨ ᠰᠠᠯᠭᠠᠨ ᠭᠠᠷᠭᠠᠬᠤ》᠂ 《ᠤᠷᠢᠳᠴᠢᠯᠠᠨ ᠪᠠᠢᠴᠠᠭᠠᠬᠤ》 ᠦᠶ᠋ᠯᠡᠴᠢᠯᠡᠭᠡ ᠬᠠᠩᠭᠠᠵᠤ᠂ ᠴᠠᠭ᠍ᠳᠠᠭᠠᠨ᠎ᠤ ᠬᠦᠴᠦᠨ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ᠂ ᠠᠶᠠᠨᠴᠢᠳ᠎ᠲᠤ ᠪᠣᠭᠣᠮᠲᠠ᠎ᠪᠠᠷ ᠥᠩᠭᠡᠷᠡᠬᠦ᠌ ᠵᠥᠪᠯᠡᠯᠭᠡ ᠬᠠᠩᠭᠠᠪᠠ᠃
《ᠤᠯᠤᠰ᠎ᠤᠨ ᠡᠭᠦᠳᠡ᠎ᠶ᠋ᠢᠨ ᠡᠮᠦᠨ᠎ᠡ ᠹᠷᠣᠨᠲ᠎ᠢ ᠪᠠᠲᠤ ᠰᠠᠬᠢᠵᠤ᠂ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠪᠣᠭᠣᠮᠲᠠ᠎ᠪᠠᠷ ᠥᠩᠭᠡᠷᠡᠬᠦ᠌ ᠦᠢᠯᠡᠴᠢᠯᠡᠭᠡ᠎ᠶ᠋ᠢ ᠰᠠᠢᠲᠤᠷ ᠬᠢᠵᠦ᠍᠂ ᠲᠤᠰᠭᠠᠢ ᠮᠡᠷᠭᠡᠵᠢᠯ᠎ᠦᠨ ᠡᠭᠦᠷᠭᠡᠯᠡᠯ᠎ᠢᠶᠡᠷ ᠬᠢᠯᠢ᠎ᠶ᠋ᠢᠨ ᠪᠣᠭᠣᠮᠲᠠ᠎ᠶ᠋ᠢᠨ ᠠᠮᠤᠷ ᠲᠦᠪᠱᠢᠨ ᠰᠠᠭᠠᠳ ᠦᠭᠡᠢ ᠨᠡᠪᠲᠡᠷᠡᠬᠦ᠌᠎ᠶ᠋ᠢ ᠪᠠᠳᠤᠯᠠᠨ ᠬᠠᠮᠠᠭᠠᠯᠠᠨ᠎ᠠ》 ᠭᠡᠵᠦ ᠡᠷᠢᠶᠡᠨ ᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠶ᠋ᠢᠨ ᠳᠠᠷᠤᠭ᠎ᠠ ᠸᠠᠩ ᠭᠦᠸᠧ ᠬᠤᠸᠠ ᠲᠠᠨᠢᠯᠴᠠᠭᠤᠯᠪᠠ᠃ ᠣᠢᠯᠠᠭᠠᠭ᠍ᠰᠠᠨ᠎ᠢᠶᠠᠷ᠂ ᠲᠣᠰ ᠥᠷᠲᠡᠭᠡ ᠡᠨᠡ ᠵᠢᠯ᠎ᠦᠨ ᠨᠢᠭᠡ ᠡᠳᠦᠷ᠎ᠦᠨ ᠪᠠᠢᠴᠠᠭᠠᠨ ᠰᠢᠯᠭᠠᠬᠰᠠᠨ ᠠᠶᠠᠨᠴᠢᠳ᠎ᠤᠨ ᠲᠣᠭ᠎ᠠ ᠬᠠᠮᠤᠭ᠎ᠤᠨ ᠥᠨᠳᠥᠷ᠎ᠲᠡᠬᠡᠨ 12637 ᠬᠥᠮᠦᠨ ᠤᠳᠠᠭ᠎ᠠ᠎ᠳᠤ ᠬᠦᠷᠴᠡᠶ᠃