ᠲᠦᠷᠦᠯ ᠲᠡᠮᠳᠡᠭ ᠪᠣᠯ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠦᠨ ᠢᠯᠡᠳᠭᠡᠮᠵᠢ ᠲᠡᠮᠳᠡᠭ ᠮᠥᠨ᠂ ᠪᠠᠰᠠ ᠴᠤ᠌ ᠮᠠᠨ᠎ᠤ ᠤᠯᠤᠰ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠪᠥᠬᠥ᠌ ᠪᠥᠮᠪᠥᠷᠴᠡᠭ᠎ᠦᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠴᠢᠬᠤᠯᠠ ᠭᠠᠷᠳᠡᠴᠡ ᠮᠥᠨ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠤᠷᠭᠠᠨ᠎ᠤ ᠳᠡᠳ᠋ ᠳᠠᠷᠤᠭ᠎ᠠ ᠯᠢ ᠴᠦᠨ ᠹᠠᠩ ᠱᠢᠨᠬᠤᠸᠠ ᠬᠣᠷᠢᠶᠠᠨ᠎ᠤ 14 ᠤ᠋ ᠡᠳᠦᠷ ᠨᠡᠢᠲᠡᠯᠡᠭ᠌ᠰᠡᠨ 《ᠳᠤᠮᠳᠠᠳᠤ ᠤᠯᠤᠰ᠎ᠤᠨ ᠠᠵᠤ ᠠᠬᠤᠶ᠎ᠶ᠋ᠢᠨ ᠳᠤᠭᠤᠷᠢᠭ ᠱᠢᠷᠡᠭᠡᠨ᠎ᠦ ᠬᠤᠷᠠᠯ》᠎ᠤ᠋ᠨ ᠲᠣᠮᠣ ᠬᠡᠯᠪᠡᠷᠢ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠎ᠠ᠎ᠶ᠋ᠢᠨ ᠫᠷᠤᠭ᠌ᠷᠠᠮ ᠳᠡᠭᠡᠷ᠎ᠡ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠭᠤᠷᠪᠠᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍ ᠪᠠᠢᠭᠠᠳ ᠨᠠᠩ ᠣᠯᠠᠨ 《ᠳᠤᠮᠳᠠᠳᠤ ᠤᠯᠤᠰ᠎ᠤᠨ ᠦᠶ᠋ᠯᠡᠴᠢᠯᠡᠭᠡ》᠎ᠶ᠋ᠢᠨ ᠲᠦᠷᠦᠯ ᠲᠡᠮᠳᠡᠭ᠎ᠢ ᠪᠣᠶ ᠪᠣᠯᠭᠠᠨ᠎ᠠ ᠭᠡᠵᠦ ᠬᠡᠯᠡᠪᠡ᠃
ᠨᠢᠭᠡ᠎ᠳᠦ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠨ᠎ᠡ᠃ ᠬᠣᠶᠠᠷ᠎ᠲᠤ᠂ ᠳᠡᠮᠵᠢᠯᠭᠡ᠎ᠪᠡᠨ ᠨᠡᠮᠡᠭ᠌ᠳᠡᠭᠦᠯᠵᠦ᠍᠂ ᠬᠠᠨᠳᠤᠯᠭᠠᠲᠤ ᠴᠢᠨᠠᠷ ᠪᠠ ᠪᠦᠳᠤᠮᠵᠢᠳᠤ ᠴᠢᠨᠠᠷ᠎ᠢ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠪᠣᠳᠠᠲᠠᠢ᠎ᠶ᠋ᠢ ᠡᠷᠬᠢᠮᠯᠡᠨ ᠱᠢᠨ᠎ᠡ᠎ᠶ᠋ᠢ ᠡᠭᠦᠳᠴᠦ᠍᠂ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠲᠡᠮᠵᠢᠨ᠎ᠡ᠃
《ᠦᠢᠯᠡᠴᠢᠯᠡᠭᠡᠨ᠎ᠦ ᠦᠢᠯᠡᠰ᠎ᠦᠨ ᠬᠢᠨ ᠥᠨᠳᠥᠷ᠎ᠲᠦ ᠨᠢᠰᠴᠦ᠍ ᠬᠤᠯᠠ ᠠᠶᠠᠯᠠᠶ᠎ᠠ ᠭᠡᠪᠡᠯ ᠡᠷᠬᠡᠪᠰᠢ ᠡᠭᠦᠳᠡ᠎ᠪᠡᠨ ᠤᠯᠠᠮ ᠨᠢᠭᠡ ᠠᠯᠬᠤᠮ ᠨᠡᠭᠡᠭᠡᠵᠦ᠍᠂ ᠳᠡᠯᠡᠬᠡᠢ ᠳ᠋ᠠᠬᠢᠨ᠎ᠳᠤ ᠬᠠᠨᠳᠤᠬᠤ ᠬᠡᠷᠡᠭ᠌ᠲᠡᠢ》᠃ ᠯᠢ ᠴᠦᠨ ᠹᠠᠩ᠂ ᠲᠡᠷᠢᠭᠦᠨ᠎ᠦ ᠲᠤᠷᠱᠢᠯᠭ᠎ᠠ᠎ᠶ᠋ᠢ 《ᠣᠷᠣᠭᠤᠯᠤᠨ ᠠᠪᠴᠢᠷᠠᠬᠤ》 ᠪᠠᠷ ᠪᠠᠷᠠᠬᠤ ᠥᠬᠡᠶ᠂ ᠨᠠᠩ ᠴᠤ᠌ 《ᠭᠠᠷᠴᠤ᠌ ᠶᠠᠪᠤᠵᠤ》 《ᠳᠤᠮᠳᠠᠳᠤ ᠤᠯᠤᠰ᠎ᠤᠨ ᠦᠶ᠋ᠯᠡᠴᠢᠯᠡᠭᠡ》᠎ᠶ᠋ᠢᠨ ᠨᠡᠷ᠎ᠡ᠎ᠶ᠋ᠢᠨ ᠬᠠᠭᠤᠳᠠᠰᠤ᠎ᠶ᠋ᠢ ᠳᠡᠯᠭᠡᠨ ᠦᠵᠡᠭᠦᠯᠵᠦ᠍᠂ ᠣᠯᠠᠨ ᠤᠯᠤᠰ᠎ᠤᠨ ᠬᠠᠮᠲᠤᠷᠠᠯᠴᠠᠭ᠎ᠠ ᠳᠤᠮᠳᠠ ᠡᠷᠳᠡᠮ ᠴᠢᠳᠠᠪᠤᠷᠢ᠎ᠪᠠᠨ ᠪᠣᠯᠪᠠᠰᠤᠷᠠᠭᠤᠯᠵᠤ᠂ ᠣᠷᠣᠨ ᠵᠠᠶ ᠪᠠᠨ ᠥᠷᠭᠡᠳᠭᠡᠨ᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠂ ᠬᠠᠮᠲᠤ᠎ᠪᠠᠷ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠶ ᠭᠡᠪᠡ᠃
ᠢᠷᠡᠯᠲᠡ᠄ ᠰᠢᠨᠬᠤᠸᠠ ᠬᠤᠷᠢᠶ᠎ᠠ