ᠲᠦᠷᠤᠬᠦᠤ ᠤᠯᠠᠷᠢᠯ᠎ᠳᠤ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠡᠷ 1178 ᠭᠠᠷ ᠳᠠᠮᠵᠢᠭ᠍ᠰᠠᠨ ᠮᠠᠱᠢᠨ ᠲᠡᠷᠭᠡ ᠵᠢ ᠭᠠᠳᠠᠭᠠᠳᠤ᠎ᠳᠤ ᠭᠠᠷᠭᠠᠪᠠ
2026-05-18 12:08:09
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

 ᠡᠨᠡ ᠵᠢᠯ᠎ᠦᠨ ᠲᠦᠷᠤᠬᠦᠤ ᠤᠯᠠᠷᠢᠯ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠡᠷ ᠭᠠᠷᠭᠠᠬᠰᠠᠨ ᠭᠠᠷ ᠳᠠᠮᠵᠢᠭ᠍ᠰᠠᠨ ᠮᠠᠱᠢᠨ ᠲᠡᠷᠭᠡ 1178᠎ᠳ᠋ᠤ ᠬᠦᠷᠴᠤ᠂ ᠠᠳᠠᠯᠢ ᠬᠤᠭᠤᠴᠠᠭᠠᠨ ᠎ᠤ᠎ᠬᠢ᠎ᠡᠴᠡ 74.78% ᠎ᠪᠠᠷ ᠨᠡᠮᠡᠭᠳᠡᠪᠡ; ᠠᠷᠠᠯᠵᠢᠶᠠᠨ᠎ᠤ ᠥᠷᠲᠡᠭ 1.4 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 42.86%  ᠪᠡᠷ ᠨᠡᠮᠡᠭ᠌ᠳᠡᠪᠡ᠃

ᠭᠠᠳᠠᠭᠠᠳᠤ ᠠᠷᠠᠯᠵᠢᠶᠠᠨ ᠎ᠤ ᠨᠡᠮᠡᠭ᠌ᠳᠡᠯ ᠎ᠦᠨ ᠱᠢᠨ᠎ᠡ ᠬᠢᠯᠠᠰ ᠴᠡᠭ᠎ᠢ ᠪᠥᠬᠥ᠌ ᠬᠦᠴᠦᠨ᠎ᠢᠶᠡᠷ᠎ᠢᠶᠡᠨ ᠪᠣᠢᠵᠢᠭᠤᠯᠬᠤ᠎ᠶ᠋ᠢᠨ ᠲᠥᠯᠥᠭᠡ᠂ ᠮᠠᠨᠵᠤᠤᠷ ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠵᠦ᠍᠂ ᠠᠯᠢ ᠣᠯᠠᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠪᠣᠯᠤᠨ ᠥᠨᠳᠥᠷ ᠪᠦᠲᠦᠮᠵᠢᠲᠡᠶ ᠦᠶ᠋ᠯᠡᠴᠢᠯᠡᠭᠡ᠎ᠪᠡᠷ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ 《ᠨᠢᠭᠡ ᠪᠦᠰᠡ ᠨᠢᠭᠡ ᠵᠠᠮ》 ᠎ᠢ᠋ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠤᠳ᠎ᠤᠨ ᠵᠠᠬ᠎ᠠ ᠳᠡᠯᠭᠡᠭᠦᠷ᠎ᠲᠦ  ᠲᠦᠷᠭᠡᠨ ᠪᠦᠭᠡᠳ ᠠᠮᠤᠷ  ᠲᠦᠪᠱᠢᠨ ᠵᠢᠡᠷ  ᠭᠠᠷᠭᠠᠬᠤ  ᠵᠠᠮ᠎ᠢ  ᠳᠡᠪᠢᠰᠴᠦ᠍ ᠥᠭ᠌ᠴᠡᠶ᠃

ᠨᠢᠭᠡ ᠲᠠᠯ᠎ᠠ᠎ᠪᠠᠷ᠂ ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ᠎ᠶ᠋ᠢᠨ ᠠᠵᠤ ᠠᠬᠤᠢᠯᠠᠯ ᠎ᠤᠨ ᠬᠦᠰᠡᠯ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠮᠡᠳᠡᠭᠡ ᠵᠠᠩᠭᠢ ᠵᠢᠴᠢ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠬᠤᠪᠢᠷᠠᠯᠲᠠ᠎ᠶ᠋ᠢ ᠴᠠᠭ ᠲᠤᠬᠠᠶ᠎ᠳᠤᠨᠢ ᠴᠤᠭ᠍ᠯᠠᠭᠤᠯᠵᠤ᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠤᠨ᠎ᠢ ᠲᠣᠮᠢᠯᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ᠎ᠶ᠋ᠢᠨ ᠱᠠᠭᠠᠷᠳᠠᠯᠭ᠎ᠠ᠂ ᠮᠡᠷᠭᠡᠵᠢᠯ᠎ᠦᠨ ᠠᠷᠠᠯᠵᠢᠶ᠎ᠠ᠎ᠶ᠋ᠢᠨ ᠱᠠᠭᠠᠷᠳᠠᠯᠭ᠎ᠠ ᠵᠡᠷᠭᠡ ᠎ᠶ᠋ᠢᠨ ᠲᠣᠭᠣᠷᠢᠨ ᠎ᠳᠤ ᠲᠥᠷᠥ ᠶ᠋ᠢᠨ ᠪᠣᠳᠣᠯᠭ᠎ᠠ᠎ᠶ᠋ᠢᠨ ᠲᠠᠢᠯᠤᠮᠵᠢ᠎ᠥᠷᠨᠢᠭᠦᠯᠵᠦ᠍᠂ ᠨᠥᠭᠥᠭᠡ ᠲᠠᠯ᠎ᠠ᠎ᠪᠠᠷ᠂ ᠭᠠᠷ ᠳᠠᠮᠵᠢᠭ᠍ᠰᠠᠨ ᠮᠠᠱᠢᠨ ᠲᠡᠷᠭᠡ᠎ᠵᠢ ᠭᠠᠳᠠᠭᠠᠳᠤ᠎ᠳᠤ ᠭᠠᠷᠭᠠᠬᠤ ᠦᠶ᠋ᠯᠡᠴᠢᠯᠡᠭᠡᠨ᠎ᠦ ᠲᠤᠰᠭᠠᠶ ᠠᠵᠢᠯ ᠎ᠤᠨ ᠪᠠᠢᠷᠢ ᠭᠠᠷᠭᠠᠵᠤ᠂ ᠪᠣᠭᠣᠮᠲᠠ᠎ᠪᠠᠷ ᠥᠩᠭᠡᠷᠡᠬᠦ᠌ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ᠎ᠶ᠋ᠢ ᠢᠳᠡᠪᠬᠢᠲᠡᠶ ᠬᠠᠩᠭᠠᠵᠤ ᠂ 《ᠤᠷᠢᠳᠴᠢᠯᠠᠨ ᠮᠡᠳᠡᠭᠦᠯᠬᠦ᠌᠂ ᠤᠷᠢᠳ᠎ᠢᠶᠠᠷ ᠬᠠᠭᠤᠳᠠᠰᠤ ᠬᠢᠨᠠᠬᠤ᠂ ᠤᠷᠢᠳᠴᠢᠯᠠᠨ ᠪᠣᠯᠵᠣᠵᠤ ᠪᠠᠢᠴᠠᠭᠠᠨ ᠱᠢᠯᠭᠠᠬᠤ》 ᠳᠥᠭᠥᠮᠴᠢᠯᠡᠭ᠌ᠰᠡᠨ ᠠᠷᠭ᠎ᠠ ᠬᠡᠮᠵᠢᠶ᠎ᠡ ᠵᠢ ᠬᠡᠷᠡᠭᠵᠢᠬᠦᠯᠵᠤ ᠂ ᠬᠢᠯᠢ᠎ᠡᠴᠡ ᠭᠠᠷᠬᠤ ᠲᠡᠷᠭᠡ ᠬᠥᠰᠭᠡ᠎ᠶ᠋ᠢ ᠱᠢᠯᠭᠠᠨ ᠥᠩᠭᠡᠷᠡᠭᠦᠯᠬᠦ᠌ ᠬᠤᠷᠳᠤᠴᠠ᠎ᠶ᠋ᠢ ᠶᠡᠬᠡ᠎ᠪᠡᠷ ᠳᠡᠭᠡᠭ᠌ᠰᠢᠯᠡᠭᠦᠯᠪᠡ᠃ ᠡᠭᠦᠨ᠎ᠡᠴᠡ ᠭᠠᠳᠠᠨ᠎ᠠ᠂ 《ᠬᠣᠶᠠᠷ ᠤᠯᠤᠰ᠎ᠤᠨ ᠵᠢᠷᠭᠤᠭᠠᠨ ᠲᠠᠯ᠎ᠠ 》 ᠶ᠋ᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠲᠠᠯ᠎ᠠ᠎ᠶ᠋ᠢᠨ ᠬᠢᠯᠢ᠎ᠶ᠋ᠢᠨ ᠪᠠᠢᠴᠠᠭᠠᠯᠲᠠ᠂ ᠪᠣᠭᠣᠮᠲᠠ᠎ᠶ᠋ᠢᠨ ᠠᠯᠪᠠᠨ ᠬᠡᠷ᠂ ᠠᠵᠤ ᠠᠬᠤᠢᠯᠠᠯ ᠵᠢᠴᠢ ᠣᠷᠣᠰ᠎ᠤᠨ ᠲᠠᠯ᠎ᠠ᠎ᠶ᠋ᠢᠨ ᠬᠢᠯᠢ᠎ᠶ᠋ᠢᠨ ᠪᠠᠢᠴᠠᠭᠠᠯᠲᠠ᠂ ᠪᠣᠭᠣᠮᠲᠠ᠎ᠯᠤᠭ᠎ᠠ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠰᠠᠭᠠᠳ ᠥᠬᠡᠶ ᠭᠠᠷᠭᠠᠬᠤ ᠵᠢ ᠪᠠᠲᠤᠯᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号