ᠰᠤᠷᠪᠤᠯᠵᠢᠯᠠᠭ᠍ᠴᠢ ᠳᠦᠷᠦᠬᠦᠭᠡᠨ ᠣᠷᠳᠣᠰ ᠪᠣᠭᠣᠮᠲᠠ ᠡᠴᠡ ᠣᠢᠯᠠᠭᠠᠭᠰᠠᠨ ᠶ᠋ᠢᠡᠷ᠂ 2026 ᠣᠨ ᠤ᠋ ᠲᠦᠷᠦᠬᠦᠦ ᠤᠯᠠᠷᠢᠯ ᠳ᠋ᠤ᠂ ᠣᠷᠳᠣᠰ ᠬᠣᠲᠠ ᠵᠢᠨ ᠭᠠᠳᠠᠭᠠᠳᠤ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠥᠬᠥ ᠥᠷᠲᠡᠭ 25.4 ᠳ᠋ᠦᠩᠰᠢᠭᠤᠷ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 17.6% ᠪᠡᠷ ᠨᠡᠮᠡᠭᠳᠡᠨ᠂ ᠲᠦᠷᠦᠬᠦᠦ ᠤᠯᠠᠷᠢᠯ ᠤ᠋ᠨ ᠭᠠᠳᠠᠭᠠᠳᠤ ᠠᠷᠠᠯᠵᠢᠶ᠎ᠠ ᠰᠠᠢᠨ ᠡᠬᠢᠯᠡᠯᠲᠡ ᠲᠠᠢ ᠪᠣᠯᠪᠠ᠃ ᠡᠭᠦᠨ ᠳ᠋ᠤ᠂ ᠭᠠᠳᠠᠭᠠᠳᠤ ᠭᠠᠷᠭᠠᠯᠲᠠ 17.7 ᠳ᠋ᠦᠩᠰᠢᠭᠤᠷ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.8% ᠪᠡᠷ ᠨᠡᠮᠡᠭᠳᠡᠪᠡ; ᠭᠠᠳᠠᠭᠠᠳᠤ ᠣᠷᠣᠭᠤᠯᠤᠯᠲᠠ 7.7 ᠳ᠋ᠦᠩᠰᠢᠭᠤᠷ ᠲᠥᠭᠥᠷᠢᠭ ᠲᠤ᠌ ᠬᠦᠷᠴᠦ᠂ 90.1% ᠪᠡᠷ ᠶᠡᠬᠡ ᠬᠡᠮᠵᠢᠶ᠎ᠡ ᠪᠡᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠬᠣᠣᠰ ᠨᠡᠮᠡᠭᠳᠡᠯ ᠢ᠋ ᠪᠡᠶᠡᠯᠡᠭᠦᠯᠪᠡ᠃ ᠪᠣᠳᠠᠲᠠᠢ ᠪᠠᠢᠳᠠᠯ ᠡᠴᠡ ᠦᠵᠡᠪᠡᠯ᠂ ᠣᠷᠳᠣᠰ ᠬᠣᠲᠠ ᠵᠢᠨ ᠭᠠᠳᠠᠭᠠᠳᠤ ᠠᠷᠠᠯᠵᠢᠶ᠎ᠠ ᠳ᠋ᠤ ᠲᠠᠪᠤᠨ ᠶᠡᠬᠡ ᠬᠢᠯᠠᠰ ᠴᠡᠭ ᠢᠯᠡᠷᠡᠵᠡᠢ᠃
ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ ᠤ᠋ ᠴᠢᠳᠠᠮᠵᠢ ᠪᠡᠷ ᠲᠣᠪᠣᠢᠮ᠎ᠠ ᠪᠠᠢᠪᠠ᠃ ᠲᠦᠷᠦᠬᠦᠦ ᠤᠯᠠᠷᠢᠯ ᠳ᠋ᠤ᠂ ᠣᠷᠳᠣᠰ ᠤ᠋ᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠥᠷᠲᠡᠭ 11.1 ᠳ᠋ᠦᠩᠰᠢᠭᠤᠷ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 53.4% ᠪᠡᠷ ᠨᠡᠮᠡᠭᠳᠡᠨ᠂ ᠣᠷᠳᠣᠰ ᠬᠣᠲᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠢ ᠥᠷᠲᠡᠭ ᠤ᠋ᠨ 43.4% ᠶ᠋ᠢ ᠡᠵᠡᠯᠡᠵᠦ᠂ ᠪᠥᠬᠥ ᠬᠣᠲᠠ ᠵᠢᠨ ᠪᠦᠬᠦᠶ᠋ᠢᠯᠡ ᠭᠠᠳᠠᠭᠠᠳᠤ ᠠᠷᠠᠯᠵᠢᠶᠠᠨ ᠤ᠋ ᠨᠡᠮᠡᠭᠳᠡᠯ ᠢ᠋ ᠳᠠᠢᠴᠢᠯᠠᠬᠤ ᠦᠢᠯᠡᠳᠦᠯ ᠨᠢ ᠢᠯᠡᠷᠬᠡᠢ ᠪᠠᠢᠪᠠ᠃
ᠠᠷᠠᠯᠵᠢᠶᠠᠨ ᠤ᠋ ᠪᠦᠲᠦᠴᠡ ᠦᠷᠭᠦᠯᠵᠢᠯᠡᠨ ᠰᠢᠯᠢᠳᠡᠭᠵᠢᠵᠦ᠂ ᠡᠳ᠋ᠰᠢᠬᠦᠯᠦᠨ ᠪᠣᠯᠪᠠᠰᠤᠷᠠᠭᠤᠯᠬᠤ ᠠᠷᠠᠯᠵᠢᠶ᠎ᠠ ᠶᠡᠬᠡ ᠪᠡᠷ ᠨᠡᠮᠡᠭᠳᠡᠪᠡ᠃ ᠲᠦᠷᠦᠬᠦᠦ ᠤᠯᠠᠷᠢᠯ ᠳ᠋ᠤ᠂ ᠡᠳ᠋ᠰᠢᠬᠦᠯᠦᠨ ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠥᠷᠲᠡᠭ 5.8 ᠳ᠋ᠦᠩᠰᠢᠭᠤᠷ ᠲᠥᠭᠥᠷᠢᠭ ᠲᠤ᠌ ᠬᠦᠷᠴᠦ᠂ 1207.6 ᠳᠠᠬᠢᠨ ᠶ᠋ᠢᠡᠷ ᠲᠦᠷᠭᠡᠨ ᠨᠡᠮᠡᠭᠳᠡᠨ᠂ ᠪᠥᠬᠥ ᠬᠣᠲᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠢ ᠥᠷᠲᠡᠭ ᠤ᠋ᠨ 22.7% ᠵᠢ ᠡᠵᠡᠯᠡᠵᠦ᠂ ᠭᠠᠳᠠᠭᠠᠳᠤ ᠠᠷᠠᠯᠵᠢᠶ᠎ᠠ ᠵᠢᠨ ᠨᠡᠮᠡᠭᠳᠡᠯ ᠤ᠋ᠨ ᠰᠢᠨ᠎ᠡ ᠬᠥᠳᠡᠯᠭᠡᠭᠴᠢ ᠬᠦᠴᠦᠨ ᠪᠤᠯᠤᠭᠰᠠᠨ ᠪᠠᠢᠨ᠎ᠠ᠃
ᠵᠠᠬ᠎ᠠ ᠳᠡᠯᠭᠡᠭᠦᠷ ᠤ᠋ᠨ ᠭᠣᠣᠯ ᠴᠣᠭᠴᠠ ᠵᠢᠨ ᠠᠮᠢᠵᠢᠷᠠᠯ ᠤ᠋ᠨ ᠬᠦᠴᠦᠨ ᠣᠷᠭᠢᠯᠵᠤ᠂ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠭᠣᠣᠯ ᠬᠦᠴᠦᠨ ᠪᠤᠯᠪᠠ᠃ ᠲᠦᠷᠦᠬᠦᠦ ᠤᠯᠠᠷᠢᠯ ᠳ᠋ᠤ᠂ ᠣᠷᠳᠣᠰ ᠬᠤᠳᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠣᠳᠠᠲᠤ ᠠᠮᠵᠢᠯᠲᠠ ᠲᠠᠢ ᠭᠠᠳᠠᠭᠠᠳᠤ ᠠᠷᠠᠯᠵᠢᠶᠠᠨ ᠤ᠋ ᠠᠵᠤ ᠠᠬᠤᠢᠯᠠᠯ 100 ᠪᠣᠯᠤᠨ ᠨᠡᠮᠡᠭᠳᠡᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 20.5% ᠪᠡᠷ ᠨᠡᠮᠡᠭᠳᠡᠪᠠ᠃ ᠡᠭᠦᠨ ᠳ᠋ᠤ᠂ ᠬᠤᠪᠢ ᠵᠢᠨ ᠡᠵᠡᠩᠨᠡᠯᠲᠡ ᠵᠢᠨ ᠠᠵᠤ ᠠᠬᠤᠢᠯᠠᠯ ᠤ᠋ᠨ ᠭᠠᠳᠠᠭᠠᠳᠤ ᠣᠷᠣᠭᠤᠯᠤᠯᠲᠠ ᠭᠠᠷᠭᠠᠯᠲᠠ 21.8 ᠳ᠋ᠦᠩᠰᠢᠭᠤᠷ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 25% ᠪᠡᠷ ᠨᠡᠮᠡᠭᠳᠡᠨ᠂ ᠪᠥᠬᠥ ᠬᠣᠲᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠢ ᠥᠷᠲᠡᠭ ᠤ᠋ᠨ 85.7% ᠵᠢ ᠡᠵᠡᠯᠡᠵᠦ᠂ ᠭᠠᠳᠠᠭᠠᠳᠤ ᠠᠷᠠᠯᠵᠢᠶᠠᠨ ᠤ᠋ ᠰᠠᠭᠤᠷᠢ ᠴᠢᠯᠠᠭᠤᠨ ᠤ᠋ ᠦᠢᠯᠡᠳᠦᠯ ᠢ᠋ ᠪᠠᠳᠤᠯᠠᠪᠠ᠃
ᠲᠠᠸᠠᠷ ᠤ᠋ᠨ ᠪᠦᠲᠦᠴᠡ ᠳ᠋ᠤ ᠬᠢᠮᠢ ᠵᠢᠨ ᠠᠵᠤ ᠦᠢᠯᠡᠳᠪᠦᠷᠢ ᠵᠢᠨ ᠦᠢᠯᠡᠳᠬᠦᠨ ᠮᠥᠨ ᠯᠡ ᠭᠠᠳᠠᠭᠠᠳᠤ ᠳ᠋ᠤ ᠭᠠᠷᠭᠠᠬᠤ ᠭᠣᠣᠯ ᠬᠦᠴᠦᠨ ᠪᠣᠯᠵᠤ ᠪᠤᠢ᠃ ᠭᠠᠳᠠᠭᠠᠳᠤ ᠣᠷᠣᠭᠤᠯᠤᠯᠳᠠ ᠶ᠋ᠢᠨ ᠲᠠᠯ᠎ᠠ ᠪᠠᠷ᠂ ᠮᠧᠬ᠍ᠠᠨᠢᠭ ᠡᠯᠧᠺᠲᠷᠣᠨ ᠤ᠋ ᠦᠢᠯᠡᠳᠬᠦᠨ ᠪᠣᠯᠣᠨ ᠬᠢᠮᠢ ᠵᠢᠨ ᠪᠣᠷᠳᠣᠭᠤᠷ ᠶᠡᠬᠡᠩᠬᠢ ᠵᠢ ᠡᠵᠡᠯᠡᠵᠡᠢ᠂ ᠡᠭᠦᠨ ᠳ᠋ᠤ ᠭᠠᠳᠠᠭᠠᠳᠤ ᠡᠴᠡ ᠣᠷᠣᠭᠤᠯᠤᠭᠰᠠᠨ ᠮᠧᠬ᠍ᠠᠨᠢᠭ ᠡᠯᠧᠺᠲᠷᠣᠨ ᠤ᠋ ᠦᠢᠯᠡᠳᠬᠦᠨ 2.8 ᠳ᠋ᠦᠩᠰᠢᠭᠤᠷ ᠲᠥᠭᠥᠷᠢᠭ ᠲᠤ᠌ ᠬᠦᠷᠴᠦ᠂ 87.3% ᠪᠡᠷ ᠨᠡᠮᠡᠭᠳᠡᠨ᠂ ᠭᠠᠳᠠᠭᠠᠳᠤ ᠡᠴᠡ ᠣᠷᠣᠭᠤᠯᠤᠭᠰᠠᠨ ᠬᠢᠮᠢ ᠵᠢᠨ ᠪᠣᠷᠳᠣᠭᠤᠷ 0.9 ᠳ᠋ᠦᠩᠰᠢᠭᠤᠷ ᠲᠥᠭᠥᠷᠢᠭ ᠲᠤ᠌ ᠬᠦᠷᠴᠡᠢ᠃ ᠡᠬᠦᠨ ᠤ᠋ ᠬᠠᠮᠳᠤ᠂ ᠳᠤᠰ ᠪᠤᠭᠤᠮᠳᠠ ᠠᠵᠤ ᠠᠬᠤᠢᠯᠠᠯ ᠢ᠋ ᠬᠠᠪᠰᠤᠷᠤᠨ ᠭᠠᠳᠠᠭᠠᠳᠤ ᠵᠢᠨ ᠲᠠᠯ᠎ᠠ ᠵᠢᠨ ᠪᠣᠭᠣᠮᠲᠠ ᠵᠢᠨ ᠭᠠᠢᠯᠢ ᠵᠢᠨ ᠬᠠᠷᠠᠭᠠᠯᠵᠠᠯ ᠢ᠋ 17.8 ᠲᠦᠮᠡᠨ ᠲᠥᠭᠥᠷᠢᠭ ᠲᠤ᠌ ᠬᠦᠷᠭᠡᠵᠦ᠂ ᠠᠵᠤ ᠠᠬᠤᠢᠯᠠᠯ ᠤ᠋ᠨ ᠦᠢᠯᠡᠳᠬᠦᠨ ᠤ᠋ ᠣᠯᠠᠨ ᠤᠯᠤᠰ ᠲᠠᠬᠢ ᠥᠷᠢᠰᠦᠯᠳᠦᠬᠦ ᠬᠦᠴᠦᠨ ᠢ᠋ ᠪᠦᠲᠦᠮᠵᠢᠲᠡᠢ ᠳᠡᠭᠡᠭᠰᠢᠯᠡᠭᠦᠯᠪᠡ᠃
ᠵᠠᠬ᠎ᠠ ᠳᠡᠯᠭᠡᠭᠦᠷ ᠤ᠋ᠨ ᠤᠯᠠᠨ ᠡᠰᠢᠵᠢᠯᠲᠡ ᠲᠣᠭᠲᠠᠭᠤᠨ ᠶ᠋ᠢᠡᠷ ᠥᠷᠭᠡᠵᠢᠵᠦ᠂ ᠤᠯᠠᠨ ᠤᠯᠤᠰ ᠳᠠᠢ ᠠᠷᠠᠯᠵᠢᠶᠠᠨ ᠤ᠋ ᠬᠠᠨᠢᠲᠠᠨ ᠪᠤᠯᠪᠠ᠃ ᠲᠦᠷᠦᠬᠦᠦ ᠤᠯᠠᠷᠢᠯ ᠳ᠋ᠤ᠂ ᠣᠷᠳᠣᠰ ᠬᠤᠳᠠ ᠵᠢᠨ ᠬᠢᠨ ᠪᠦᠬᠦ ᠪᠥᠮᠪᠥᠷᠴᠡᠭ ᠤ᠋ᠨ 112 ᠤᠯᠤᠰ ᠪᠣᠯᠣᠨ ᠭᠠᠵᠠᠷ ᠣᠷᠣᠨ ᠯᠤᠭ᠎ᠠ ᠭᠠᠳᠠᠭᠠᠳᠤ ᠠᠷᠠᠯᠵᠢᠶ᠎ᠡ ᠬᠢᠵᠡᠢ᠃ ᠡᠮᠦᠨ᠎ᠡ ᠲᠠᠪᠤᠨ ᠶᠡᠬᠡ ᠠᠷᠠᠯᠵᠢᠶᠠᠨ ᠤ᠋ ᠬᠠᠨᠢᠲᠠᠨ ᠨᠢ ᠳᠤᠮᠳᠠᠳᠤ ᠤᠯᠤᠰ ᠤ᠋ᠨ ᠰᠢᠶᠠᠩᠭᠠᠩ ᠪᠠ ᠡᠨᠡᠳᠬᠡᠭ᠂ ᠮᠠᠯᠠᠢᠰᠢᠶ᠎ᠠ᠂ ᠺᠣᠷᠢᠶᠠ᠂ ᠰᠢᠩᠭᠠᠫᠤᠷ ᠵᠡᠷᠭᠡ ᠤᠯᠤᠰ ᠪᠠᠢᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠥᠷᠲᠡᠭ ᠨᠢ ᠨᠡᠶ᠋ᠢᠲᠡ 12.2 ᠳ᠋ᠦᠩᠰᠢᠭᠤᠷ ᠲᠥᠭᠥᠷᠢᠭ ᠲᠤ᠌ ᠬᠦᠷᠴᠦ᠂ ᠪᠥᠬᠥ ᠬᠣᠲᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠢ ᠥᠷᠲᠡᠭ ᠤ᠋ᠨ 47.8% ᠵᠢ ᠡᠵᠡᠯᠡᠪᠡ᠃ ᠠᠳᠠᠯᠢ ᠬᠤᠭᠤᠴᠠᠭᠠᠨ ᠳ᠋ᠤ᠂ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠲᠦᠭᠡᠨ ᠪᠠᠶ᠋ᠢᠭᠤᠯᠬᠤ ᠡᠯ᠎ᠡ ᠤᠯᠤᠰ ᠪᠤᠯᠤᠨ ᠠᠽᠢᠶ᠎ᠠ ᠨᠤᠮᠤᠬᠠᠨ ᠳᠠᠯᠠᠢ ᠶ᠋ᠢᠨ ᠤᠷᠤᠨ ᠤ᠋ ᠠᠵᠤ ᠠᠬᠤᠢ ᠶ᠋ᠢᠨ ᠬᠠᠮᠳᠤᠷᠠᠯᠴᠠᠭᠠᠨ ᠤ᠋ ᠵᠤᠬᠢᠶᠠᠨ ᠪᠠᠢᠭᠤᠯᠤᠯᠳᠠ ᠶ᠋ᠢᠨ ᠡᠯ᠎ᠡ ᠤᠯᠤᠰ ᠯᠤᠭ᠎ᠠ ᠵᠢᠨ ᠭᠠᠳᠠᠭᠠᠳᠤ ᠠᠷᠠᠯᠵᠢᠶ᠎ᠠ ᠢᠮᠠᠭᠲᠠ ᠬᠥᠭᠵᠢᠶᠡᠨᠲᠡᠢ ᠪᠠᠢᠵᠤ᠂ ᠡᠸᠦ᠋ᠷᠦᠫᠡ ᠲᠢᠪ ᠤ᠋ᠨ ᠤᠯᠤᠰᠦᠳᠦᠨ ᠬᠣᠯᠪᠣᠭ᠎ᠠ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ 69.2% ᠶ᠋ᠢᠡᠷ ᠨᠡᠮᠡᠭᠳᠡᠵᠡᠢ᠃
ᠡᠨᠡ ᠬᠦ᠌ ᠬᠢᠯᠠᠯᠵᠠᠮ᠎ᠠ ᠠᠮᠵᠢᠯᠳᠠ ᠬᠦᠮᠦᠰ ᠢ᠋ ᠰᠤᠴᠢᠭᠠᠮ᠎ᠠ ᠳᠤᠭ᠎ᠠ ᠪᠠᠷᠢᠮᠳᠠ ᠶ᠋ᠢᠨ ᠠᠷᠤ ᠳ᠋ᠤ ᠣᠷᠳᠣᠰ ᠪᠣᠭᠣᠮᠲᠠ ᠵᠢᠨ ᠬᠢᠨ ᠤ᠋ ᠪᠣᠭᠣᠮᠲᠠ ᠵᠢᠨ ᠡᠵᠡᠩᠨᠡᠯᠲᠡ ᠵᠢᠨ ᠤᠷᠴᠢᠨ ᠨᠦᠬᠦᠴᠡᠯ ᠶ᠋ᠢᠡᠨ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶᠠᠨ ᠤ᠋ ᠳᠥᠭᠥᠮᠴᠢᠯᠡᠯᠲᠡ ᠵᠢᠨ ᠲᠦᠪᠰᠢᠨ ᠶ᠋ᠢᠡᠨ ᠦᠷᠬᠦᠯᠵᠢᠯᠡᠨ ᠳᠡᠭᠡᠭᠰᠢᠯᠡᠭᠦᠯᠦᠭᠰᠡᠨ ᠴᠢᠷᠮᠠᠢᠯᠭ᠎ᠠ ᠪᠤᠢ᠃ ᠡᠨᠡ ᠵᠢᠯ ᠡᠴᠡ ᠨᠠᠭᠠᠰᠢ᠂ ᠣᠷᠳᠣᠰ ᠪᠣᠭᠣᠮᠲᠠ ᠵᠢᠨ ᠬᠢᠨ 《ᠤᠷᠢᠳᠴᠢᠯᠠᠨ ᠮᠡᠳᠡᠭᠦᠯᠬᠦ》᠂ ᠭᠠᠳᠠᠭᠠᠳᠤ ᠳ᠋ᠤ ᠭᠠᠷᠭᠠᠬᠤ ᠠᠶᠤᠯᠲᠠᠢ ᠬᠢᠮᠢ ᠵᠢᠨ ᠪᠣᠳᠠᠰ ᠵᠢᠴᠢ ᠠᠶᠤᠯᠲᠠᠢ ᠡᠳ᠋ ᠪᠠᠷᠠᠭ᠎ᠠ ᠵᠢᠨ ᠪᠣᠭᠣᠳᠠᠯ ᠪᠠᠭᠯᠠᠭ᠎ᠠ ᠵᠢ ᠪᠦᠯᠦᠭ ᠤᠳᠠᠭ᠎ᠠ ᠵᠢᠨ ᠰᠢᠯᠭᠠᠨ ᠪᠠᠢᠴᠠᠭᠠᠬᠤ᠂ ᠭᠠᠳᠠᠭᠠᠳᠤ ᠡᠴᠡ ᠣᠷᠣᠭᠤᠯᠬᠤ ᠠᠶᠤᠯᠲᠠᠢ ᠬᠢᠮᠢ ᠵᠢᠨ ᠪᠣᠳᠠᠰ ᠤ᠋ᠨ 《ᠨᠡᠷᠡᠰ ᠤ᠋ᠨ ᠴᠠᠭᠠᠨ ᠲᠠᠩᠰᠠ》 ᠵᠡᠷᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠠᠬᠢᠭᠤᠯᠵᠤ᠂ ᠪᠣᠭᠣᠮᠲᠠ ᠪᠠᠷ ᠥᠩᠭᠡᠷᠡᠬᠦ ᠴᠠᠭ ᠢ᠋ ᠪᠤᠭᠤᠨᠢᠰᠬᠠᠭᠰᠠᠨ ᠪᠠᠢᠨ᠎ᠠ᠃