ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠳ᠋ᠤ᠌ 1490.3 ᠳ᠋ᠦᠩᠱᠢᠭᠤᠷ ᠲᠥᠭᠥᠷᠢᠭ ᠤ᠋ᠨ ᠵᠢᠬᠡᠯᠡᠯᠬᠡ ᠲᠠᠯᠪᠢᠪᠠ
2026-05-18 15:33:27
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠲᠦᠷᠦᠬᠦᠦ ᠤᠯᠠᠷᠢᠯ᠎ᠳᠤ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠵᠢᠨ ᠬᠢᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠳ᠋ᠤ᠌ 1490.3 ᠳ᠋ᠦᠩᠱᠢᠭᠤᠷ ᠲᠥᠭᠥᠷᠢᠭ ᠤ᠋ᠨ ᠵᠢᠬᠡᠯᠡᠯᠬᠡ ᠲᠠᠯᠪᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 238.1 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠲᠠᠷᠢᠶᠠᠯᠠᠩ᠎ᠳᠤ ᠬᠣᠯᠪᠣᠭ᠍ᠳᠠᠬᠰᠠᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠪᠡᠯᠡ ᠮᠥᠩᠭᠥ᠌ ᠴᠤᠭ᠍ᠯᠠᠭᠤᠯᠬᠤ ᠥᠪᠡᠷ᠎ᠦᠨ ᠦᠷᠳᠡᠭ᠎ᠢ ᠪᠦᠲᠦᠮᠵᠢᠲᠡᠢ ᠪᠠᠭᠤᠷᠠᠭᠤᠯᠪᠠ᠃

3 ᠰᠠᠷ᠎ᠠ᠎ᠶ᠋ᠢᠨ ᠳᠤᠮᠳᠠᠴᠢ᠎ᠪᠠᠷ᠂ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠤᠨ ᠬᠤᠪᠢᠶᠠᠷᠢ ᠪᠠᠩᠬᠢ᠎ᠵᠢᠨ ᠬᠢᠨ ᠦᠪᠤᠷ ᠮᠤᠨᠭᠭᠤᠯ ᠤ᠋ᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠲᠡᠶ ᠬᠠᠮᠲᠤᠷᠠᠨ 2026 ᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠳᠤ ᠵᠠᠰᠠᠭ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ ᠡᠷᠭᠢᠯᠡᠵᠦ᠍᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠭᠤᠤᠯᠳᠠᠯᠭ᠎ᠠ᠎ᠲᠠᠶ ᠭᠣᠭ᠍ᠴᠣᠭ᠎ᠠ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠭᠤᠤᠯᠳᠠᠯᠭ᠎ᠠ᠎ᠲᠠᠶ ᠭᠤᠤᠯ ᠴᠣᠭ᠍ᠴᠠ᠎ᠯᠤᠭ᠎ᠠ ᠣᠨᠣᠪᠴᠢᠲᠠᠶ᠎ᠪᠠᠷ ᠵᠣᠯᠭᠠᠭᠤᠯᠵᠤ᠂ ᠮᠠᠯ ᠠᠵᠤ ᠠᠬᠤᠶ ᠲᠠᠷᠢᠶᠠᠯᠠᠨᠭ᠌ ᠢ᠋ ᠳᠡᠮᠵᠢᠬᠦ᠌ ᠢᠲᠡᠭᠡᠮᠵᠢᠲᠦ ᠵᠢᠭᠡᠯᠡᠯᠭᠡ᠎ᠶ᠋ᠢᠨ ᠪᠠᠯᠠ ᠮᠥᠩᠭᠥ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠤᠷᠢᠳᠠᠪᠠᠷ ᠪᠠᠲᠤᠯᠠᠪᠠ᠃ ᠲᠦᠷᠦᠬᠦᠦ ᠤᠯᠠᠷᠢᠯ᠎ᠳᠤ ᠦᠪᠤᠷ ᠮᠤᠨᠭᠭᠤᠯ ᠲᠠᠷᠢᠶᠠᠯᠠᠨᠭ᠌᠎ᠢ ᠳᠡᠮᠵᠢᠬᠦ᠌ ᠪᠠᠭ᠎ᠠ ᠵᠢᠵᠢᠭ ᠠᠵᠤ ᠠᠬᠤᠢᠯᠠᠯ᠎ᠢ ᠳᠡᠮᠵᠢᠬᠦ᠌ 26 ᠳ᠋ᠦᠩᠱᠢᠭᠤᠷ ᠲᠥᠭᠥᠷᠢᠭ ᠤ᠋ᠨ ᠵᠢᠬᠡᠯᠡᠯᠬᠡ ᠲᠠᠯᠪᠢᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠪᠦᠲᠦᠮᠵᠢᠲᠡᠶ ᠳᠠᠢᠴᠢᠯᠠᠨ ᠲᠠᠷᠢᠶᠠᠯᠠᠩ᠎ᠳᠤ ᠬᠣᠯᠪᠣᠭ᠍ᠳᠠᠬᠰᠠᠨ ᠪᠠᠯᠠ ᠬᠤᠷᠠᠮᠳᠤᠭᠤᠯᠭ᠎ᠠ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠥᠪᠡᠷ᠎ᠦᠨ ᠥᠷᠲᠡᠭ᠎ᠢᠶᠡᠷ ᠳᠤᠤᠷ᠎ᠠ ᠪᠠᠯᠠ ᠮᠥᠩᠭᠥ᠎ᠪᠡᠷ ᠮᠠᠯᠵᠢᠬᠤ ᠲᠠᠷᠢᠶᠠᠯᠠᠬᠤ ᠣᠷᠣᠨ᠎ᠤ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠢ ᠪᠣᠢᠵᠢᠭᠤᠯᠬᠤ᠎ᠳᠤ ᠬᠦᠴᠦᠨ ᠨᠡᠮᠡᠷᠢᠯᠡᠪᠡ᠃

ᠲᠠᠷᠢᠶᠠᠯᠠᠬᠤ ᠣᠷᠣᠨ᠎ᠳᠤ ᠪᠦᠬᠦ᠌ ᠣᠷᠣᠨ᠎ᠤ ᠮᠥᠩᠭᠥᠨ ᠭᠦᠢᠯᠭᠡᠭᠡᠨ᠎ᠦ ᠪᠠᠢᠭᠤᠯᠤᠮᠵᠢ ᠎ᠵᠢᠨ ᠬᠢᠨ ᠢᠲᠡᠭᠡᠮᠵᠢᠲᠦ ᠵᠢᠭᠡᠯᠡᠯᠭᠡ᠎ᠶ᠋ᠢᠨ ᠪᠡᠯᠡ ᠮᠦᠨᠭᠬᠦ ᠢ᠋ᠢ ᠪᠤᠭᠤᠳᠠᠶ᠂ ᠡᠷᠳᠡᠨᠢ ᠱᠢᠰᠢ᠂ ᠲᠥᠮᠥᠰᠥ᠍ ᠵᠡᠷᠭᠡ ᠭᠣᠣᠯ ᠠᠮᠤ ᠪᠤᠳᠠᠭᠠᠨ᠎ᠤ ᠦᠢᠯᠡᠳᠪᠦᠷᠢᠯᠡᠯ ᠲᠡᠢᠰᠢ ᠭᠣᠣᠯᠳᠠᠯᠭ᠎ᠠ᠎ᠲᠠᠶ ᠬᠡᠯᠪᠡᠢᠯᠬᠡᠪᠡ᠃ ᠮᠠᠯᠵᠢᠬᠤ ᠣᠷᠣᠨ᠎ᠳᠤ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ  ᠪᠠᠢᠭᠤᠯᠤᠮᠵᠢ ᠨᠢ ᠮᠢᠬᠠᠨ ᠤ᠋ ᠦᠬᠡᠷ᠂ ᠮᠢᠬᠠᠨ ᠤ᠋ ᠬᠣᠨᠢᠨ᠎ᠤ ᠣᠨᠴᠠᠯᠢᠠᠠᠳᠦ ᠲᠡᠵᠢᠭᠡᠨ ᠦᠷᠡᠵᠢᠭᠦᠯᠬᠦ᠌ ᠠᠵᠤ ᠦᠶ᠋ᠯᠡᠰ᠎ᠦᠨ ᠲᠣᠭᠣᠷᠢᠨ᠎ᠳᠤ ᠲᠤᠰᠭᠠᠶ ᠳᠡᠮᠵᠢᠯᠭᠡ᠎ᠶ᠋ᠢᠨ ᠲᠥᠰᠦᠯ᠎ᠢ ᠲᠣᠭ᠍ᠲᠠᠭᠠᠵᠤ᠂ ᠮᠠᠯᠵᠢᠬᠤ ᠣᠷᠣᠨ᠎ᠤ ᠣᠨᠴᠠᠯᠢᠠᠠᠳᠦ ᠲᠡᠵᠢᠭᠡᠨ ᠦᠷᠡᠵᠢᠭᠦᠯᠬᠦ᠌ ᠶᠠᠰᠤ ᠴᠢᠨᠠᠷ᠎ᠢ  ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠳᠦ ᠬᠦᠴᠦᠨ ᠨᠡᠮᠡᠷᠢᠯᠡᠪᠡ᠃ ᠣᠳᠣᠬᠠᠨ ᠪᠣᠯᠲᠠᠯ᠎ᠠ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠡᠴᠠ ᠡᠷᠳᠡᠨᠢ ᠱᠢᠰᠢ᠂ ᠲᠥᠮᠥᠰᠥ᠍᠂ ᠮᠢᠬᠠᠨ ᠤ᠋ ᠦᠬᠡᠷ᠂ ᠮᠢᠬᠠᠨ ᠤ᠋ ᠬᠣᠨᠢ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠢᠶ᠎ᠠ ᠪᠥᠬᠥᠶ ᠠᠵᠤ ᠠᠬᠤᠢᠯᠠᠯ᠎ᠳᠤ 491 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠲᠠᠯᠪᠢᠪᠠ᠃

ᠡᠨᠡ ᠵᠢᠯ᠎ᠡᠴᠡ ᠨᠠᠭᠠᠰᠢ᠂ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠵᠢᠨ ᠬᠢᠨ ᠣᠨᠴᠠᠯᠢᠭ᠍ᠲᠤ ᠢᠲᠡᠭᠡᠮᠵᠢᠲᠦ ᠵᠢᠭᠡᠯᠡᠯᠭᠡ᠎ᠶ᠋ᠢᠨ ᠤᠢᠯᠡᠳᠬᠦᠨ᠎ᠢ ᠭᠠᠷᠭᠠᠵᠤ᠂ ᠲᠠᠷᠢᠶᠠᠯᠠᠩ᠎ᠳᠤ ᠬᠤᠯᠪᠤᠭᠳᠠᠬᠰᠠᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠪᠠᠯᠠ ᠬᠤᠷᠠᠮᠳᠤᠭᠤᠯᠭ᠎ᠠ᠎ᠶ᠋ᠢᠨ ᠬᠦᠴᠢᠷᠳᠡᠯ ᠢ᠋ ᠣᠨᠣᠪᠴᠢᠲᠠᠶ ᠰᠢᠢᠳᠪᠤᠷᠢᠯᠡᠵᠤ ᠪᠠᠢᠨ᠎ᠡ᠃ ᠣᠳᠣᠬᠠᠨ᠎ᠳᠤ᠂ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠵᠢᠨ ᠬᠢᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠤ᠋ᠨ 60 ᠭᠠᠷᠤᠶ ᠵᠦᠶ᠋ᠯ ᠤ᠋ᠨ ᠢᠳᠡᠬᠡᠮᠵᠢᠳᠤ ᠵᠢᠭᠡᠯᠡᠯᠭᠡ᠎ᠶ᠋ᠢᠨ ᠦᠶ᠋ᠯᠡᠳᠬᠦᠨ ᠭᠠᠷᠭᠠᠵᠤ᠂ 《ᠠᠮᠤ ᠪᠤᠳᠠᠭ᠎ᠠ᠂ ᠮᠠᠯ᠂ ᠲᠥᠮᠥᠰᠥ᠍᠂ ᠱᠢᠬᠢᠷ᠂ ᠨᠡᠷᠡᠨ ᠬᠤᠸᠠᠷ》 ᠵᠡᠷᠭᠡ ᠳᠠᠪᠠᠭᠤᠯᠢᠭ ᠠᠵᠤ ᠦᠶ᠋ᠯᠡᠰ᠎ᠦᠨ ᠢᠲᠡᠭᠡᠮᠵᠢᠲᠦ ᠵᠢᠭᠡᠯᠡᠯᠭᠡ᠎ᠶ᠋ᠢᠨ ᠬᠡᠷᠡᠭ᠌ᠴᠡᠭᠡ᠎ᠶ᠋ᠢ ᠢᠳᠡᠪᠬᠢᠲᠡᠶ ᠬᠠᠩᠭᠠᠵᠤ᠂ ᠮᠠᠨ᠎ᠤ ᠣᠷᠣᠨ᠎ᠤ ᠮᠠᠯ ᠠᠵᠤ ᠠᠬᠤᠶ᠎ᠲᠠᠷᠢᠶᠠᠯᠠᠨᠭ᠌ ᠤ᠋ᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠪᠠᠯᠠ ᠮᠥᠩᠭᠥ᠎ᠶ᠋ᠢᠨ ᠪᠠᠲᠤᠯᠠᠭ᠎ᠠ ᠬᠠᠨᠭᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号