ᠤᠢᠷ᠎ᠠ ᠳ᠋ᠸ᠋᠂ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠪᠠᠢᠴᠠᠭᠠᠬᠤ ᠬᠣᠷᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠰᠤᠷᠭᠠᠭᠤᠯᠢ ᠪᠠᠢᠭᠤᠯᠤᠭ᠍ᠳᠠᠬᠤ ᠵᠢᠴᠢ ᠨᠠᠮ᠎ᠤᠨ ᠠᠵᠢᠯ᠎ᠤᠨ ᠺᠠᠳ᠋ᠷ᠎ᠤᠨ ᠪᠣᠯᠪᠠᠰᠤᠷᠠᠯ᠎ᠤᠨ ᠠᠩᠭᠢ᠎ᠶ᠋ᠢᠨ ᠬᠢᠴᠢᠶᠡᠯ ᠡᠬᠢᠯᠡᠬᠦ᠌ ᠶᠣᠰᠣᠯᠠᠯ ᠬᠦᠬᠡᠬᠤᠳᠠ ᠳ᠋ᠸ᠋ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ᠎ᠶ᠋ᠢᠨ ᠪᠠᠢᠭᠤᠯᠭ᠎ᠠ ᠪᠠ ᠱᠢᠭᠤᠳ ᠬᠠᠷᠢᠶ᠎ᠠ ᠪᠠᠢᠭᠤᠯᠭ᠎ᠠ ᠨᠢᠭᠡᠴᠢ᠎ᠶ᠋ᠢᠨ ᠨᠠᠮ ᠤᠨ ᠡᠭᠦᠷ᠎ᠦᠨ ᠱᠦᠵᠢ᠂ ᠭᠡᠱᠢᠭᠦᠨ ᠵᠡᠷᠭᠡ 100 ᠭᠠᠷᠤᠢ ᠲᠤᠰᠭᠠᠢ (ᠬᠠᠪᠰᠤᠷᠭᠠᠭ᠍ᠰᠠᠨ) ᠲᠤᠱᠢᠶᠠᠯᠳᠦ ᠨᠠᠮ᠎ᠤᠨ ᠠᠵᠢᠯ᠎ᠤᠨ ᠺᠠᠳ᠋ᠷ ᠠᠵᠢᠯᠯᠠᠭ᠎ᠠ᠎ᠳᠤ ᠣᠷᠣᠯᠴᠠᠪᠠ᠃
ᠶᠤᠰᠤᠯᠠᠯ ᠡᠴᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠰᠤᠷᠭᠠᠭᠤᠯᠢ ᠪᠠᠢᠭᠤᠯᠤᠬᠰᠠᠨ ᠨᠢ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶ᠋ᠢᠨ ᠤᠯᠤᠰ ᠲᠦᠷᠦ᠍᠎ᠶ᠋ᠢᠨ ᠦᠨᠡᠨᠴᠢ ᠱᠢᠳᠤᠷᠭᠤ᠎ᠶ᠋ᠢ ᠪᠡᠬᠢᠵᠢᠭᠦᠯᠬᠦ᠌᠂ ᠪᠠᠲᠤ ᠴᠢᠩᠭ᠎ᠠ ᠪᠠᠢᠴᠠᠭᠠᠬᠤ ᠪᠠᠢᠭᠤᠯᠭ᠎ᠠ ᠵᠢᠨ ᠭᠠᠪᠰᠢᠭᠠᠢ ᠴᠡᠷᠢᠭ᠎ᠢ ᠳᠠᠪᠲᠠᠨ ᠪᠣᠯᠪᠠᠰᠤᠷᠠᠭᠤᠯᠬᠤ ᠰᠦᠭ ᠰᠦᠯᠳᠡ ᠵᠢᠨ ᠢᠨᠵᠧᠨᠧᠷᠢᠩ᠂ ᠨᠠᠮ᠎ᠤᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠬᠦ᠌᠂ ᠤᠯᠤᠰ ᠲᠦᠷᠦ᠍᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠦᠨᠳᠦᠰᠦ᠎ᠶ᠋ᠢ ᠪᠡᠬᠢᠵᠢᠭᠦᠯᠬᠦ᠌ ᠠᠷᠭ᠎ᠠ ᠬᠡᠮᠵᠢᠶ᠎ᠡ ᠮᠥᠨ᠃ ᠪᠠᠢᠭᠤᠯᠭ᠎ᠠ᠎ᠶ᠋ᠢᠨ ᠨᠠᠮ᠎ᠤᠨ ᠰᠤᠷᠭᠠᠭᠤᠯᠢ ᠪᠠᠢᠭᠤᠯᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ 《ᠨᠠᠮ ᠤᠨ ᠰᠤᠷᠭᠠᠭᠤᠯᠢ ᠪᠣᠯ ᠨᠠᠮ᠎ᠤᠨ ᠬᠢ》 ᠭᠡᠬᠦ᠌ ᠦᠨᠳᠦᠰᠦᠨ ᠵᠠᠷᠴᠢᠮ᠎ᠢ ᠰᠤᠷᠭᠠᠭᠤᠯᠢ ᠡᠷᠬᠢᠯᠡᠵᠦ᠍ ᠰᠤᠷᠭᠠᠭᠤᠯᠢ᠎ᠵᠢ ᠵᠠᠰᠠᠬᠤ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠬᠤ ᠬᠡᠷᠡᠭᠳᠡᠢ ᠬᠡᠵᠦ ᠵᠢᠭᠠᠨ ᠭᠠᠷᠭᠠᠵᠠᠢ᠃
ᠶᠤᠰᠤᠯᠠᠯ ᠡᠴᠨ᠂ ᠨᠠᠮ ᠤᠨ ᠠᠵᠢᠯ ᠤᠨ ᠺᠠᠳ᠋ᠷ᠎ᠤᠨ ᠪᠣᠯᠪᠠᠰᠤᠷᠠᠯ᠎ᠤᠨ ᠠᠩᠬᠢ᠎ᠳᠤ ᠣᠷᠣᠯᠴᠠᠭ᠍ᠰᠠᠨ ᠪᠦᠬᠦ᠌ ᠰᠤᠷᠤᠯᠭᠠᠲᠠᠳ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠣᠯᠪᠠᠰᠤᠷᠠᠯ ᠢ ᠡᠷᠬᠢᠮ ᠨᠠᠨᠳᠢᠨ ᠤᠯᠤᠰ ᠲᠦᠷᠦ᠍᠎ᠶ᠋ᠢᠨ ᠪᠣᠯᠪᠠᠰᠤᠷᠠᠯ᠂ ᠦᠵᠡᠯ ᠰᠠᠨᠠᠭᠠᠨ᠎ᠤ ᠪᠣᠯᠪᠠᠰᠤᠷᠠᠯ᠂ ᠴᠢᠳᠠᠪᠤᠷᠢ᠎ᠶ᠋ᠢᠨ ᠪᠣᠯᠪᠠᠰᠤᠷᠠᠯ ᠪᠣᠯᠭᠠᠬᠤ ᠬᠡᠷᠡᠭ᠌ᠲᠡᠢ; ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠰᠡᠳᠭᠢᠯ ᠲᠠᠯᠪᠢᠨ ᠰᠤᠳᠤᠯᠤᠨ ᠰᠡᠳᠭᠢᠬᠦ᠌᠎ᠶ᠋ᠢ ᠪᠠᠷᠢᠮᠲᠠᠯᠠᠵᠤ᠂ ᠠᠰᠠᠭᠤᠳᠠᠯ᠎ᠢ ᠠᠳᠭᠤᠨ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠲᠠᠷᠢᠬᠢ ᠲᠣᠯᠣᠭᠠᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠬᠤ ᠬᠡᠷᠡᠭᠳᠡᠢ; ᠪᠣᠯᠪᠠᠰᠤᠷᠠᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ᠂ ᠰᠤᠷᠤᠯᠴᠠᠬᠤ ᠰᠤᠷᠲᠠᠯ ᠵᠢᠡᠨ ᠲᠥᠪ ᠪᠣᠯᠭᠠᠵᠤ᠂ ᠰᠤᠷᠤᠭ᠍ᠰᠠᠨ᠎ᠢᠶᠠᠨ ᠬᠡᠷᠡᠭ᠌ᠯᠡᠬᠦ᠌᠂ ᠮᠡᠳᠡᠬᠦᠢ ᠬᠢᠬᠦᠢ᠎ᠪᠡᠨ ᠨᠢᠭᠡᠳᠭᠡᠬᠦ᠌᠎ᠶ᠋ᠢ ᠪᠠᠷᠢᠮᠲᠠᠯᠠᠵᠤ᠂ ᠰᠤᠷᠤᠯᠴᠠᠯᠭ᠎ᠠ᠎ᠶ᠋ᠢᠨ ᠣᠯᠤᠯᠲᠠ ᠪᠠᠨ ᠲᠥᠪ ᠭᠣᠣᠯᠴᠢ᠎ᠪᠠᠷ ᠬᠠᠤᠯᠢ ᠬᠡᠷᠡᠭᠵᠢᠬᠦᠯᠬᠦ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠯᠴᠠᠪᠠᠯ ᠣᠯᠤᠯᠲᠠ᠎ᠲᠠᠶ᠂ ᠰᠡᠳᠭᠢᠪᠡᠯ ᠤᠬᠠᠭᠠᠷᠠᠯ᠎ᠲᠠᠶ᠂ ᠬᠢᠪᠡᠯ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠬᠡᠵᠦ ᠴᠢᠬᠤᠯᠠᠴᠢᠯᠠᠵᠠᠢ᠃