ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠤᠨ ᠰᠦᠯᠵᠢᠶᠡᠨ᠎ᠦ ᠶᠠᠯᠠᠲᠤ ᠠᠵᠢᠯᠯᠠᠭ᠎ᠠ᠎ᠶ᠋ᠢᠨ ᠲᠤᠬᠠᠶ ᠬᠠᠤᠯᠢ ᠴᠠᠭᠠᠵᠠ᠎ᠶ᠋ᠢᠨ ᠲᠠᠨᠢᠯᠲᠠ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠬᠥᠬᠡᠬᠣᠲᠠ᠎ᠶ᠋ᠢᠨ ᠴᠢᠶᠣᠤ ᠬᠤᠸᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠤᠬᠢᠶᠠᠨ ᠪᠠᠢᠭᠤᠯᠵᠦ᠂ 《ᠵᠤᠯᠠ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ》 ᠤ᠋ᠨ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠦᠨ ᠰᠠᠭᠤᠷᠢᠨ ᠳ᠋ᠸ᠋ ᠬᠦᠷᠴᠦ᠍᠂ ᠬᠠᠤᠯᠢ᠎ᠪᠠᠷ ᠵᠠᠰᠠᠬᠤ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠪᠡ᠃ ᠲᠣᠰ ᠤᠳᠠᠭ᠎ᠠ ᠵᠢᠨ ᠠᠵᠢᠯᠯᠠᠭ᠎ᠠ᠎ᠨᠢ ᠬᠣᠶᠠᠷ ᠳᠤᠭᠤᠢᠯᠠᠩ ᠰᠣᠯᠪᠢᠴᠠᠭ᠍ᠰᠠᠨ᠂ ᠵᠡᠷᠭᠡ᠎ᠪᠡᠷ ᠶᠠᠪᠤᠭ᠍ᠳᠠᠬᠤ ᠵᠠᠭ᠍ᠪᠤᠷ᠎ᠢ ᠬᠡᠷᠡᠭ᠌ᠯᠡᠵᠦ᠍᠂ ᠵᠠᠯᠠᠭᠤᠴᠤᠳ ᠪᠠᠭᠠᠴᠤᠳ ᠪᠡᠶᠡᠴᠢᠯᠡᠨ ᠣᠢᠯᠠᠭᠠᠬᠤ᠂ ᠳᠠᠭᠤᠷᠢᠶᠠᠮᠠᠯ ᠰᠣᠷᠢᠯᠲᠠ ᠵᠢᠨ ᠳᠤᠮᠳᠠ ᠬᠠᠤᠯᠢ ᠪᠡᠷ ᠵᠠᠰᠠᠬᠤ ᠬᠦᠴᠦᠨ᠎ᠢ ᠮᠡᠳᠡᠷᠡᠭᠦᠯᠵᠦ᠍᠂ ᠬᠠᠤᠯᠢ ᠪᠡᠷ ᠵᠠᠰᠠᠬᠤ ᠦᠵᠡᠯ ᠤᠬᠠᠮᠰᠠᠷ᠎ᠢ ᠪᠠᠲᠤᠳᠭᠠᠵᠤ᠂ ᠵᠠᠯᠠᠭᠤ ᠨᠠᠰᠤᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠳᠤ ᠴᠤᠬᠴᠠᠯᠠᠬᠤ ᠵᠢ ᠵᠤᠷᠢᠪᠠ᠃
ᠪᠠᠢᠴᠠᠭᠠᠬᠤ ᠲᠤᠱᠢᠶᠠᠯᠲᠠᠨ᠎ᠤ ᠳᠠᠭᠠᠭᠤᠯᠭ᠎ᠠ ᠳᠤᠤᠷ᠎ᠠ᠂ ᠰᠤᠷᠤᠭ᠍ᠴᠢᠳ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠦᠨ ᠦᠵᠡᠭᠦᠯᠭᠡ᠎ᠶ᠋ᠢᠨ ᠲᠠᠩᠬᠢᠮ᠎ᠢ ᠲᠣᠭᠣᠷᠢᠨ ᠦᠵᠡᠵᠦ᠍᠂ ᠵᠢᠷᠤᠭ ᠦᠰᠦᠭ ᠤ᠋ᠨ ᠦᠵᠡᠭᠦᠯᠭᠡ᠎ᠶ᠋ᠢᠨ ᠰᠠᠮᠪᠠᠷ᠎ᠠ᠂ ᠨᠡᠢᠲᠡᠯᠢᠭ ᠬᠡᠷᠡᠭ᠎ᠦᠨ ᠵᠢᠱ᠌ᠢᠶ᠎ᠡ᠂ ᠦᠶ᠋ᠯᠡᠳᠦᠯᠴᠡᠬᠦ᠌ ᠲᠣᠨᠣᠭ᠍ᠯᠠᠯ᠎ᠢᠶᠠᠷ ᠲᠠᠮᠵᠢᠨ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ᠂ ᠶᠠᠯ᠎ᠠ ᠬᠢᠬᠦ᠌᠎ᠶ᠋ᠢ ᠰᠡᠷᠭᠡᠢᠯᠡᠬᠦ᠌᠂ ᠰᠦᠯᠵᠢᠶᠡᠨ᠎ᠦ ᠠᠮᠤᠷ ᠲᠦᠪᠱᠢᠨ ᠵᠡᠷᠭᠡ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠱᠢᠰᠲ᠋ᠧᠮ᠎ᠲᠡᠶ ᠰᠤᠷᠤᠯᠴᠠᠪᠠ; ᠦᠵᠡᠭᠳᠡᠯᠳᠦ ᠮᠠᠶᠢᠬ ᠤ᠋ᠨ ᠲᠠᠭᠤᠷᠢᠶᠠᠮᠠᠯ ᠰᠢᠬᠦᠬᠦ ᠲᠠᠩᠬᠢᠮ᠎ᠳᠦ᠂ ᠰᠤᠷᠤᠭ᠍ᠴᠢᠳ ᠦᠨᠡᠨ ᠪᠣᠳᠠᠲᠠᠶ ᠨᠠᠰᠤᠨ᠎ᠳᠤ ᠥᠯᠥ᠍ ᠬᠦᠷᠦᠭ᠌ᠰᠡᠳ ᠤ᠋ᠨ ᠮᠡᠳᠡᠬᠡ ᠵᠠᠩᠬᠢ ᠵᠢᠨ ᠰᠦᠯᠵᠢᠶᠡᠨ ᠤ᠋ ᠶᠠᠯᠠᠳᠤ ᠠᠵᠢᠯᠯᠠᠭ᠎ᠠ ᠳ᠋ᠸ᠋ ᠬᠠᠪᠰᠤᠷᠤᠬᠰᠠᠨ ᠬᠡᠷᠡᠭ ᠵᠢᠡᠷ ᠡᠬᠡ ᠳᠡᠪᠲᠡᠷ ᠪᠣᠯᠭᠠᠵᠤ᠂ ᠲᠥᠪ ᠶᠡᠬᠡᠮᠰᠦᠭ 《ᠱᠢᠭᠦᠭ᠌ᠴᠢ》᠂ ᠡᠷᠡᠰ ᠬᠠᠲᠠᠭᠤ 《ᠠᠯᠪᠠᠨ ᠵᠠᠭᠠᠯᠳᠤᠭ᠍ᠴᠢ》 ᠪᠠ ᠬᠠᠷᠠᠮᠰᠠᠨ ᠤᠬᠠᠭᠠᠷᠠᠬᠰᠠᠨ 《ᠵᠠᠭᠠᠯᠳᠤᠭ᠍ᠳᠠᠭ᠍ᠴᠢ》 ᠵᠢ ᠲᠤᠬᠯᠠᠨ ᠦᠵᠡᠬᠦᠯᠵᠦ᠂ ᠮᠡᠳᠡᠬᠡ ᠵᠠᠩᠬᠢ ᠵᠢᠨ ᠰᠦᠯᠵᠢᠶᠡᠨ ᠤ᠋ ᠶᠠᠯᠠᠳᠤ ᠠᠵᠢᠯᠯᠠᠭ᠎ᠠ ᠳ᠋ᠸ᠋ ᠬᠠᠪᠰᠤᠷᠤᠬᠰᠠᠨ ᠶᠠᠯ᠎ᠠ ᠵᠢᠨ ᠬᠠᠤᠯᠢ ᠴᠠᠭᠠᠵᠠ᠎ᠶ᠋ᠢᠨ ᠵᠠᠭᠠᠭ ᠱᠤᠭᠤᠮ᠎ᠢ ᠭᠦᠨᠵᠡᠭᠡᠶ ᠤᠢᠯᠠᠭᠠᠨ ᠮᠡᠳᠡᠷᠡᠵᠡᠢ; ᠮᠠᠳᠠᠬ ᠲᠠᠢ ᠠᠰᠠᠭᠤᠯᠳᠠ᠎ᠳᠦ ᠬᠠᠷᠢᠭᠤᠯᠳᠠ ᠬᠢᠬᠦ ᠭᠤᠬᠴᠤᠭᠠᠨ ᠳ᠋ᠸ᠋ ᠰᠤᠷᠤᠬᠴᠢᠳ ᠢᠳᠡᠪᠬᠢᠳᠡᠢ ᠪᠡᠷ ᠠᠰᠠᠭᠤᠯᠳᠠ ᠳᠤᠷᠠᠳᠴᠦ᠂ ᠪᠠᠢᠴᠠᠭᠠᠬᠤ ᠲᠤᠰᠢᠶᠠᠯᠳᠠᠨ ᠡᠴᠨ ᠨᠢᠬᠡᠳ ᠨᠢᠬᠡ ᠪᠡᠷ ᠮᠠᠳᠠᠬ ᠲᠠᠢ ᠠᠰᠠᠭᠤᠯᠳᠠ ᠳ᠋ᠸ᠋ ᠬᠠᠷᠢᠭᠤ ᠦᠭᠴᠡᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号