ᠬᠥᠬᠡᠬᠣᠲᠠ᠎ᠶᠢᠨ 《ᠵᠠᠰᠠᠭ ᠵᠠᠬᠢᠷᠭᠠᠨ᠎ᠤ ᠳᠠᠬᠢᠨ ᠵᠥᠪᠯᠡᠬᠦ + ᠠᠯᠪᠠᠨ ᠭᠡᠷᠡᠴᠢᠯᠡᠭᠡ》 ᠵᠢᠨ ᠵᠠᠭᠤᠷᠠᠯᠳᠤᠭᠠᠨ᠎ᠢ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯᠯᠠᠬᠤ ᠦᠷᠦᠬᠡ ᠫᠠᠢᠰᠠ ᠡᠯᠭᠦᠪᠡ
2026-05-18 15:50:48
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠬᠥᠬᠡᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠬᠢᠭᠡᠳ ᠬᠦᠬᠡᠬᠣᠲᠠ᠎ᠶᠢᠨ ᠤᠮᠠᠷᠠᠲᠤ ᠬᠢᠯᠢ᠎ᠶᠢᠨ ᠠᠯᠪᠠᠨ ᠭᠡᠷᠡᠴᠢᠯᠡᠭᠡ᠎ᠶᠢᠨ ᠭᠠᠵᠠᠷ᠎ᠤᠨ ᠬᠠᠮᠲᠤᠷᠠᠨ ᠪᠠᠢᠭᠤᠯᠤᠭᠰᠠᠨ 《ᠵᠠᠰᠠᠭ ᠵᠠᠬᠢᠷᠭᠠᠨ᠎ᠤ᠋ ᠳᠠᠬᠢᠨ ᠵᠥᠪᠯᠡᠬᠦ + ᠠᠯᠪᠠᠨ ᠭᠡᠷᠡᠴᠢᠯᠡᠭᠡ》 ᠢ᠋ᠢᠨ ᠵᠠᠭᠤᠷᠠᠯᠳᠤᠭᠠᠨ ᠢ᠋ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯᠯᠠᠬᠤ ᠦᠷᠦᠭᠡ ᠨᠢ ᠬᠦᠬᠡᠬᠣᠲᠠ᠎ᠶᠢᠨ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠥᠪ᠎ᠲᠦ ᠵᠢᠩᠬᠢᠨᠢ᠎ᠪᠡᠷ ᠫᠠᠢᠰᠠ ᠡᠯᠭᠦᠪᠡ᠃ ᠡᠨᠡ ᠨᠢ ᠬᠦᠬᠡᠬᠣᠲᠠ᠎ᠶᠢᠨ ᠵᠠᠰᠠᠭ ᠵᠠᠬᠢᠷᠭᠠᠨ᠎ᠤ ᠡᠶᠡᠲᠡᠭᠦᠯᠭᠡ ᠵᠢ ᠪᠦᠷᠢᠨᠰᠢᠭᠦᠯᠬᠦ᠂ ᠵᠠᠰᠠᠭ ᠵᠠᠬᠢᠷᠭᠠᠨ᠎ᠤ ᠮᠠᠷᠭᠤᠯᠳᠤᠭᠠᠨ ᠢ᠋ ᠦᠨᠡᠨ᠎ᠬᠦ ᠰᠢᠢᠳᠪᠦᠷᠢᠯᠡᠬᠦ ᠵᠢ ᠠᠬᠢᠭᠤᠯᠬᠤ ᠲᠠᠯ᠎ᠠ᠎ᠪᠠᠷ ᠵᠠᠩᠭᠢᠯᠠᠭ᠎ᠠ᠎ᠶᠢᠨ ᠠᠯᠬᠤᠮ᠎ᠢ ᠠᠯᠬᠤᠭᠰᠠᠨ᠎ᠢ ᠬᠠᠷᠠᠭᠤᠯᠵᠤ ᠪᠤᠢ᠃

ᠠᠵᠢᠯᠯᠠᠬᠤ ᠦᠷᠦᠭᠡ ᠨᠢ ᠠᠯᠪᠠᠨ ᠭᠡᠷᠡᠴᠢᠯᠡᠭᠡ᠎ᠶᠢᠨ ᠪᠠᠢᠭᠤᠯᠤᠮᠵᠢ᠎ᠶᠢᠨ ᠡᠭᠦᠷᠭᠡ ᠴᠢᠳᠠᠪᠬᠢ᠎ᠶᠢᠨ ᠳᠠᠪᠠᠭᠤᠯᠢᠭ᠋᠎ᠲᠤ ᠲᠦᠰᠢᠭᠯᠡᠨ᠂ ᠲᠤᠰᠬᠠᠢ ᠵᠦᠢᠯ᠎ᠦᠨ ᠬᠡᠷᠡᠭᠵᠢᠭᠦᠯᠬᠦ ᠲᠥᠰᠥᠯ ᠲᠣᠭᠲᠠᠭᠠᠵᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠡᠷᠡᠭ ᠰᠢᠢᠳᠪᠦᠷᠢᠯᠡᠬᠦ ᠭᠣᠣᠯᠯᠠᠭ᠍ᠴᠢ ᠬᠦᠴᠦᠨ᠂ ᠨᠡᠷ᠎ᠡ ᠬᠦᠨᠳᠦᠳᠦ ᠠᠯᠪᠠᠨ ᠭᠡᠷᠡᠴᠢᠯᠡᠭᠴᠢ ᠪᠠ ᠲᠤᠰᠬᠠᠢ ᠲᠤᠰᠢᠶᠠᠯᠲᠤ ᠠᠷᠠᠳ᠎ᠤᠨ ᠡᠶᠡᠳᠡᠭᠦᠯᠦᠭᠴᠢ᠎ᠶᠢᠨ ᠬᠦᠴᠦᠨ᠎ᠢ ᠡᠮᠬᠢᠯᠡᠨ ᠨᠡᠢᠯᠡᠭᠦᠯᠵᠦ᠂ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠂ ᠨᠡᠢᠭᠡᠮ᠎ᠦᠨ ᠪᠠᠲᠤᠯᠠᠭ᠎ᠠ  ᠵᠡᠷᠭᠡ  ᠭᠣᠣᠯᠳᠠᠯᠭ᠎ᠠ᠎ᠲᠠᠢ ᠬᠦᠷᠢᠶᠡᠨ᠎ᠳᠡᠬᠢ ᠬᠡᠷᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠳᠠᠬᠢᠨ ᠵᠥᠪᠯᠡᠬᠦ᠎ᠶᠢ ᠭᠥᠯᠢᠶᠡᠨ ᠠᠪᠴᠤ ᠰᠢᠢᠳᠪᠦᠷᠢᠯᠡᠬᠦ᠎ᠡᠴᠡ ᠡᠮᠦᠨ᠎ᠡ ᠵᠢᠴᠢ ᠰᠢᠭᠦᠬᠦ ᠶᠠᠪᠤᠴᠠ᠎ᠳᠤ ᠲᠤᠬᠠᠢ᠎ᠶᠢᠨ ᠬᠥᠮᠥᠨ᠎ᠢ ᠬᠥᠲᠥᠯᠥᠨ ᠵᠢᠯᠤᠭᠣᠳᠴᠤ ᠪᠠᠢᠭᠠᠳ ᠡᠶᠡᠳᠡᠭᠦᠯᠬᠦ᠎ᠪᠡᠷ ᠳᠠᠮᠵᠢᠨ ᠮᠠᠷᠭᠤᠯᠳᠤᠭᠠᠨ᠎ᠢ ᠨᠠᠮᠳᠠᠭᠤᠯᠬᠤ ᠪᠤᠯᠤᠨ᠎ᠠ᠃ ᠠᠯᠪᠠᠨ ᠭᠡᠷᠡᠴᠢᠯᠡᠭᠡ᠎ᠶᠢᠨ ᠠᠵᠢᠯᠲᠠᠨ ᠪᠦᠬᠦ ᠶᠠᠪᠤᠴᠠ᠎ᠳᠤ ᠣᠷᠣᠯᠴᠠᠵᠦ᠂ ᠵᠥᠷᠢᠴᠡᠯ᠎ᠢ ᠡᠶᠡᠳᠡᠭᠦᠯᠬᠦ᠎ᠳᠦ ᠬᠦᠴᠦᠨ ᠨᠡᠮᠡᠷᠢᠯᠡᠬᠦ ᠮᠥᠷᠲᠡᠭᠡᠨ ᠪᠠᠰᠠ ᠡᠶᠡᠳᠡᠭᠦᠯᠭᠡ᠎ᠶᠢᠨ ᠠᠯᠬᠤᠮ ᠲᠠᠷᠠᠭᠠᠯᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠢ ᠭᠡᠷᠡᠴᠢᠯᠡᠵᠦ᠂ ᠡᠶᠡᠳᠡᠭᠦᠯᠭᠡ᠎ᠶᠢᠨ ᠦᠷ᠎ᠡ ᠳ᠋ᠦᠩ᠎ᠦᠨ ᠬᠠᠤᠯᠢ ᠴᠠᠭᠠᠵᠠ᠎ᠶᠢᠨ ᠬᠦᠴᠦᠨ᠎ᠢ ᠪᠠᠲᠤᠯᠠᠬᠤ ᠪᠤᠯᠤᠨ᠎ᠠ᠃

ᠠᠵᠢᠯ᠎ᠤᠨ ᠥᠷᠨᠢᠯᠲᠡ᠎ᠶᠢ ᠵᠢᠷᠤᠮᠵᠢᠭᠤᠯᠬᠤ᠎ᠶᠢᠨ ᠲᠥᠯᠥᠭᠡ᠂ ᠬᠦᠬᠡᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠡᠴᠡ ᠵᠠᠰᠠᠭ ᠵᠠᠬᠢᠷᠭᠠᠨ᠎ᠤ ᠳᠠᠬᠢᠨ ᠵᠥᠪᠯᠡᠬᠦ ᠡᠶᠡᠳᠡᠭᠦᠯᠭᠡ᠎ᠶᠢᠨ ᠪᠢᠴᠢᠭ ᠬᠠᠷ᠎ᠠ᠎ᠶᠢᠨ ᠥᠯᠢᠭᠡᠷ ᠳᠡᠪᠲᠡᠷ ᠪᠠ ᠲᠠᠩᠰᠠ ᠡᠪᠬᠡᠮᠡᠯ᠎ᠢ ᠲᠠᠩᠰᠠᠯᠠᠬᠤ ᠪᠠᠷᠢᠮᠵᠢᠶ᠎ᠠ᠎ᠶᠢ ᠵᠡᠷᠭᠡ᠎ᠪᠡᠷ ᠪᠠᠭᠤᠯᠭᠠᠵᠤ᠂ ᠡᠶᠡᠳᠡᠭᠦᠯᠭᠡ᠎ᠶᠢᠨ ᠪᠥᠬᠥ ᠶᠠᠪᠤᠴᠠ᠎ᠶᠢ ᠵᠢᠷᠤᠮᠯᠠᠬᠤ ᠪᠠᠷᠢᠮᠵᠢᠶ᠎ᠠ᠎ᠲᠠᠢ ᠪᠣᠯᠭᠠᠪᠡ᠃ ᠣᠢᠯᠠᠭᠠᠭᠰᠠᠨ᠎ᠢᠶᠠᠷ᠂ ᠠᠵᠢᠯᠯᠠᠬᠤ ᠦᠷᠦᠬᠡ ᠨᠢ ᠨᠢᠭᠡ ᠭᠠᠷᠠᠭ ᠲᠤᠷᠰᠢᠨ ᠠᠵᠢᠯᠯᠠᠬᠤ ᠪᠡᠷ ᠲᠠᠮᠵᠢᠨ᠂ ᠨᠢᠭᠡᠨᠲᠡ 9 ᠵᠠᠰᠠᠭ ᠵᠠᠬᠢᠷᠭᠠᠨ᠎ᠤ ᠳᠠᠬᠢᠨ ᠵᠥᠪᠯᠡᠭᠦ ᠬᠡᠷᠡᠭ᠎ᠢ ᠭᠥᠯᠢᠶᠡᠨ ᠠᠪᠴᠤ᠂ 3 ᠤᠳᠠᠭᠠᠨ᠎ᠤ ᠡᠶᠡᠳᠡᠭᠦᠯᠭᠡ᠎ᠶᠢ ᠠᠮᠵᠢᠯᠲᠠᠲᠠᠢ ᠬᠢᠵᠦ᠂ ᠡᠶᠡᠳᠡᠭᠦᠯᠭᠡ᠎ᠶᠢᠨ ᠠᠮᠵᠢᠯᠲᠠ ᠣᠯᠣᠭᠰᠠᠨ ᠨᠣᠷᠮ᠎ᠠ ᠨᠢ 33.3%᠎ᠳᠤ ᠬᠦᠷᠴᠦ᠂ ᠢᠯᠡᠳᠲᠡ ᠦᠷ᠎ᠡ ᠪᠦᠲᠦᠮᠵᠢ ᠣᠯᠪᠠ᠃

ᠲᠠᠷᠠᠭᠠᠴᠢ᠎ᠶᠢᠨ ᠠᠯᠬᠤᠮ᠎ᠳᠤ᠂ ᠬᠦᠬᠡᠬᠣᠲᠠ᠎ᠶᠢᠨ ᠬᠢᠨ ᠠᠵᠢᠯᠯᠠᠭᠠᠨ᠎ᠤ ᠲᠤᠷᠰᠢᠯᠭ᠎ᠠ ᠪᠠᠨ ᠳ᠋ᠦᠩᠨᠡᠵᠦ᠂ ᠡᠯ᠎ᠡ ᠬᠣᠰᠢᠭᠤ ᠰᠢᠶᠠᠨ ᠲᠣᠭᠣᠷᠢᠭ᠋᠎ᠤᠨ ᠳᠠᠬᠢᠨ ᠵᠥᠪᠯᠡᠬᠦ ᠪᠠᠢᠭᠤᠯᠤᠮᠵᠢ᠎ᠳᠤ ᠲᠣᠰ ᠵᠠᠭᠪᠤᠷ᠎ᠢ ᠳᠡᠯᠭᠡᠷᠡᠭᠦᠯᠵᠦ᠂ ᠨᠡᠩ ᠤᠯᠠᠨ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠳᠦᠰᠦᠨ ᠱᠠᠲᠤᠨ᠎ᠳᠤ ᠠᠷᠢᠯᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号