ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠪᠤᠯᠤᠨ ᠳᠣᠲᠣᠭᠠᠳᠤ ᠢ᠋ᠢ ᠬᠠᠮᠠᠭᠠᠯᠠᠬᠤ ᠲᠢᠩᠬᠢᠮ ᠬᠠᠮᠳᠤᠷᠠᠨ ᠣᠢᠷ᠎ᠠ ᠳ᠋ᠤ ᠵᠠᠮ ᠬᠠᠷᠢᠯᠴᠠᠭᠠᠨ ᠤ᠋ ᠡᠨᠳᠡᠯ ᠠᠮᠠᠷᠬᠠᠨ ᠭᠠᠷᠬᠤ ᠵᠠᠰᠠᠮᠠᠯ ᠵᠠᠮ ᠤ᠋ᠨ ᠬᠡᠰᠡᠭ ᠢ᠋ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠢ᠋ ᠥᠷᠨᠢᠭᠦᠯᠵᠦ᠂ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠠᠮᠤᠷ ᠲᠦᠪᠰᠢᠨ ᠤ᠋ ᠭᠡᠮ ᠰᠤᠭᠤᠬ ᠢ᠋ ᠬᠦᠴᠦᠯᠡᠨ ᠠᠷᠢᠯᠭᠠᠵᠤ ᠪᠠᠢᠨ᠎ᠠ᠃
ᠲᠣᠰ ᠤᠳᠠᠭ᠎ᠠ ᠵᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ᠳᠣᠲᠣᠭᠠᠳᠤ ᠢ᠋ᠢ ᠬᠠᠮᠠᠭᠠᠯᠠᠬᠤ ᠵᠠᠮ ᠬᠠᠷᠢᠯᠴᠠᠭᠠᠨ ᠤ᠋ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠤ᠋ᠨ ᠡᠵᠡᠮᠰᠢᠭᠰᠡᠨ ᠣᠢᠷ᠎ᠠ ᠢ᠋ᠢᠨ 3 ᠵᠢᠯ ᠤ᠋ᠨ ᠵᠠᠮ ᠬᠠᠷᠢᠯᠴᠠᠭᠠᠨ ᠤ᠋ ᠡᠨᠳᠡᠯ ᠤ᠋ᠨ ᠮᠡᠳᠡᠭᠡ ᠵᠠᠩᠭᠢ ᠢ᠋ᠢ ᠦᠨᠳᠦᠰᠦᠯᠡᠵᠤ᠂ 《ᠵᠠᠰᠠᠮᠠᠯ ᠵᠠᠮ ᠤ᠋ᠨ ᠲᠡᠭᠡᠭᠡᠪᠦᠷᠢ ᠢ᠋ᠢᠨ ᠡᠵᠡᠩᠨᠡᠯᠲᠡ ᠢ᠋ᠢᠨ ᠬᠦᠷᠢᠶᠡᠨ ᠳ᠋ᠡᠬᠢ ᠬᠦᠨᠳᠦ ᠶᠡᠬᠡ ᠡᠨᠳᠡᠯ ᠤ᠋ᠨ ᠭᠡᠮ ᠰᠤᠭᠤᠬ ᠢ᠋ ᠮᠠᠭᠠᠳᠯᠠᠨ ᠲᠣᠭᠲᠠᠭᠠᠬᠤ ᠪᠠᠷᠢᠮᠵᠢᠶ᠎ᠠ》 ᠵᠡᠷᠭᠡ ᠲᠣᠭᠲᠠᠭᠠᠯ ᠶᠣᠰᠣᠭᠠᠷ ᠪᠦᠬᠦ ᠤᠷᠤᠨ ᠳ᠋ᠡᠬᠢ ᠤᠯᠤᠰ ᠤ᠋ᠨ ᠪᠠ ᠮᠤᠵᠢ ᠢ᠋ᠢᠨ ᠭᠣᠣᠯ ᠵᠠᠮ ᠱᠤᠭᠤᠮ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠡᠨᠳᠡᠯ ᠠᠮᠠᠷᠬᠠᠨ ᠭᠠᠷᠬᠤ ᠬᠡᠰᠡᠭ ᠢ᠋ ᠪᠦᠬᠦᠨ ᠢ᠋ ᠵᠢᠭ᠍ᠰᠠᠭᠠᠨ ᠪᠠᠢᠴᠠᠭᠠᠵᠡᠢ᠃
ᠪᠥᠬᠥ ᠲᠠᠯ᠎ᠠ ᠪᠡᠷ ᠣᠢᠯᠠᠭᠠᠨ ᠵᠢᠭ᠍ᠰᠠᠭᠠᠬᠤ ᠪᠡᠷ ᠳᠡᠮᠵᠢᠨ ᠤᠯᠤᠰ ᠤ᠋ᠨ ᠪᠠ ᠮᠤᠵᠢ ᠢ᠋ᠢᠨ ᠭᠣᠣᠯ ᠵᠠᠮ ᠱᠤᠭᠤᠮ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠡᠶ᠋ᠢᠲᠡ 1899 ᠬᠡᠰᠡᠭ ᠲᠦ᠍ ᠫᠠᠢᠰᠠ ᠲᠡᠮᠳᠡᠭ ᠳᠤᠲᠠᠭᠳᠠᠭᠰᠠᠨ᠂ ᠴᠠᠰᠤ ᠡᠯᠡᠰᠦ ᠠᠮᠠᠷᠬᠠᠨ ᠬᠤᠷᠠᠬᠤ᠂ ᠮᠥᠰᠥ ᠠᠮᠠᠷᠬᠠᠨ ᠬᠥᠯᠳᠡᠬᠦ᠂ ᠰᠡᠷᠭᠡᠢᠯᠡᠨ ᠬᠠᠮᠠᠭᠠᠯᠠᠬᠤ ᠳᠦᠬᠦᠭᠡᠷᠦᠮᠵᠢ ᠲᠡᠭᠦᠯᠳᠡᠷ ᠪᠢᠰᠢ ᠵᠡᠷᠭᠡ ᠪᠠᠢᠳᠠᠯ ᠠᠳᠠᠯᠢ ᠪᠤᠰᠤ ᠬᠡᠮᠵᠢᠶ᠎ᠡ ᠪᠡᠷ ᠣᠷᠣᠰᠢᠵᠤ ᠪᠠᠢᠬᠤ ᠵᠢ ᠢᠯᠡᠷᠡᠬᠦᠯᠵᠠᠢ᠃ ᠡᠬᠦᠨ ᠳ᠋ᠤ ᠡᠯ᠎ᠡ ᠠᠢᠮᠠᠭ ᠬᠣᠲᠠ ᠢ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯᠲᠥᠷᠥᠯ ᠬᠤᠪᠢᠶᠠᠨ ᠰᠢᠢᠳᠪᠦᠷᠢᠯᠡᠬᠦ ᠵᠠᠷᠴᠢᠮ ᠶᠣᠰᠣᠭᠠᠷ ᠣᠨᠣᠴᠠᠲᠠᠶ ᠪᠡᠷ ᠠᠷᠭ᠎ᠠ ᠪᠣᠳᠣᠯᠭ᠎ᠠ ᠬᠡᠷᠡᠭᠵᠢᠭᠦᠯᠪᠡ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠤ᠋ ᠲᠠᠨᠢᠯᠴᠠᠭᠤᠯᠤᠭᠰᠠᠨ ᠢ᠋ᠢᠡᠷ᠂ ᠳᠣᠲᠣᠭᠠᠳᠤ ᠢ᠋ᠢ ᠬᠠᠮᠠᠭᠠᠯᠠᠬᠤ ᠲᠢᠩᠬᠢᠮ ᠲᠠᠢ ᠬᠠᠮᠲᠤᠷᠠᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠢ᠋ᠢ ᠦᠷᠭᠦᠯᠵᠢᠯᠡᠨ ᠦᠷᠨᠢᠭᠦᠯᠵᠤ᠂ ᠦᠯᠡᠳᠡᠭᠰᠡᠨ 1169 ᠵᠠᠮ ᠤ᠋ᠨ ᠬᠡᠰᠡᠭ ᠢ᠋ ᠴᠡᠭᠴᠡᠯᠡᠨ ᠵᠠᠰᠠᠬᠤ ᠠᠵᠢᠯ ᠢ᠋ ᠲᠦᠷᠭᠡᠳᠬᠡᠨ ᠠᠬᠢᠭᠤᠯᠵᠤ᠂ 12 ᠰᠠᠷ᠎ᠠ ᠢ᠋ᠢᠨ ᠰᠡᠭᠦᠯᠴᠢ ᠡᠴᠡ ᠡᠮᠦᠨ᠎ᠡ ᠪᠥᠬᠥ ᠴᠡᠭᠴᠡᠯᠡᠨ ᠵᠠᠰᠠᠬᠤ ᠡᠭᠦᠷᠭᠡ ᠢ᠋ᠢ ᠴᠢᠨᠠᠷ ᠰᠠᠢᠲᠠᠢ ᠪᠡᠶᠡᠯᠡᠭᠦᠯᠬᠦ ᠢ᠋ᠢ ᠦᠨᠡᠨ ᠬᠦ᠌ ᠪᠠᠲᠤᠯᠠᠬᠤ ᠪᠤᠯᠤᠨ᠎ᠠ᠃