ᠣᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠷᠥ ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠵᠠᠯᠠᠭᠤᠴᠤᠳ᠎ᠤᠨ《ᠠᠵᠢᠯ ᠣᠯᠭᠣᠯᠲᠠ᠂ ᠦᠶ᠋ᠯᠡᠰ ᠪᠤᠰᠭᠠᠬᠤ᠂ ᠠᠮᠤᠭᠤᠯᠠᠩ ᠰᠠᠭᠤᠴᠠ᠂ ᠬᠥᠭ᠌ᠵᠢᠯᠲᠡ》 ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ ᠳᠤ ᠤᠷᠢᠳ ᠬᠣᠵᠢᠳ《ᠴᠢᠳᠠᠪᠤᠷᠢᠲᠠᠨ᠎ᠢᠶᠠᠷ ᠬᠣᠲᠠ᠎ᠪᠠᠨ ᠬᠦᠴᠦᠷᠬᠡᠭ᠌ᠵᠢᠭᠦᠯᠬᠦ᠌ 25 ᠵᠤᠷᠪᠤᠰ》᠂ 《ᠬᠥᠮᠦᠨ ᠠᠮᠠ᠎ᠶ᠋ᠢᠨ ᠲᠥᠪᠯᠡᠷᠡᠯ᠎ᠢ ᠠᠬᠢᠭᠤᠯᠬᠤ 16 ᠵᠤᠷᠪᠤᠰ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠱᠢᠰᠲ᠋ᠧᠮᠲᠦ ᠴᠢᠨᠠᠷᠲᠠᠶ ᠪᠡᠷ ᠴᠢᠳᠠᠪᠤᠷᠢᠲᠠᠨ ᠢ ᠤᠷᠢᠬᠤ ᠱᠢᠨ᠎ᠡ ᠪᠠᠢᠷᠢᠱᠢᠯ᠎ᠢ ᠨᠡᠭᠡᠭᠡᠪᠡ; 《ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠱᠢᠯᠢᠳᠡᠭ᠌ᠵᠢᠭᠦᠯᠬᠦ᠌ 22 ᠵᠤᠷᠪᠤᠰ》 ᠢ᠋ ᠨᠡᠢᠲᠡᠯᠡᠵᠦ᠍᠂ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠪᠠᠢᠭᠤᠯᠤᠮᠵᠢ ᠲᠣᠭ᠍ᠲᠠᠴᠠ᠎ᠶ᠋ᠢ ᠦᠷᠭᠦᠯᠵᠢᠯᠡᠨ ᠪᠦᠷᠢᠨᠱᠢᠬᠦᠯᠪᠡ; 《ᠭᠣᠣᠯᠲᠤ ᠪᠣᠷᠣᠦᠨᠳᠦᠰᠦ ᠬᠠᠳᠭᠤᠬᠤ》᠂ 《ᠵᠠᠯᠠᠭᠤᠴᠤᠳ᠎ᠤᠨ ᠦᠢᠯᠡᠰ ᠪᠤᠰᠭᠠᠬᠤ ᠳᠤ ᠲᠤᠰᠠᠯᠠᠬᠤ》᠂ 《ᠤᠷ᠎ᠠ ᠮᠡᠷᠭᠡᠵᠢᠯ᠎ᠢᠶᠡᠷ ᠢᠷᠡᠭᠡᠳᠦᠢ᠎ᠶ᠋ᠢ ᠬᠡᠷᠡᠯᠳᠤᠬᠦᠯᠬᠦ᠌》 ᠵᠡᠷᠭᠡ ᠪᠣᠳᠠᠲᠠᠢ ᠶ᠋ᠢ ᠡᠷᠬᠢᠮᠯᠡᠭ᠌ᠰᠡᠨ ᠠᠷᠭ᠎ᠠ ᠬᠡᠮᠵᠢᠢ᠎ᠡ᠎ᠶ᠋ᠢ ᠬᠡᠷᠡᠭ᠌ᠵᠢᠭᠦᠯᠵᠦ᠍᠂ 《ᠣᠷᠣᠭᠤᠯᠤᠨ ᠠᠪᠴᠢᠷᠠᠬᠤ》 ᠡᠴᠡ《ᠦᠯᠡᠳᠡᠭᠡᠬᠦ᠌》 ᠬᠦᠷᠲᠡᠯᠡᠬᠢ ᠪᠦᠬᠦ᠌ ᠦᠶᠡᠯᠡᠯ᠎ᠤᠨ ᠬᠤᠭᠤᠴᠠᠭᠠᠨ᠎ᠤ ᠵᠠᠯᠠᠭᠤᠴᠤᠳ᠎ᠤᠨ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ ᠢ ᠪᠠᠢᠭᠤᠯᠪᠠ᠃
2026 ᠣᠨ᠎ᠠᠴᠠ ᠡᠬᠢᠯᠡᠨ ᠬᠥᠬᠡᠬᠣᠲᠠ ᠳᠠᠬᠢᠨ 《ᠪᠣᠳᠠᠲᠠᠶ ᠠᠷᠭ᠎ᠠ》 ᠭᠠᠷᠭᠠᠵᠤ᠂ 《ᠬᠥᠬᠡᠬᠣᠲᠠ ᠳ᠋ᠦ ᠠᠵᠢᠯ ᠤᠯᠭᠤᠬᠤ ᠠᠷᠪᠠᠨ ᠵᠦᠶ᠋ᠯ᠎ᠦᠨ ᠠᠵᠢᠯᠯᠠᠭᠠᠨ᠎ᠤ ᠲᠥᠯᠥᠪᠯᠡᠭᠡ》 ᠶ᠋ᠢ ᠨᠡᠢᠲᠡᠯᠡᠵᠦ᠍᠂ ᠠᠵᠢᠯ ᠡᠷᠢᠬᠦ᠌᠂ ᠪᠣᠯᠪᠠᠰᠤᠷᠠᠯ ᠬᠦᠷᠳᠡᠭᠡᠬᠦ᠂ ᠦᠶ᠋ᠯᠡᠰ ᠪᠤᠰᠬᠠᠬᠤ᠂ ᠬᠢᠮᠳᠠ ᠣᠷᠣᠨ ᠰᠠᠭᠤᠴᠠ ᠵᠡᠷᠭᠡ ᠶ᠋ᠢ ᠬᠠᠮᠤᠷᠤᠭ᠍ᠰᠠᠨ ᠪᠥᠬᠥ᠌ ᠲᠠᠯ᠎ᠠ᠎ᠶ᠋ᠢᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠥᠷᠭᠡᠨ ᠣᠯᠠᠨ ᠵᠠᠯᠠᠭᠤᠴᠤᠳ᠎ᠤᠨ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠂ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠳᠦ ᠨᠠᠩ ᠥᠷᠭᠡᠨ ᠠᠭᠤᠳᠠᠮ ᠲᠠᠪᠴᠠᠩ ᠬᠠᠩᠭᠠᠵᠤ᠂ ᠬᠥᠬᠡᠬᠣᠲᠠ᠎ᠶ᠋ᠢᠨ 《ᠴᠢᠳᠠᠪᠤᠷᠢᠲᠠᠨ ᠤᠷᠢᠬᠤ᠌》᠂ ᠴᠢᠳᠠᠪᠤᠷᠢᠲᠠᠨ᠎ᠢ ᠬᠠᠢᠷᠠᠯᠠᠬᠤ ᠡᠷᠡᠰ ᠵᠣᠷᠢᠭ ᠪᠠ ᠦᠨᠡᠨᠴᠢ ᠰᠡᠳᠭᠢᠯ᠎ᠢ ᠢᠯᠡᠷᠡᠭᠦᠯᠪᠡ᠃ ᠡᠭᠦᠨ᠎ᠦ ᠬᠠᠮᠲᠤ᠂ 《ᠬᠥᠬᠡᠬᠣᠲᠠ ᠳ᠋ᠦ ᠠᠵᠢᠯ ᠤᠯᠬᠤ》 ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠬᠣᠯᠪᠣᠭ᠎ᠠ ᠵᠢ ᠪᠠᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠭᠣᠣᠯᠳᠠᠯᠭ᠎ᠠ᠎ᠲᠠᠶ ᠠᠵᠤ ᠠᠬᠤᠢᠯᠠᠯ᠂ ᠠᠵᠢᠯ ᠲᠦᠷᠦᠯ ᠦᠨ ᠨᠡᠢᠭᠡᠮᠯᠢᠭ ᠵᠡᠷᠭᠡ 425 ᠪᠦᠷᠢᠯᠳᠦᠬᠦᠨ ᠨᠢᠭᠡᠴᠢ᠎ᠲᠡᠶ ᠬᠣᠯᠪᠣᠭᠠᠯᠠᠨ ᠬᠥᠳᠡᠯᠦᠯᠴᠡᠵᠦ᠍᠂ ᠲᠤᠰᠭᠠᠢ ᠬᠣᠯᠪᠣᠭᠠᠨ᠎ᠤ ᠲᠦᠷᠢᠮ ᠪᠠ ᠦᠢᠯᠡᠴᠢᠯᠡᠭᠡᠨ᠎ᠦ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠦ᠂ ᠪᠦᠬᠦ᠌ ᠵᠢᠯ᠎ᠳᠦ ᠡᠯ᠎ᠡ ᠲᠦᠷᠦᠯ᠎ᠦᠨ ᠠᠵᠢᠯ ᠣᠯᠭᠣᠬᠤ ᠦᠢᠯᠡᠰ ᠪᠤᠰᠭᠠᠬᠤ ᠠᠵᠢᠯᠯᠠᠭ᠎ᠠ᠎ᠶ᠋ᠢ 300 ᠭᠠᠷᠤᠢ ᠲᠠᠯᠠᠪᠤᠷ ᠡᠷᠬᠢᠯᠡᠵᠤ᠂ ᠠᠵᠢᠯ ᠤᠨ ᠪᠠᠢᠷᠢ᠎ᠶ᠋ᠢ ᠴᠤᠭ᠍ᠯᠠᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠦᠢᠯᠡᠴᠢᠯᠡᠭᠡ ᠬᠣᠯᠪᠣᠭᠠᠯᠠᠨ ᠬᠥᠳᠡᠯᠦᠯᠴᠡᠬᠦ᠌᠎ᠶ᠋ᠢ ᠪᠡᠶᠡᠯᠡᠭᠦᠯᠵᠦ᠍᠂ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠤ 《ᠲᠤᠰ ᠲᠤᠰ᠎ᠲᠠᠭᠠᠨ ᠲᠤᠭ ᠪᠤᠰᠭᠠᠬᠤ》 ᠡᠴᠡ 《ᠨᠢᠭᠡ ᠬᠥᠯᠭᠡ ᠱᠢᠳᠠᠷ᠎ᠠ ᠲᠠᠯᠪᠢᠬᠤ》 ᠲᠡᠢᠰᠢ ᠬᠤᠪᠢᠷᠠᠬᠤ᠎ᠶ᠋ᠢ ᠠᠬᠢᠭᠤᠯᠪᠠ᠃
ᠬᠥᠬᠡᠬᠣᠲᠠ᠎ᠶ᠋ᠢᠨ ᠡᠪᠯᠡᠯ᠎ᠤᠨ ᠬᠤᠷᠢᠶ᠎ᠠ ᠡᠴᠡ ᠤᠢᠯᠠᠭᠠᠬᠰᠠᠨ ᠵᠢᠡᠷ᠂ ᠲᠠᠷᠠᠭᠠᠴᠢ ᠪᠡᠷ ᠬᠦᠬᠡᠬᠤᠳᠠ ᠨᠠᠩ ᠶᠡᠬᠡ ᠡᠷᠴᠢᠮ ᠢᠶᠡᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢᠲᠠᠨ᠎ᠢ ᠴᠤᠭ᠍ᠯᠠᠷᠠᠭᠤᠯᠬᠤ ᠵᠠᠯᠠᠭᠤᠴᠤᠳ᠎ᠤᠨ ᠬᠥᠭ᠌ᠵᠢᠯᠲᠡ᠎ᠶ᠋ᠢᠨ ᠠᠮᠢ ᠠᠬᠤᠶ᠎ᠶ᠋ᠢ ᠱᠢᠯᠢᠳᠡᠭ᠌ᠵᠢᠭᠦᠯᠵᠦ᠍᠂ ᠤᠶᠤᠲᠠᠳ ᠤᠨ ᠠᠵᠢᠯ ᠣᠯᠵᠤ ᠦᠶ᠋ᠯᠡᠰ ᠪᠤᠰᠭᠠᠬᠤ ᠨᠢᠭᠡ ᠥᠷᠲᠡᠭᠡᠴᠢᠯᠡᠭᠰᠡᠨ ᠮᠠᠶᠢᠭ ᠤᠨ ᠦᠶ᠋ᠯᠡᠴᠢᠯᠡᠭᠡᠨ ᠦ ᠲᠥᠪ᠎ᠢ ᠲᠦᠷᠭᠡᠳᠭᠡᠨ ᠪᠠᠢᠭᠤᠯᠵᠤ᠂ 《ᠬᠥᠬᠡᠬᠣᠲᠠ ᠳ᠋ᠦ ᠠᠵᠢᠯ ᠤᠯᠬᠤ》 ᠦᠶ᠋ᠯᠡᠴᠢᠯᠡᠭᠡᠨ ᠦ ᠲᠠᠪᠴᠠᠩ᠎ᠢ ᠲᠠᠰ ᠳᠡᠪᠱᠢᠭᠦᠯᠵᠦ᠍᠂ ᠪᠥᠬᠥ᠌ ᠵᠢᠯᠳ᠋ᠦ 5 ᠲᠦᠮᠡ ᠭᠠᠷᠤᠶ ᠵᠠᠯᠠᠭᠤᠴᠤᠳ᠎ᠤᠨ ᠬᠥᠬᠡᠬᠣᠲᠠ᠎ᠳᠤ ᠦᠯᠡᠳᠡᠵᠦ᠍ ᠠᠵᠢᠯ ᠣᠯᠵᠤ ᠦᠶ᠋ᠯᠡᠰ ᠪᠤᠰᠬᠠᠬᠤ ᠬᠠᠷᠠᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠴᠢᠩ ᠦᠨᠡᠨᠴᠢ ᠰᠡᠳᠭᠢᠯᠭᠡ᠂ ᠦᠨᠡᠨ ᠪᠣᠳᠠᠲᠠᠶ ᠠᠷᠭ᠎ᠠ ᠬᠡᠮᠵᠢᠶ᠎ᠡ᠎ᠪᠡᠷ ᠬᠦᠰᠡᠯ ᠵᠡᠭᠦᠳᠦ᠍᠎ᠪᠡᠨ ᠬᠥᠭᠡᠭᠡᠴᠡᠯᠳᠦᠭ᠌ᠴᠢ ᠵᠠᠯᠠᠭᠤᠴᠤᠳ ᠨᠢᠭᠡᠪᠦᠷᠢ᠎ᠶ᠋ᠢᠨ ᠬᠢᠨ᠎ᠤ ᠡᠨᠡ ᠬᠦ᠌ ᠥᠩ ᠱᠢᠮᠡᠯᠢᠭ ᠬᠥᠷᠥᠰᠥᠨ ᠳᠡᠭᠡᠷ᠎ᠡ ᠵᠠᠯᠠᠭᠤ ᠨᠠᠰᠤᠨ᠎ᠤ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠥᠮᠦᠨ᠎ᠦ ᠠᠮᠢᠳᠤᠷᠠᠯ᠎ᠤᠨ ᠦᠨ᠎ᠡ ᠥᠷᠲᠡᠭ᠎ᠵᠢᠡᠨ ᠪᠡᠶᠡᠯᠡᠭᠦᠯᠬᠦ ᠵᠢ ᠲᠡᠮᠵᠢᠨ᠎ᠡ᠃