— ᠲᠦᠩᠯᠢᠶᠣᠤ ᠬᠤᠲᠠ᠎ᠵᠢᠨ ᠾᠧ ᠫᠠᠨ ᠬᠤᠸᠠ ᠶᠤᠸᠠᠨ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠤᠳᠤᠬᠢᠴᠢᠯᠠᠯᠲᠠ᠎ᠵᠢᠨ ᠲᠤᠬᠠᠢ ᠬᠦᠥᠷᠨᠢᠯ
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠤᠯ ᠰᠢᠨ᠎ᠠ ᠴᠠᠬ ᠦᠶ᠎ᠡ᠎ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ᠂ ᠨᠡᠢᠬᠡᠮ ᠲᠤᠭᠤᠷᠢᠭ᠎ᠤᠨ ᠵᠠᠰᠠᠯᠲᠠ᠎ᠵᠢᠨ ᠤᠳᠤᠬᠢᠴᠢᠯᠠᠯᠲᠠ᠎ᠶᠢᠨ ᠭᠤᠤᠯ ᠴᠢᠭᠯᠡᠯ ᠪᠤᠯᠤᠨ᠎ᠠ᠃ ᠤᠢᠷ᠎ᠠ᠎ᠵᠢᠨ ᠵᠢᠯ ᠡᠴᠡ ᠨᠠᠭᠠᠰᠢ᠂ ᠲᠦᠩᠯᠢᠶᠣᠤ ᠬᠤᠲᠠ᠎ᠶ᠋ᠢᠨ ᠠᠵᠤ ᠠᠬᠤᠶ᠎ᠵᠢᠨ ᠮᠡᠷᠭᠡᠵᠢᠯ᠎ᠦᠨ ᠨᠡᠭᠡᠭᠡᠯᠲᠡ᠎ᠶ᠋ᠢᠨ ᠲᠤᠭᠤᠷᠢᠭ᠎ᠤᠨ ᠱᠢᠨ᠎ᠡ ᠬᠣᠲᠠ ᠵᠡᠭᠡᠯᠢ ᠭᠤᠳᠤᠮᠵᠢ᠎ᠶ᠋ᠢᠨ ᠾᠧ ᠫᠠᠨ ᠬᠤᠸᠠ ᠶᠤᠸᠠᠨ ᠨᠡᠢᠭᠡᠮ ᠲᠣᠭᠣᠷᠢᠭ ᠨᠢ ᠡᠨᠡᠬᠦ ᠭᠤᠤᠯ ᠰᠢᠵᠢᠮ᠎ᠢ ᠬᠦᠨᠵᠡᠬᠡᠢ ᠦᠢᠯᠡᠳᠦᠯᠭᠡᠵᠢᠬᠦᠯᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ᠎ᠶ᠋ᠢ ᠡᠭᠦᠳᠴᠦ᠂ 《ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ — ᠲᠣᠭᠣᠷᠢᠭ᠎ᠤᠨ ᠨᠠᠮ᠎ᠤᠨ ᠡᠭᠦᠷ》 ᠤ᠋ᠨ ᠬᠣᠯᠪᠣᠭᠠᠯᠠᠨ ᠬᠥᠳᠡᠯᠦᠯᠴᠡᠬᠦ᠌ ᠱᠢᠰᠲ᠋ᠧᠮ᠎ᠢ ᠪᠠᠢᠭᠤᠯᠵᠤ᠂ 22 ᠵᠦᠶ᠋ᠯ᠎ᠦᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠨᠠᠢᠳᠠᠪᠤᠷᠢᠵᠢᠭᠤᠯᠵᠦ᠂ 《13535》 ᠠᠵᠢᠯ᠎ᠤᠨ ᠠᠷᠭ᠎ᠠ᠎ᠪᠠᠷ ᠭᠠᠷᠳᠠᠴᠠ ᠪᠣᠯᠭᠠᠨ᠂ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠠᠨᠠᠷ᠎ᠤᠨ ᠦᠷ᠎ᠡ ᠱᠢᠭ ᠨᠢᠭ᠍ᠲᠠᠷᠠᠭᠤᠯᠤᠨ ᠪᠦᠯᠬᠦᠮᠳᠡᠭᠦᠯᠪᠡ᠃
ᠨᠢᠭᠡ ᠭᠤᠤᠯ ᠱᠢᠵᠢᠮ᠎ᠢ ᠪᠠᠷᠢᠮᠳᠠᠯᠠᠵᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠯᠤᠰ ᠲᠥᠷᠥ᠎ᠶ᠋ᠢᠨ ᠰᠠᠭᠤᠷᠢ᠎ᠶ᠋ᠢ ᠪᠡᠬᠢᠵᠢᠭᠦᠯᠪᠡ
ᠾᠧ ᠫᠠᠨ ᠬᠤᠸᠠ ᠶᠤᠸᠠᠨᠨᠡᠢᠭᠡᠮ ᠲᠣᠭᠣᠷᠢᠭ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠰᠢᠵᠢᠮ᠎ᠤᠨ ᠲᠣᠭᠣᠷᠢᠨ᠎ᠳᠤ᠂ ᠣᠯᠠᠨ ᠵᠦᠶ᠋ᠯ᠎ᠦᠨ ᠰᠤᠷᠤᠯᠴᠠᠯᠭ᠎ᠠ᠎ᠵᠢᠨ ᠬᠡᠯᠪᠡᠷᠢ ᠪᠡᠷ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠡᠷᠭᠡ ᠠᠭᠤᠯᠭ᠎ᠠ᠎ᠶ᠋ᠢ ᠬᠦᠨᠵᠡᠭᠡᠢ ᠰᠤᠷᠤᠯᠴᠠᠵᠦ᠂ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷᠮᠡᠲᠦ ᠳᠣᠲᠣᠨᠤ·ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠤᠶᠠ》 ᠭᠡᠬᠦ ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ ᠤᠯᠠᠨᠳᠠ ᠥᠷᠨᠢᠭᠦᠯᠵᠦ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠤᠤᠯ ᠰᠡᠳᠦᠪᠲᠦ ᠣᠨᠣᠯ᠎ᠤᠨ ᠤᠬᠠᠭᠤᠯᠭ᠎ᠠ᠂ ᠨᠠᠮ᠎ᠤᠨ ᠡᠬᠦᠷ᠎ᠤᠨ ᠱᠦᠵᠢ᠎ᠵᠢᠨ ᠨᠠᠮ᠎ᠤᠨ ᠬᠢᠴᠢᠶᠡᠯ᠎ᠢ ᠨᠠᠷᠢᠯᠢᠭ ᠲᠤᠬᠢᠷᠠᠭᠤᠯᠵᠦ᠂ ᠨᠡᠢᠭᠡᠮ ᠲᠣᠭᠣᠷᠢᠭ᠎ᠤᠨ ᠡᠯ᠎ᠡ ᠵᠦᠶ᠋ᠯ᠎ᠦᠨ ᠠᠵᠢᠯ᠎ᠢ ᠦᠨᠳᠦᠰᠦᠲᠡᠨ᠎ᠦ ᠠᠵᠢᠯ᠎ᠲᠠᠶ ᠭᠦᠨᠵᠡᠭᠡᠶ ᠠᠭᠤᠰᠤᠯᠴᠠᠭᠤᠯᠤᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃
ᠭᠤᠷᠪᠠᠨ ᠵᠢᠭ᠍ᠰᠠᠭᠠᠯ᠎ᠤᠨ ᠭᠠᠵᠠᠷ᠎ᠢ ᠴᠣᠭ᠍ᠴᠠᠯᠠᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠴᠢᠯᠡᠭᠡᠨ᠎ᠦ ᠬᠥᠭᠥᠷᠭᠡ᠎ᠶ᠋ᠢ ᠴᠣᠭ᠍ᠴᠠᠯᠠᠪᠠ
ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ 《ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ》 ᠶ᠋ᠢ ᠨᠠᠩ ᠴᠢᠨᠠᠷ ᠰᠠᠢᠲᠠᠶ ᠪᠣᠯᠭᠠᠪᠠ᠃ 《ᠬᠡᠷ ᠳᠣᠲᠣᠷᠡᠬᠢ + ᠬᠡᠷ᠎ᠦᠨ ᠭᠠᠳᠠᠨᠠᠬᠢ》ᠤᠬᠠᠭᠤᠯᠭ᠎ᠠ᠎ᠶ᠋ᠢᠨ ᠲᠤᠤᠷᠵᠢᠯ᠎ᠢ ᠪᠠᠢᠭᠤᠯᠵᠤ᠂ ᠪᠥᠬᠥ᠌ ᠲᠠᠯ᠎ᠠ᠎ᠪᠠᠷ ᠨᠥᠯᠥᠭᠡᠯᠡᠬᠦ᠌ ᠪᠠᠢᠷᠢᠱᠢᠯ᠎ᠢ ᠪᠦᠷᠢᠯᠳᠦᠭᠦᠯᠦᠨ᠂ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ ᠵᠡᠷᠭᠡ ᠬᠡᠷ ᠳᠣᠲᠣᠷᠠᠬᠢ ᠲᠠᠯᠠᠪᠤᠷ ᠭᠠᠵᠠᠷ᠎ᠢ ᠭᠦᠶ᠋ᠴᠡᠳ ᠠᠱᠢᠭ᠍ᠯᠠᠨ᠂ ᠰᠣᠶᠣᠯ᠎ᠤᠨ ᠬᠡᠷᠡᠮ᠎ᠢ ᠲᠥᠯᠥᠪᠯᠡᠨ ᠴᠣᠭ᠍ᠴᠠᠯᠠᠵᠤ᠂ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠵᠦ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠣᠨᠣᠯ᠎ᠢ ᠶᠡᠬᠡ ᠪᠡᠷ ᠤᠬᠠᠭᠤᠯᠪᠠ᠃ ᠭᠡᠷ᠎ᠦᠨ ᠭᠠᠳᠠᠨ᠎ᠠ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠮᠡᠲᠦ ᠳᠣᠲᠣᠨᠣ·ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠦᠶ᠎ᠡ》 ᠭᠡᠬᠦ᠌ ᠭᠣᠣᠯ ᠰᠡᠳᠦᠪᠲᠦ ᠠᠨᠠᠷ᠎ᠤᠨ ᠬᠡᠷᠡᠭ ᠵᠥᠪᠯᠡᠬᠦ᠌ ᠲᠢᠩᠬᠢᠮ᠂ ᠬᠠᠤᠯᠢ ᠪᠡᠷ ᠵᠠᠰᠠᠬᠤ ᠠᠭᠤᠳᠠᠮ ᠲᠠᠯᠠᠪᠠᠢ᠂ ᠰᠣᠶᠣᠯ᠎ᠤᠨ ᠤᠷᠳᠤ ᠬᠤᠩᠬᠢᠯ ᠵᠡᠷᠭᠡ᠎ᠶ᠋ᠢ ᠴᠣᠭ᠍ᠴᠠᠯᠠᠪᠠ᠃

ᠠᠵᠢᠯᠯᠠᠭᠠᠨ᠎ᠤ ᠵᠢᠭ᠍ᠰᠠᠭᠠᠯ᠎ᠤᠨ ᠭᠠᠵᠠᠷ᠎ᠢ ᠨᠠᠷᠢᠨ ᠬᠢᠨᠠᠮᠠᠭᠠᠶ ᠪᠠᠢᠭᠤᠯᠵᠤ᠂ 《ᠬᠠᠮᠲᠤ ᠪᠡᠷ ᠠᠵᠢᠯᠯᠠᠵᠤ ᠬᠠᠮᠲᠤ ᠪᠡᠷ ᠵᠢᠷᠭᠠᠬᠤ》 ᠶ᠋ᠢ ᠨᠠᠩ ᠥᠪᠡᠷᠮᠢᠴᠡ ᠣᠨᠴᠠᠯᠢᠭ᠎ᠲᠠᠶ ᠪᠣᠯᠭᠠᠪᠠ᠃ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠂ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶ᠋ᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠶ ᠤᠶᠠᠯᠳᠤᠭᠤᠯᠤᠨ᠂ ᠰᠤᠷᠤᠯᠴᠠᠯᠭ᠎ᠠ᠂ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠢ ᠨᠢᠭᠡ ᠴᠣᠠᠠᠴᠠᠵᠢᠭᠤᠯᠥᠠᠠᠰᠠᠨ 《ᠠᠨᠠᠷ᠎ᠤᠨ ᠦᠷ᠎ᠡ》 ᠶ᠋ᠢᠨ ᠱᠢᠷᠢᠰ ᠴᠢᠳᠠᠮᠵᠢᠲᠦ ᠲᠠᠰᠤᠭ᠎ᠢ ᠪᠠᠢᠭᠤᠯᠵᠤ᠂ ᠶᠠᠷᠢᠶ᠎ᠠ ᠢᠯᠡᠳᠭᠡᠯ᠂ ᠤᠷᠠᠨ ᠵᠢᠷᠤᠭ᠂ ᠨᠣᠮ ᠤᠩᠱᠢᠬᠤ᠂ ᠴᠠᠭᠠᠰᠤᠨ ᠬᠠᠢᠴᠢᠯᠠᠮᠠᠯ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠣᠨᠣᠯ᠎ᠤᠨ ᠤᠬᠠᠭᠤᠯᠤᠨ ᠲᠠᠢᠯᠪᠤᠷᠢᠯᠠᠬᠤ ᠵᠡᠷᠭᠡ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ 60 ᠭᠠᠷᠤᠶ ᠤᠳᠠᠭ᠎ᠠ ᠥᠷᠨᠢᠭᠦᠯᠪᠡ᠃
ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠴᠣᠭ᠍ᠴᠠᠯᠠᠵᠤ᠂ 《ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌》 ᠶ᠋ᠢ ᠨᠠᠩ ᠲᠣᠳᠣ ᠳᠡᠪᠢᠰᠭᠡᠷ ᠥᠩᠭᠡᠲᠡᠶ ᠪᠤᠯᠭᠠᠪᠠ᠃ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠪᠠ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶ᠋ᠢᠨ ᠬᠡᠷᠡᠭ᠌ᠴᠡᠭᠡ᠎ᠶ᠋ᠢ ᠨᠡᠩ ᠰᠠᠢ᠌ᠳᠦᠷ ᠬᠠᠩᠭᠠᠬᠤ᠎ᠶ᠋ᠢᠨ ᠲᠥᠯᠥᠭᠡ᠂ ᠵᠥᠷᠢᠴᠡᠯ ᠵᠠᠭᠤᠷᠠᠯᠳᠤᠭᠠᠨ᠎ᠢ ᠬᠠᠮᠲᠤᠷᠠᠨ ᠡᠶᠡᠳᠡᠭᠦᠯᠦᠨ ᠱᠢᠢᠳᠪᠦᠷᠢᠯᠡᠬᠦ᠌ ᠲᠥᠪ᠂ ᠤᠷᠤᠭ᠎ᠤᠨ ᠡᠶᠡᠳᠡᠭᠦᠯᠭᠡ᠎ᠶ᠋ᠢᠨ ᠲᠠᠰᠤᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠷᠠᠰᠤᠨ ᠰᠡᠢᠯᠦᠮᠡᠯ᠎ᠦᠨ ᠠᠵᠢᠯᠯᠠᠬᠤ ᠦᠷᠦᠬᠡ ᠵᠡᠷᠭᠡ᠎ᠶ᠋ᠢ ᠪᠠᠢᠭᠤᠯᠵᠤ᠂ ᠪᠢᠴᠢᠯ ᠬᠦᠰᠡᠯ ᠡᠷᠡᠮᠡᠯᠵᠡᠯ᠎ᠢ ᠲᠠᠨᠢᠵᠤ ᠠᠪᠬᠤ᠂ ᠰᠤᠷᠪᠤᠯᠵᠢᠯᠠᠨ ᠲᠣᠬᠣᠨᠢᠭᠤᠯᠬᠤ᠂ ᠵᠥᠷᠢᠴᠡᠯ᠎ᠢ ᠡᠶᠡᠳᠡᠭᠦᠯᠬᠦ᠌ ᠵᠡᠷᠭᠡ ᠠᠵᠢᠯᠯᠠᠭ᠎ᠠ᠎ᠶ᠋ᠢ 50 ᠭᠠᠷᠤᠢ ᠤᠳᠠᠭ᠎ᠠ ᠯᠠᠪᠳᠠᠭᠤᠨ ᠪᠠᠲᠤᠲᠠᠢ ᠥᠷᠨᠢᠭᠦᠯᠪᠡ; ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠢᠶᠡᠷ ᠭᠤᠤᠯ ᠪᠣᠯᠭᠠᠭ᠍ᠰᠠᠨ᠂ ᠲᠤᠤᠷᠵᠢᠭ᠍ᠰᠠᠨ ᠨᠠᠮ᠎ᠤᠨ ᠡᠭᠦᠷ᠂ ᠬᠤᠪᠢᠰᠭᠠᠯᠲᠦ ᠠᠳᠠᠯ ᠠᠬᠤᠶ ᠪᠠ ᠰᠠᠭᠤᠭᠠᠯᠢ ᠠᠷᠠᠳ᠎ᠤᠨ ᠲᠣᠭᠣᠷᠢᠭ᠎ᠤᠨ ᠰᠡᠷᠢᠭᠦᠨ ᠲᠢᠩᠰᠡ᠎ᠪᠡᠷ ᠬᠠᠪᠰᠤᠷᠤᠮᠵᠢ ᠪᠣᠯᠭᠠᠭ᠍ᠰᠠᠨ 《ᠨᠢᠭᠡ ᠲᠥᠪ ᠭᠤᠷᠪᠠᠨ ᠥᠷᠲᠡᠭᠡ》 ᠵᠢᠨ ᠬᠡᠷᠡᠭ ᠵᠥᠪᠯᠡᠬᠦ᠌ ᠵᠢᠭ᠍ᠰᠠᠭᠠᠯ᠎ᠤᠨ ᠭᠠᠵᠠᠷ᠎ᠢ ᠢᠳᠡᠪᠬᠢᠲᠡᠶ ᠪᠠᠢᠭᠤᠯᠵᠤ᠂ ᠪᠤᠲᠠᠲᠠᠢ ᠤᠷᠤᠰᠢᠵᠦ ᠪᠠᠢᠭ᠎ᠠ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠬᠦ᠎ᠶᠢᠨ ᠬᠠᠮᠳᠦ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ 12 ᠠᠰᠠᠭᠤᠳᠠᠯ᠎ᠢ ᠱᠢᠶ᠋ᠳᠪᠦᠷᠢᠯᠡᠪᠡ᠃

ᠲᠠᠪᠤᠨ ᠡᠩᠨᠡᠭᠡ ᠵᠢ ᠪᠠᠢᠭᠤᠯᠵᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠠᠢᠨ ᠰᠠᠢᠬᠠᠨ ᠣᠷᠴᠢᠨ ᠲᠣᠭᠣᠷᠢᠨ᠎ᠢ ᠡᠬᠦᠳᠪᠡ
《ᠠᠨᠠᠷ᠎ᠤᠨ ᠦᠷ᠎ᠡ》 ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠠᠩᠬᠢ ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠪᠠ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶ᠋ᠢ 《ᠲᠠᠭᠠᠯᠠᠮᠵᠢᠲᠠᠢ》 ᠰᠠᠭᠤᠷᠢᠱᠢᠭᠤᠯᠵᠦ᠂ 《ᠶᠡᠬᠡ ᠪᠡᠷ ᠱᠦᠭᠦᠷᠳᠡᠨ ᠠᠷᠢᠯᠭᠠᠬᠤ》 ᠵᠢᠴᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠠᠢᠯ ᠡᠷᠦᠬᠡ᠎ᠳᠦ ᠬᠦᠷᠴᠦ᠍ ᠠᠵᠢᠯᠯᠠᠬᠤ ᠵᠡᠷᠭᠡ ᠠᠷᠭ᠎ᠠ ᠮᠠᠶᠢᠭ᠎ᠢ ᠪᠠᠢᠩᠭᠤᠵᠢᠭᠤᠯᠤᠨ ᠥᠷᠨᠢᠭᠦᠯᠵᠦ᠍᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠠᠰᠠᠷ᠎ᠤᠨ ᠳᠣᠲᠣᠨ᠎ᠠ ᠭᠠᠳᠠᠨ᠎ᠠ ᠵᠢᠴᠢ ᠨᠡᠢᠭᠡᠮ ᠲᠣᠭᠣᠷᠢᠭ᠎ᠤᠨ ᠣᠯᠠᠨ ᠨᠡᠢᠲᠡ᠎ᠶ᠋ᠢᠨ ᠣᠷᠴᠢᠨ ᠲᠣᠭᠣᠷᠢᠨ᠎ᠳᠤ ᠪᠠᠢᠩᠭᠤ᠎ᠶ᠋ᠢᠨ ᠴᠡᠪᠡᠷᠯᠡᠨ ᠠᠷᠢᠯᠭᠠᠬᠤ ᠠᠵᠢᠯᠯᠠᠭ᠎ᠠ᠎ᠶ᠋ᠢ 30 ᠤᠳᠠᠭ᠎ᠠ ᠥᠷᠨᠢᠭᠦᠯᠪᠡ;《ᠠᠨᠠᠷ᠎ᠤᠨ ᠦᠷ᠎ᠡ》 ᠠᠮᠤᠷ᠎ᠢ ᠬᠠᠮᠠᠭᠠᠯᠠᠬᠤ ᠠᠯᠪᠠᠨ ᠵᠢᠷᠤᠮ᠎ᠤᠨ ᠲᠣᠭᠣᠷᠢᠨ ᠴᠠᠭ᠍ᠳᠠᠬᠤ ᠠᠩᠭᠢ ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠪᠠ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠦᠨ ᠠᠮᠠ᠎ᠶ᠋ᠢ 《ᠰᠠᠨᠠᠭ᠎ᠠ ᠠᠮᠤᠷ》 ᠰᠠᠭᠤᠷᠢᠱᠢᠭᠤᠯᠵᠦ᠂ ᠡᠳᠦᠷ ᠪᠦᠷᠢ ᠬᠠᠮᠢᠶᠠᠷᠤᠯᠲᠠ᠎ᠶ᠋ᠢᠨ ᠬᠦᠷᠢᠶ᠎ᠡ ᠬᠡᠪᠴᠢᠶ᠎ᠡ ᠶᠣᠰᠣᠭᠠᠷ ᠠᠮᠤᠷ ᠲᠦᠪᠱᠢᠨ᠎ᠦ ᠴᠠᠬᠲᠠᠨ ᠪᠠᠢᠴᠠᠭᠠᠯᠲᠠ᠎ᠶ᠋ᠢ ᠪᠦᠬᠦ ᠲᠠᠯ᠎ᠠ ᠪᠡᠷ ᠦᠷᠨᠢᠬᠦᠯᠵᠦ᠂ ᠳᠠᠯᠳᠠ ᠭᠡᠮ᠎ᠢ ᠴᠠᠭ ᠲᠤᠬᠠᠶ᠎ᠳᠤᠨᠢ ᠣᠯᠵᠤ ᠮᠡᠳᠡᠨ᠂ ᠴᠠᠭ ᠲᠤᠬᠠᠶ᠎ᠳᠤᠨᠢ ᠳᠡᠭᠡᠭ᠌ᠰᠢ ᠮᠡᠳᠡᠭᠦᠯᠵᠦ᠍᠂ ᠴᠠᠭ ᠲᠤᠬᠠᠶ᠎ᠳᠤᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠭᠡᠮ᠎ᠦᠨ ᠠᠰᠠᠭᠤᠳᠠᠯ᠎ᠢ ᠴᠤᠬᠤᠢᠯᠳᠠ ᠵᠢᠨ ᠬᠤᠭᠤᠴᠠᠭᠠᠨ᠎ᠳᠦ᠎ᠨᠢ ᠰᠢᠢᠳᠪᠦᠷᠢᠯᠡᠬᠦ᠎ᠶ᠋ᠢ ᠦᠨᠡᠨᠬᠦ᠌ ᠪᠠᠲᠤᠯᠠᠪᠠ;《ᠠᠨᠠᠷ᠎ᠤᠨ ᠦᠷ᠎ᠡ》 ᠰᠠᠭᠤᠷᠢ ᠲᠥᠬᠥᠭᠡᠷᠦᠮᠵᠢ᠎ᠶ᠋ᠢ ᠰᠡᠯᠪᠢᠨ ᠵᠠᠰᠠᠬᠤ ᠠᠩᠬᠢ ᠨᠢ 《ᠬᠡᠰᠡᠭ ᠬᠤᠪᠢᠶᠠᠨ ᠳᠠᠭᠠᠭᠠᠴᠢᠯᠠᠬᠤ᠂ ᠬᠠᠷᠢᠯᠴᠠᠨ ᠨᠥᠬᠥᠪᠥᠷᠢᠯᠡᠬᠦ᠌》 ᠵᠠᠷᠴᠢᠮ ᠶᠣᠰᠣᠭᠠᠷ᠂ 25 ᠨᠡᠷᠡᠰ ᠰᠡᠯᠪᠢᠨ ᠵᠠᠰᠠᠬᠤ ᠰᠠᠢᠨ ᠳᠤᠷᠠᠴᠤᠳ᠎ᠢ ᠵᠣᠬᠢᠶᠠᠨ ᠪᠠᠢᠭᠤᠯᠵᠤ᠂ ᠰᠠᠭᠤᠭᠠᠯᠢ ᠠᠷᠠᠳ᠎ᠤᠨ 《ᠵᠠᠬᠢᠶᠠᠯᠠᠭ᠎ᠠ ᠵᠠᠬᠢᠶᠠᠯᠠᠬᠤ》᠂ ᠰᠡᠯᠪᠢᠨ ᠵᠠᠰᠠᠬᠤ ᠡᠩᠨᠡᠭᠡ᠎ᠶ᠋ᠢᠨ 《ᠵᠠᠬᠢᠶᠠᠯᠠᠭ᠎ᠠ ᠭᠥᠯᠢᠶᠡᠨ ᠠᠪᠬᠤ》 ᠠᠷᠭ᠎ᠠ ᠬᠡᠯᠪᠡᠷᠢ᠎ᠶᠢ ᠡᠬᠦᠳᠴᠦ᠂ ᠰᠠᠭᠤᠭᠠᠯᠢ ᠠᠷᠠᠳ᠎ᠤᠨ ᠲᠣᠭᠣᠷᠢᠭ᠎ᠤᠨ ᠴᠠᠬᠢᠯᠭᠠᠨ ᠬᠡᠯᠬᠢᠶ᠎ᠡ᠂ ᠪᠣᠬᠢᠷ ᠤᠰᠤᠨ᠎ᠤ ᠬᠣᠭᠣᠯᠠᠶ ᠵᠡᠷᠭᠡ ᠰᠠᠭᠤᠷᠢ ᠲᠦᠬᠦᠭᠡᠷᠦᠮᠵᠢ᠎ᠶ᠋ᠢ ᠰᠡᠯᠪᠢᠨ ᠵᠠᠰᠠᠬᠤ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠡᠪ᠎ᠦᠨ ᠠᠵᠢᠯᠯᠠᠭ᠎ᠠ᠎ᠨᠢ ᠪᠠᠲᠤᠯᠠᠪᠡ;《ᠠᠨᠠᠷ᠎ᠤᠨ ᠦᠷ᠎ᠡ》ᠨᠠᠮ᠎ᠤᠨ ᠭᠡᠱᠢᠭᠦᠨ ᠵᠢᠡᠷ ᠪᠦᠷᠢᠯᠳᠦᠭᠰᠡᠨ ᠰᠠᠢᠨ ᠳᠤᠷ᠎ᠠ᠎ᠶ᠋ᠢᠨ ᠬᠠᠪᠰᠤᠷᠤᠨ ᠲᠡᠳᠬᠦᠬᠦ᠌ ᠠᠩᠭᠢ ᠨᠢ 《ᠦᠲᠡᠬᠦᠰ ᠨᠢᠯᠬᠠᠰ》 ᠦ᠋ᠨ ᠠᠵᠢᠯᠯᠠᠭᠠᠨ᠎ᠤ ᠲᠠᠯᠠᠪᠤᠷ᠎ᠢ ᠪᠠᠢᠭᠤᠯᠵᠤ᠂ ᠭᠡᠷ᠎ᠲᠦᠨᠢ ᠬᠦᠷᠴᠦ᠍ ᠦᠢᠯᠡᠴᠢᠯᠡᠬᠦ᠌᠂ ᠪᠠᠶᠠᠷ ᠳᠤᠷᠠᠰᠭᠠᠯ᠎ᠤᠨ ᠡᠳᠦᠷ ᠲᠣᠬᠣᠨᠢᠭᠤᠯᠬᠤ᠂ ᠰᠦᠢᠳᠭᠡᠯ ᠬᠤᠷᠢᠶᠠᠬᠤ ᠦᠭᠡᠢ᠎ᠪᠡᠷ ᠪᠡᠶ᠎ᠡ᠎ᠶ᠋ᠢᠨ ᠪᠠᠢᠴᠠᠭᠠᠯᠲᠠ ᠬᠢᠬᠦ᠌᠂ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠢ ᠨᠢᠭᠡ ᠴᠤᠬᠴᠠᠵᠢᠭᠤᠯᠤᠬᠰᠠᠨᠠᠵᠢᠯᠯᠠᠭᠠ ᠵᠢ ᠦᠷᠨᠢᠬᠦᠯᠪᠡ; 《ᠠᠨᠠᠷ᠎ᠤᠨ ᠦᠷ᠎ᠡ》 ᠬᠠᠢᠷ᠎ᠠ᠎ᠶ᠋ᠢᠨ ᠲᠠᠭᠤᠨ᠎ᠤ ᠤᠬᠠᠭᠤᠯᠭ᠎ᠠ᠎ᠶ᠋ᠢᠨ ᠠᠩᠭᠢ ᠨᠢ ᠤᠯᠠᠮᠵᠢᠯᠠᠯᠲᠤ ᠪᠠᠶᠠᠷ ᠳᠤᠷᠠᠰᠭᠠᠯ᠎ᠤᠨ ᠠᠮᠠᠷᠠᠯᠲᠠ᠎ᠶ᠋ᠢᠨ ᠡᠳᠦᠷ ᠵᠢᠴᠢ ᠴᠢᠬᠤᠯᠠ ᠴᠠᠭ ᠦᠶ᠎ᠡ᠎ᠳᠦ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠠᠵᠢᠯᠯᠠᠭ᠎ᠠ᠎ᠵᠢ 120 ᠭᠠᠷᠤᠶ ᠤᠳᠠᠭ᠎ᠠ ᠡᠷᠭᠢᠯᠡᠵᠦ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠡᠷᠦᠬᠡ ᠨᠢᠭᠡ ᠪᠦᠷᠢ ᠬᠦᠮᠦᠨ ᠨᠢᠭᠡ ᠪᠦᠷᠢᠳᠦ ᠤᠬᠠᠭᠤᠯᠪᠠ᠃

ᠭᠤᠷᠪᠠᠨ ᠠᠷᠭ᠎ᠠ ᠵᠢ ᠬᠡᠷᠡᠭᠵᠢᠬᠦᠯᠵᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠨᠢᠬᠲᠠᠷᠠᠯ᠎ᠤᠨ ᠬᠦᠴᠦᠨ᠎ᠢ ᠪᠠᠲᠤᠯᠠᠪᠠ
ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠪᠠᠷ ᠭᠤᠤᠯ ᠪᠣᠯᠭᠠᠭ᠍ᠰᠠᠨ᠂ ᠰᠠᠭᠤᠭᠠᠯᠢ ᠠᠷᠠᠳ᠎ᠤᠨ ᠵᠥᠪᠯᠡᠯ᠎ᠢᠶᠡᠷ ᠤᠳᠤᠷᠢᠳᠤᠮᠵᠢ ᠪᠣᠯᠭᠠᠭ᠍ᠰᠠᠨ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠨᠡᠢᠭᠡᠮ ᠲᠣᠭᠣᠷᠢᠭ᠎ᠲᠤ ᠰᠠᠭᠤᠭ᠎ᠠ ᠨᠢᠭᠡᠴᠢ ᠵᠡᠷᠭᠡ ᠨᠡᠢᠭᠡᠮ᠎ᠦᠨ ᠬᠦᠴᠦᠨ ᠬᠠᠮᠲᠤ᠎ᠪᠠᠷ ᠣᠷᠣᠯᠴᠠᠭ᠍ᠰᠠᠨ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠪᠦᠲᠦᠴᠡ᠎ᠶ᠋ᠢ ᠲᠡᠭᠦᠯᠳᠡᠷᠵᠢᠭᠦᠯᠵᠦ᠍᠂ ᠠᠷᠠᠳ᠎ᠲᠤ ᠦᠶ᠋ᠯᠡᠴᠢᠯᠡᠬᠦ᠌ 22 ᠵᠦᠶ᠋ᠯᠡᠰ᠎ᠢ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠥᠷᠲᠡᠭᠡ᠎ᠳᠦ ᠨᠠᠢᠳᠠᠪᠤᠷᠢᠵᠢᠭᠤᠯᠵᠦ᠂ ᠨᠡᠢᠭᠡᠮ ᠲᠣᠭᠣᠷᠢᠭ᠎ᠤᠨ ᠣᠷᠣᠨ ᠪᠦᠰᠡᠴᠢᠯᠡᠭ᠌ᠰᠡᠨ ᠨᠠᠮ᠎ᠤᠨ ᠪᠠᠢᠭᠤᠯᠤᠯᠲᠠ᠎ᠶ᠋ᠢᠨ ᠬᠠᠮᠲᠤᠷᠠᠭ᠍ᠰᠠᠨ ᠬᠤᠷᠠᠯ᠎ᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠥᠯᠥᠭᠡᠯᠡᠬᠦ᠌ ᠬᠦᠴᠦᠨ᠎ᠲᠡᠶ᠂ ᠬᠡᠪᠴᠢᠶ᠎ᠡ᠎ᠪᠡᠷ ᠨᠡᠯᠢᠶᠡᠳ ᠶᠡᠬᠡ 10 ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠦᠷᠢᠯᠳᠦᠬᠦᠨ ᠨᠢᠭᠡᠴᠢ᠎ᠳᠦ ᠣᠷᠣᠭᠤᠯᠵᠤ᠂ ᠭᠡᠷ᠎ᠡ ᠲᠣᠭ᠍ᠲᠠᠵᠤ ᠬᠠᠮᠲᠤ᠎ᠪᠠᠷ ᠪᠠᠢᠭᠤᠯᠬᠤ᠂ ᠬᠠᠪᠰᠤᠷᠤᠯᠴᠠᠭ᠎ᠠ ᠪᠠᠢᠭᠤᠯᠵᠦ ᠬᠠᠪᠰᠤᠷᠤᠨ ᠲᠡᠳᠬᠦᠬᠦ᠌ ᠵᠡᠷᠭᠡ ᠬᠡᠯᠪᠡᠷᠢ᠎ᠪᠡᠷ ᠬᠥᠭ᠌ᠵᠢᠯᠲᠡ᠎ᠶ᠋ᠢᠨ ᠬᠠᠮᠳᠤᠷᠠᠯ ᠬᠦᠴᠦᠨ᠎ᠢ ᠡᠷᠢᠯᠬᠢᠯᠡᠪᠡ᠃ ᠡᠬᠦᠨ᠎ᠳᠤ᠂ 46 ᠵᠦᠶ᠋ᠯ᠎ᠦᠨ ᠬᠠᠩᠭᠠᠵᠤ ᠪᠣᠯᠬᠤᠢᠴᠠ ᠦᠶ᠋ᠯᠡᠴᠢᠯᠡᠭᠡ ᠪᠠ 30 ᠵᠦᠶ᠋ᠯ᠎ᠦᠨ ᠬᠠᠮᠲᠤ᠎ᠪᠠᠷ ᠡᠳ᠋ᠯᠡᠬᠦ ᠡᠬᠢ ᠪᠠᠶᠠᠯᠢᠭ᠎ᠢ ᠲᠣᠳᠣᠷᠬᠠᠢᠯᠠᠵᠤ᠂ ᠠᠷᠠᠳ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃
ᠨᠡᠢᠭᠡᠮ ᠲᠣᠭᠣᠷᠢᠭ᠂ ᠵᠡᠭᠡᠯᠢ ᠭᠤᠳᠤᠮᠵᠢ᠎ᠶ᠋ᠢᠨ ᠬᠠᠤᠯᠢ ᠴᠠᠭᠠᠵᠠ᠎ᠶ᠋ᠢᠨ ᠭᠠᠵᠠᠷ᠂ ᠱᠢᠨ᠎ᠡ ᠬᠣᠲᠠ ᠲᠣᠮᠢᠯᠠᠭ᠍ᠰᠠᠨ ᠰᠠᠯᠪᠤᠷᠢ᠂ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ ᠵᠡᠷᠭᠡ᠎ᠪᠡᠷ ᠪᠦᠷᠢᠯᠳᠦᠭ᠌ᠰᠡᠨ ᠵᠥᠷᠢᠴᠡᠯ ᠵᠠᠭᠤᠷᠠᠯᠳᠤᠭᠠᠨ᠎ᠢ ᠬᠠᠮᠲᠤᠷᠠᠨ ᠡᠶᠡᠳᠡᠭᠦᠯᠦᠨ ᠱᠢᠶ᠋ᠳᠪᠦᠷᠢᠯᠡᠬᠦ᠌ ᠲᠥᠪ᠎ᠢ ᠪᠠᠢᠭᠤᠯᠵᠤ᠂ ᠠᠷᠠᠳ᠎ᠤᠨ ᠡᠶᠡᠳᠡᠭᠦᠯᠬᠦ᠌ ᠠᠵᠢᠯ᠎ᠤᠨ ᠱᠢᠨ᠎ᠡ 《ᠬᠢᠯᠠᠰ ᠴᠡᠭ》 ᠢ᠋ ᠡᠬᠦᠳᠴᠦ᠂ 45 ᠬᠠᠤᠯᠢ ᠴᠠᠭᠠᠵᠠ᠎ᠶ᠋ᠢᠨ ᠠᠵᠢᠯᠲᠠᠨ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ᠂ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ᠂ ᠰᠠᠭᠤᠭᠠᠯᠢ ᠠᠷᠠᠳ ᠲᠡᠬᠢ ᠨᠠᠮ᠎ᠤᠨ ᠭᠡᠱᠢᠭᠦᠨ ᠵᠡᠷᠭᠡ ᠣᠷᠣᠯᠴᠠᠭ᠍ᠰᠠᠨ ᠲᠤᠰᠭᠠᠶ ᠪᠤᠶᠤ ᠲᠤᠱᠢᠶᠠᠯ ᠬᠠᠪᠰᠤᠷᠭᠠᠭ᠍ᠰᠠᠨ ᠡᠶᠡᠳᠡᠭᠦᠯᠬᠦ᠌ ᠡᠩᠨᠡᠭᠡ᠎ᠶ᠋ᠢ ᠪᠠᠢᠭᠤᠯᠵᠤ᠂ ᠠᠷᠠᠳ᠎ᠤᠨ ᠡᠶᠡᠳᠡᠭᠦᠯᠦᠨ ᠱᠢᠶ᠋ᠳᠪᠦᠷᠢᠯᠡᠬᠦ᠌ ᠵᠥᠪᠯᠡᠯᠭᠡ ᠥᠭ᠌ᠬᠦ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢ ᠪᠠᠢᠭᠤᠯᠵᠦ᠂ 21 ᠬᠤᠪᠢ ᠡᠯ᠎ᠠ ᠵᠦᠢᠯ᠎ᠤᠨ ᠵᠦᠷᠢᠴᠡᠯ ᠵᠠᠭᠤᠷᠠᠯᠳᠤᠭᠠᠨ᠎ᠢ ᠠᠮᠵᠢᠯᠲᠠ ᠲᠠᠢ ᠡᠶᠡᠳᠡᠬᠦᠯᠦᠨ ᠰᠢᠢᠳᠪᠦᠷᠢᠯᠡᠪᠡ᠃
ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠦᠨᠡᠨ ᠨᠡᠷ᠎ᠡ᠎ᠪᠡᠷ ᠳᠠᠩᠰᠠᠯᠠᠭᠤᠯᠤᠭ᠍ᠰᠠᠨ ᠠᠮᠤᠷ ᠲᠦᠪᠱᠢᠨ᠎ᠦ ᠰᠠᠢᠨ ᠳᠤᠷᠠᠴᠤᠳ᠎ᠤᠨ ᠲᠤᠭ᠎ᠠ᠎ᠵᠢ 50 ᠨᠡᠷᠡᠰ᠎ᠲᠤ ᠬᠦᠷᠭᠡᠵᠦ᠂ ᠡᠯ᠎ᠡ ᠲᠥᠷᠥᠯ᠎ᠦᠨ ᠳᠠᠯᠳᠠ ᠬᠡᠮ᠎ᠢ ᠵᠢᠯ ᠪᠦᠷᠢ ᠳᠤᠮᠳᠠᠴᠢ᠎ᠪᠠᠷ 80 ᠭᠠᠷᠤᠶ ᠢᠯᠡᠷᠡᠭᠦᠯᠵᠦ᠍ ᠱᠢᠶ᠋ᠳᠪᠦᠷᠢᠯᠡᠨ᠂ ᠬᠦᠴᠢᠷᠳᠡᠯᠲᠡᠶ ᠣᠯᠠᠨ ᠲᠦᠮᠡᠨ᠎ᠢ 2000 ᠬᠥᠮᠦᠨ ᠤᠳᠠᠭ᠎ᠠ ᠬᠠᠪᠰᠤᠷᠤᠨ ᠳᠡᠳᠬᠦᠪᠡ᠃ ᠬᠠᠷᠢᠶ᠎ᠠ ᠣᠷᠣᠨ᠎ᠤ ᠵᠢᠷᠠᠨ ᠨᠠᠰᠤᠨ᠎ᠠᠴᠠ ᠳᠡᠭᠡᠭ᠌ᠰᠢᠬᠢ 1538 ᠨᠠᠰᠤᠲᠠᠢᠴᠤᠳ᠎ᠲᠤ ᠰᠦᠢᠳᠭᠡᠯ ᠬᠤᠷᠢᠶᠠᠬᠤ ᠦᠭᠡᠢ᠎ᠪᠡᠷ ᠰᠠᠨᠠᠭᠠᠨ᠎ᠳᠤ ᠦᠭᠡᠢ ᠬᠡᠮᠳᠦᠯ᠎ᠤᠨ ᠳᠠᠭᠠᠳᠭᠠᠯ ᠬᠤᠳᠠᠯᠳᠤᠨ ᠠᠪᠴᠦ ᠦᠭᠪᠡ᠃ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠵᠦ᠍ ᠪᠠᠢᠭ᠎ᠠ ᠬᠦᠨᠳᠦ ᠵᠡᠮᠳᠡᠭᠴᠤᠳ᠎ᠤᠨ ᠬᠡᠷ ᠪᠦᠯᠢ ᠵᠡᠷᠭᠡ᠎ᠳᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠰᠦᠶ᠋ᠳᠭᠡᠯ ᠬᠤᠷᠢᠶᠠᠬᠤ ᠥᠬᠡᠶ᠎ᠪᠡᠷ ᠣᠷᠣᠯᠠᠨ ᠲᠤᠱᠢᠶᠠᠵᠦ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠢᠳᠭᠡᠯ᠎ᠤᠨ 45%ᠵᠢ ᠨᠢ ᠤᠷᠤᠯᠠᠨ ᠲᠤᠰᠢᠶᠠᠪᠠ᠃
ᠲᠠᠪᠤᠨ ᠬᠡᠯᠪᠡᠷᠢ᠎ᠳᠤ ᠲᠦᠰᠢᠭᠯᠡᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠶ᠎ᠡ ᠵᠤᠬᠢᠴᠠᠨᠭᠭᠤᠢ ᠠᠭᠤᠷ ᠠᠮᠢᠰᠬᠤᠯ᠎ᠢ ᠪᠦᠷᠢᠯᠳᠦᠭᠦᠯᠪᠡ
ᠨᠡᠢᠭᠡᠮ ᠲᠣᠭᠣᠷᠢᠭ ᠨᠢ 《ᠲᠠᠢᠯᠪᠤᠷᠢᠯᠠᠬᠤ᠂ ᠦᠨᠡᠯᠡᠬᠦ᠂ ᠬᠠᠪᠰᠤᠷᠬᠤ᠂ ᠠᠵᠢᠯᠯᠠᠭ᠎ᠠ ᠦᠷᠨᠢᠬᠦᠯᠬᠦ᠂ ᠪᠡᠯᠭᠡᠯᠡᠬᠦ》ᠲᠠᠪᠤᠨ ᠶᠡᠬᠡ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠂ 45 ᠤᠳᠠᠭ᠎ᠠ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠶᠣᠰᠣ ᠰᠤᠷᠲᠠᠬᠤᠨ᠎ᠤ ᠨᠡᠢᠲᠡᠯᠢᠭ ᠵᠢᠱ᠌ᠢᠶ᠎ᠡ᠎ᠶ᠋ᠢ ᠱᠢᠯᠭᠠᠷᠠᠭᠤᠯᠤᠨ᠂ ᠠᠷᠠᠳ᠎ᠤᠨ ᠠᠮᠢᠳᠤᠷᠠᠯ᠎ᠤᠨ 21 ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠰᠣᠶᠣᠯ ᠪᠡᠶ᠎ᠡ᠎ᠵᠢᠨ ᠲᠠᠮᠢᠷ᠎ᠤᠨ ᠠᠵᠢᠯᠯᠠᠭ᠎ᠠ ᠵᠢᠴᠢ ᠤᠯᠠᠮᠵᠢᠯᠠᠯᠲᠤ ᠪᠠᠶᠠᠷ ᠳᠤᠷᠠᠰᠭᠠᠯ᠎ᠤᠨ ᠡᠳᠦᠷ᠎ᠢ ᠪᠡᠯᠭᠡᠯᠡᠬᠦ ᠠᠵᠢᠯᠯᠠᠭ᠎ᠠ ᠡᠷᠭᠢᠯᠡᠵᠦ᠍᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠎ᠢ ᠨᠡᠮᠡᠭ᠌ᠳᠡᠭᠦᠯᠪᠡ᠃
ᠡᠢᠨᠬᠦ ᠾᠧ ᠫᠠᠨ ᠬᠤᠸᠠ ᠶᠤᠸᠠᠨ ᠨᠡᠢᠭᠡᠮ ᠲᠣᠭᠣᠷᠢᠭ᠎ᠨᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠢᠷᠠᠭᠤ ᠠᠯᠳᠠᠷ ᠵᠢᠴᠢ 《ᠲᠦᠩᠯᠢᠶᠣᠤ ᠬᠣᠲᠠ᠎ᠶ᠋ᠢᠨ ᠪᠣᠯᠪᠠᠰᠤᠨ ᠨᠡᠢᠭᠡᠮ ᠲᠣᠭᠣᠷᠢᠭ》 ᠵᠡᠷᠭᠡ 40 ᠭᠠᠷᠤᠶ ᠬᠥᠬᠢᠭᠦᠯᠦᠯ᠎ᠢ ᠭᠥᠷᠳᠡᠵᠦ ᠦᠩᠭᠡᠷᠡᠪᠡ᠃
(ᠬᠡᠷᠡᠯ ᠵᠢᠷᠤᠭ ᠤ᠋ᠳ ᠪᠤᠯ ᠰᠠᠢᠨ ᠳᠤᠷᠠᠴᠤᠳ᠎ᠤᠨ ᠦᠢᠯᠡᠴᠢᠯᠡᠬᠡ ᠦᠷᠨᠢᠬᠦᠯᠵᠦ ᠪᠠᠢᠭ᠎ᠠ ᠬᠡᠰᠡᠭ ᠦᠵᠡᠭᠳᠡᠯ ᠪᠤᠯᠤᠨ᠎ᠠ᠃ ᠬᠡᠷᠡᠯ ᠵᠢᠷᠤᠭ ᠤ᠋ᠳᠢ ᠾᠧ ᠫᠠᠨ ᠬᠤᠸᠠ ᠶᠤᠸᠠᠨ ᠨᠡᠢᠬᠡᠮ ᠲᠤᠭᠤᠷᠢᠭ ᠡᠴᠡ ᠬᠠᠩᠭᠠᠪᠠ)