ᠬᠠᠮᠲᠤ᠎ᠪᠠᠷ ᠪᠠᠢᠭᠤᠯᠤᠨ ᠬᠠᠮᠲᠤ᠎ᠪᠠᠷ ᠵᠠᠰᠠᠵᠦ ᠰᠠᠭᠤᠭᠠᠯᠢ ᠠᠷᠠᠳ᠎ᠤᠨ ᠵᠢᠷᠭᠠᠯ᠎ᠤᠨ ᠵᠠᠮ ᠢ᠋ ᠭᠡᠷᠡᠯᠲᠦᠭᠦᠯᠦᠨ᠎ᠡ
2026-05-18 09:51:55
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

《ᠣᠳᠣ᠌ ᠭᠠᠳᠠᠭ᠍ᠰᠢ ᠭᠠᠷᠴᠤ ᠤᠴᠢᠷ ᠶᠠᠪᠤᠳᠠᠯ ᠪᠦᠲᠦᠭᠡᠬᠦ᠎ᠳᠦ ᠤᠯᠠᠮ ᠡᠴᠡ ᠤᠯᠠᠮ ᠳᠥᠭᠥᠮ ᠪᠣᠯᠵᠤ᠂ ᠬᠤᠳᠠᠯᠳᠤᠭᠠᠨ᠎ᠤ ᠡᠷᠦᠬᠡ ᠬᠠᠪᠰᠤᠷᠬᠤ ᠮᠦᠷᠲᠡᠭᠡᠨ ᠨᠡᠢᠭᠡᠮ ᠲᠣᠭᠣᠷᠢᠭ᠋ ᠡᠴᠡ ᠬᠦᠴᠢᠷᠲᠡᠯ ᠢ᠋ ᠰᠢᠢᠳᠪᠦᠷᠢᠯᠡᠵᠦ᠂ ᠪᠢᠳᠡᠨ᠎ᠦ ᠠᠮᠢᠳᠤᠷᠠᠯ ᠶᠠᠪᠤᠬᠤ ᠲᠤᠲᠤᠮ ᠲᠠᠭᠠᠯᠠᠮᠵᠢᠲᠠᠢ ᠪᠣᠯᠵᠤ ᠪᠠᠢᠨ᠎ᠠ》᠃ ᠣᠢᠷ᠎ᠠ᠎ᠳᠤ᠂ ᠪᠤᠭᠤᠲᠤ ᠬᠤᠳᠠ᠎ᠶᠢᠨ ᠬᠥᠨᠳᠡᠯᠡᠨ ᠲᠣᠭᠣᠷᠢᠭ᠋᠎ᠤᠨ ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠰᠠᠭᠤᠭᠠᠯᠢ ᠠᠷᠠᠳ ᠸᠠᠩ ᠠᠨᠢᠶ᠎ᠠ᠎ᠶᠢᠨ ᠰᠡᠳᠬᠢᠯ ᠲᠤᠬᠳᠤᠯᠤᠨ ᠶᠠᠷᠢᠬᠰᠠᠨ ᠦᠭᠡ ᠨᠢ ᠲᠤᠬᠠᠢ᠎ᠶᠢᠨ ᠭᠠᠵᠠᠷ᠎ᠤᠨ ᠦᠨᠳᠦᠰᠦᠨ ᠱᠠᠲᠤᠨ᠎ᠤ ᠵᠠᠰᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠤᠨ ᠦᠷ᠎ᠡ ᠠᠰᠢᠭ᠋᠎ᠢ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ᠋ ᠦᠷᠭᠦᠯᠵᠢᠯᠡᠨ ᠨᠡᠮᠡᠭᠳᠡᠭᠦᠯᠦᠭᠰᠡᠨ ᠪᠠᠢᠳᠠᠯ᠎ᠢ ᠠᠮᠢᠳᠤᠯᠢᠭ᠋᠎ᠢᠶᠠᠷ ᠬᠠᠷᠠᠭᠤᠯᠪᠠ᠃

ᠣᠢᠷ᠎ᠠ᠎ᠶᠢᠨ ᠵᠢᠯ᠎ᠡᠴᠡ ᠨᠠᠭᠠᠰᠢ᠂ ᠪᠠᠢ ᠶᠦᠨ ᠵᠠᠮ᠎ᠤᠨ ᠵᠡᠭᠡᠯᠢ ᠭᠤᠳᠤᠮᠵᠢ ᠢ᠋ᠢᠨ ᠬᠡᠷᠡᠭ ᠡᠷᠬᠢᠯᠡᠬᠦ ᠭᠠᠵᠠᠷ᠎ᠤᠨ ᠬᠢᠨ ᠬᠠᠷᠢᠶ᠎ᠠ ᠣᠷᠣᠨ᠎ᠤ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠪᠡᠷ ᠭᠠᠷᠳᠠᠴᠠ ᠪᠣᠯᠭᠠᠵᠤ᠂ ᠤᠯᠠᠨ ᠲᠠᠯ᠎ᠠ᠎ᠶᠢᠨ ᠬᠠᠮᠲᠤ᠎ᠪᠠᠷ ᠪᠠᠶ᠋ᠢᠭᠤᠯᠬᠤ ᠬᠠᠮᠲᠤᠷᠠᠯ᠎ᠬᠦᠴᠦᠨ᠎ᠢ ᠨᠢᠭ᠍ᠲᠠᠷᠠᠭᠤᠯᠵᠤ᠂ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠰᠢᠨ᠎ᠡ ᠪᠠᠢᠷᠢᠰᠢᠯ᠎ᠢ ᠲᠦᠷᠭᠡᠨ ᠪᠠᠢᠭᠤᠯᠵᠤ᠂ ᠵᠠᠰᠠᠯᠲᠠ᠎ᠶᠢ ᠨᠡᠩ ᠬᠦᠴᠦᠲᠡᠢ᠂ ᠦᠢᠯᠡᠴᠢᠯᠡᠭᠡ᠎ᠶᠢ ᠨᠡᠩ ᠳᠤᠯᠠᠭᠠᠴᠠ ᠲᠠᠢ᠂ ᠤᠯᠠᠨ ᠲᠦᠮᠡᠨ᠎ᠢ ᠨᠡᠩ ᠰᠠᠨᠠᠭ᠎ᠠ ᠠᠮᠤᠷ ᠪᠣᠯᠭᠠᠪᠠ᠃

ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠬᠠᠷᠢᠶ᠎ᠠ ᠲᠣᠭᠣᠷᠢᠭ᠋᠎ᠤᠨ 《ᠰᠡᠳᠬᠢᠯ᠎ᠢ ᠳᠤᠯᠠᠭᠠᠴᠠᠭᠤᠯᠬᠤ ᠬᠤᠳᠠᠯᠳᠤᠭᠠᠨ᠎ᠤ ᠡᠷᠦᠬᠡ》 ᠵᠢᠨ ᠲᠡᠮᠳᠡᠭ ᠣᠨᠴᠠᠭᠠᠢ ᠢᠯᠡ ᠲᠣᠳᠣ᠌ ᠬᠠᠷᠠᠭᠳᠠᠵᠤ᠂ ᠬᠣᠭᠣᠯᠠᠨ ᠭᠡᠷ᠎ᠲᠦ ᠠᠷᠠᠳ᠎ᠲᠤ ᠲᠦᠭᠦᠮ ᠦᠵᠡᠭᠦᠯᠬᠦ ᠤᠮᠲᠠᠭᠠᠨ᠎ᠤ ᠴᠡᠭ ᠲᠤᠬᠢᠷᠠᠭᠤᠯᠵᠦ᠂ ᠡᠮ᠎ᠦᠨ ᠳᠡᠯᠭᠡᠭᠦᠷ᠎ᠲᠦ ᠰᠦᠢᠳᠬᠡᠯ ᠬᠤᠷᠢᠶᠠᠬᠤ ᠦᠭᠡᠢ᠎ᠪᠡᠷ ᠴᠢᠰᠤᠨ ᠳᠠᠷᠤᠯᠲᠠ᠎ᠶᠢ ᠬᠡᠮᠵᠢᠬᠦ ᠦᠢᠯᠡᠴᠢᠯᠡᠭᠡ ᠬᠠᠩᠭᠠᠵᠤ᠂ ᠪᠠᠩᠬᠢ᠎ᠶᠢᠨ ᠲᠣᠣᠷ ᠴᠡᠭ᠎ᠲᠦ ᠰᠦᠢᠳᠬᠡᠯ ᠬᠤᠷᠢᠶᠠᠬᠤ ᠦᠭᠡᠢ᠎ᠪᠡᠷ ᠮᠠᠲᠸᠷᠢᠶᠠᠯ ᠲᠠᠷᠤᠮᠠᠯᠯᠠᠵᠦ ᠴᠠᠬᠢᠯᠭᠠᠨ ᠴᠡᠨᠡᠭᠯᠡᠵᠦ ᠪᠤᠯᠲᠠᠭ᠃ ᠦᠨᠳᠦᠰᠦᠨ ᠱᠠᠲᠤᠨ᠎ᠤ ᠵᠠᠰᠠᠯᠲᠠ᠎ᠶᠢᠨ ᠬᠦᠴᠦᠨ ᠲᠠᠷᠠᠬᠠᠢ ᠪᠤᠲᠠᠷᠬᠠᠢ᠂ ᠦᠢᠯᠡᠴᠢᠯᠡᠭᠡ ᠬᠦᠷᠦᠯᠴᠡᠬᠦ ᠦᠭᠡᠢ ᠠᠰᠠᠭᠤᠳᠠᠯ᠎ᠳᠤ ᠴᠢᠭᠯᠡᠭᠦᠯᠦᠨ᠂ ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠬᠢᠨ ᠲᠦᠷᠦᠭᠦᠯᠡᠨ《ᠰᠡᠳᠬᠢᠯ᠎ᠢ ᠳᠤᠯᠠᠭᠠᠴᠠᠭᠤᠯᠬᠤ ᠬᠤᠳᠠᠯᠳᠤᠭᠠᠨ᠎ᠤ ᠡᠷᠦᠭᠡ》ᠢ᠋ᠢᠨ ᠫᠠᠢᠰᠠ ᠣᠯᠭᠣᠬᠤ ᠠᠵᠢᠯᠯᠠᠭ᠎ᠠ᠎ᠡᠷᠭᠢᠯᠡᠵᠦ᠂ ᠣᠯᠠᠨ ᠬᠦᠷᠢᠶ᠎ᠡ ᠴᠠᠷᠠᠭ᠎ᠠ᠎ᠶᠢ ᠬᠠᠮᠤᠷᠤᠭᠰᠠᠨ 18 ᠬᠤᠳᠠᠯᠳᠤᠭᠠᠨ᠎ᠤ ᠡᠷᠦᠬᠡ᠎ᠶᠢᠨ ᠬᠠᠮᠲᠤ᠎ᠪᠠᠷ ᠪᠠᠶ᠋ᠢᠭᠤᠯᠬᠤ ᠡᠩᠨᠡᠭᠡ᠎ᠳᠦ ᠣᠷᠣᠬᠤ᠎ᠶᠢ ᠠᠬᠢᠭᠤᠯᠵᠤ᠂《8+X》ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡᠨ᠎ᠦ ᠨᠠᠷᠢᠨ ᠲᠠᠩᠰᠠ᠎ᠶᠢ ᠲᠣᠭᠲᠠᠭᠠᠨ᠂ ᠬᠤᠳᠠᠯᠳᠤᠭᠠᠨ᠎ᠤ ᠡᠷᠦᠬᠡ᠎ᠶᠢ《ᠡᠵᠡᠩᠨᠡᠯᠲᠡ᠎ᠶᠢᠨ ᠭᠣᠣᠯ ᠴᠣᠭᠴᠠ》 ᠠ᠋ᠴᠠ 《ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠥᠷᠲᠡᠭᠡ》 ᠪᠣᠯᠭᠠᠨ ᠬᠤᠪᠢᠷᠠᠭᠤᠯᠪᠠ᠃ ᠡᠭᠦᠨ᠎ᠦ ᠬᠠᠮᠲᠤ᠂ ᠨᠠᠮ᠎ᠤᠨ ᠪᠠᠢᠭᠤᠯᠤᠯᠲᠠ᠎ᠶᠢ ᠬᠣᠯᠪᠤᠭᠠᠯᠠᠨ ᠪᠠᠶ᠋ᠢᠭᠤᠯᠬᠤ᠎ᠪᠠᠷ ᠬᠣᠯᠪᠣᠭᠠᠰᠤ ᠪᠣᠯᠭᠠᠵᠤ᠂ ᠨᠡᠢᠭᠡᠮ ᠲᠤᠭᠤᠷᠢᠭ ᠠᠵᠤ ᠠᠬᠤᠢᠯᠠᠯ᠂ ᠰᠤᠷᠭᠠᠭᠤᠯᠢ ᠨᠡᠢᠭᠡᠮ ᠲᠤᠭᠤᠷᠢᠭ᠂ ᠨᠡᠢᠭᠡᠮ ᠲᠤᠭᠤᠷᠢᠭ ᠠᠳᠠᠯ ᠠᠬᠤᠢ ᠢ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠠᠷᠢᠶ᠎ᠠ ᠣᠷᠣᠨ᠎ᠤ ᠡᠬᠢ ᠪᠠᠶᠠᠯᠢᠭ᠋᠎ᠢ ᠠᠮᠢᠳᠤᠯᠢᠭ᠍ᠵᠢᠭᠤᠯᠵᠤ᠂ ᠵᠠᠰᠠᠯᠲᠠ᠎ᠶᠢᠨ ᠪᠡᠬᠢᠯᠡᠯᠲᠡ᠎ᠶᠢ ᠡᠪᠳᠡᠵᠦ᠂ ᠵᠡᠭᠡᠯᠢ ᠭᠤᠳᠤᠮᠵᠢ᠎ᠶᠢᠨ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢᠶᠡᠷ ᠭᠣᠣᠯ ᠪᠣᠯᠭᠠᠭᠰᠠᠨ᠂ ᠤᠯᠠᠨ ᠡᠰᠢᠲᠦ ᠬᠦᠴᠦᠨ᠎ᠢᠶᠡᠷ ᠨᠥᠬᠥᠪᠦᠷᠢ ᠪᠣᠯᠭᠠᠭᠰᠠᠨ ᠵᠠᠰᠠᠯᠲᠠ᠎ᠶᠢᠨ ᠲᠣᠣᠷ᠎ᠢ ᠪᠦᠷᠢᠯᠳᠦᠭᠦᠯᠵᠦ᠂ ᠵᠠᠰᠠᠯᠲᠠ᠎ᠶᠢᠨ ᠬᠦᠴᠦᠨ᠎ᠢ ᠪᠦᠬᠦ ᠬᠦᠷᠢᠶ᠎ᠡ ᠴᠠᠷᠠᠭ᠎ᠠ ᠬᠦᠷᠲᠡᠯ᠎ᠡ ᠥᠷᠭᠡᠳᠬᠡᠪᠡ᠃

ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠬᠢᠨ ᠢᠮᠠᠭᠲᠠ ᠤᠯᠠᠨ ᠲᠦᠮᠡᠨ᠎ᠦ ᠬᠡᠷᠡᠭᠴᠡᠭᠡ᠎ᠪᠡᠷ ᠤᠳᠤᠷᠢᠳᠤᠮᠵᠢ ᠪᠣᠯᠭᠠᠵᠤ᠂ ᠦᠢᠯᠡᠴᠢᠯᠡᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠪᠠ᠃ ᠨᠢᠭᠡᠳᠦᠭᠡᠷ ᠨᠡᠢᠭᠡᠮ ᠲᠣᠭᠣᠷᠢᠭ᠋ ᠨᠢ ᠮᠸᠩ ᠱᠠᠩ ᠪᠠᠩᠬᠢ᠎ᠲᠠᠢ ᠭᠠᠷ ᠬᠣᠯᠪᠣᠨ ᠵᠢᠵᠢᠭ ᠪᠢᠴᠢᠯ ᠣᠷᠣᠨ ᠵᠠᠢ᠎ᠶᠢ ᠪᠠᠢᠭᠤᠯᠵᠤ᠂ ᠨᠡᠷᠡᠨ ᠡᠨᠧᠷᠭᠢ᠎ᠶᠢᠨ ᠵᠠᠮ᠎ᠤᠨ ᠳ᠋ᠧᠩ ᠤᠭᠰᠠᠷᠠᠵᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠨᠡᠮᠡᠵᠦ᠂ ᠲᠦᠮᠡ ᠰᠢᠬᠠᠮ ᠰᠠᠭᠤᠭᠠᠯᠢ ᠠᠷᠠᠳ᠎ᠲᠤ ᠠᠰᠢᠭ᠋ ᠬᠦᠷᠲᠡᠭᠡᠪᠡ; ᠬᠣᠶᠠᠳᠤᠭᠠᠷ ᠨᠡᠢᠭᠡᠮ ᠲᠣᠭᠣᠷᠢᠭ᠋ ᠨᠢ ᠱᠤᠤ ᠰᠢᠶᠠᠨ ᠵᠠᠮ᠎ᠤᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠎ᠲᠠᠢ ᠬᠠᠮᠲᠤ ᠪᠠᠷ ᠬᠥᠮᠥᠨ᠎ᠢ ᠬᠥᠮᠥᠵᠢᠭᠦᠯᠬᠦ ᠦᠢᠯᠡᠳᠦᠯᠭᠡ᠎ᠶᠢᠨ ᠰᠠᠭᠤᠷᠢᠨ᠎ᠢ ᠪᠠᠢᠭᠤᠯᠵᠤ᠂ ᠬᠠᠮᠲᠤ ᠪᠠᠷ ᠬᠥᠮᠥᠵᠢᠭᠦᠯᠬᠦ ᠬᠢᠴᠢᠶᠡᠯ᠎ᠦᠨ ᠲᠠᠩᠬᠢᠮ᠎ᠢ ᠪᠠᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠪᠡ; ᠭᠤᠷᠪᠠᠳᠤᠭᠠᠷ ᠨᠡᠢᠭᠡᠮ ᠲᠣᠭᠣᠷᠢᠭ᠋ ᠨᠢ ᠠᠳᠠᠯ ᠠᠬᠤᠢ᠎ᠲᠠᠢ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠵᠤ᠂ ᠰᠠᠭᠤᠭᠠᠯᠢ ᠠᠷᠠᠳ᠎ᠤᠨ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠣᠨᠣᠪᠴᠢᠲᠠᠶ ᠰᠢᠢᠳᠪᠦᠷᠢᠯᠡᠵᠦ᠂ ᠪᠣᠳᠠᠲᠠᠢ ᠠᠵᠢᠯᠯᠠᠭ᠎ᠠ᠎ᠪᠠᠷ᠎ᠢᠶᠠᠨ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠪᠡ᠃

《ᠰᠠᠭᠤᠭᠠᠯᠢ ᠠᠷᠠᠳ᠎ᠤᠨ ᠲᠣᠭᠣᠷᠢᠭ᠋᠎ᠤᠨ ᠲᠡᠷᠭᠡᠨ ᠵᠣᠭᠰᠣᠭᠠᠯ ᠪᠠᠴᠢᠮ ᠪᠠᠢᠭ᠎ᠠ ᠪᠣᠯᠬᠣᠷ ᠠᠷᠭ᠎ᠠ ᠪᠤᠳᠤᠵᠤ ᠪᠠᠢᠭᠠᠳ ᠵᠢᠭᠠᠬᠠᠨ ᠨᠡᠮᠡᠵᠦ ᠪᠠᠢᠭᠤᠯᠵᠤ ᠪᠣᠯᠣᠨ᠎ᠠ ᠦᠦ?》᠂ 《ᠠᠰᠠᠷ᠎ᠤᠨ ᠭᠤᠲᠤᠮᠵᠢ᠎ᠳᠤ ᠡᠯᠳᠡᠪ ᠶᠠᠭᠤᠮ᠎ᠠ ᠣᠪᠣᠭᠠᠷᠠᠭᠠᠳ ᠤᠷᠤᠵᠦ ᠭᠠᠷᠬᠤ ᠵᠢ ᠨᠥᠯᠥᠭᠡᠯᠡᠵᠦ ᠪᠠᠢᠬᠤ ᠪᠥᠭᠡᠳ ᠪᠠᠰᠠ ᠠᠮᠤᠷ ᠲᠦᠪᠰᠢᠨ᠎ᠦ ᠳᠠᠯᠳᠠ ᠭᠡᠮ ᠣᠷᠣᠰᠢᠵᠤ ᠪᠠᠢᠨ᠎ᠠ᠂ ᠡᠭᠦᠨ  ᠢ᠋ ᠲᠦᠷᠭᠡᠬᠡᠨ ᠴᠡᠪᠡᠷᠯᠡᠬᠦ  ᠶ᠋ᠢ ᠬᠦᠰᠡᠵᠦ ᠪᠠᠢᠨ᠎ᠠ》᠃ ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠵᠥᠪᠯᠡᠯᠭᠡᠨ᠎ᠦ ᠬᠤᠷᠠᠯ ᠳᠡᠭᠡᠷ᠎ᠡ᠂ ᠰᠠᠭᠤᠭᠠᠯᠢ ᠠᠷᠠᠳ᠎ᠤᠨ ᠲᠥᠯᠥᠭᠡᠯᠡᠭᠴᠢ᠂ ᠬᠤᠳᠠᠯᠳᠤᠭᠠᠨ᠎ᠤ ᠡᠷᠦᠬᠡ᠎ᠶᠢᠨ ᠲᠥᠯᠥᠭᠡᠯᠡᠭᠴᠢ᠂ ᠬᠠᠷᠢᠶ᠎ᠠ ᠣᠷᠣᠨ᠎ᠤ ᠨᠢᠭᠡᠴᠢ᠎ᠶᠢᠨ ᠲᠥᠯᠥᠭᠡᠯᠡᠭᠴᠢ ᠬᠠᠷᠢᠶ᠎ᠠ ᠣᠷᠣᠨ᠎ᠤ ᠬᠥᠭᠵᠢᠯᠲᠡ᠎ᠶᠢᠨ ᠬᠦᠴᠢᠷ ᠠᠰᠠᠭᠤᠳᠠᠯ᠎ᠢ ᠬᠠᠮᠲᠤ ᠪᠠᠷ ᠵᠥᠪᠲᠡᠯᠴᠡᠵᠦ᠂ ᠰᠢᠢᠳᠪᠦᠷᠢᠯᠡᠬᠦ ᠴᠠᠭ᠎ᠤᠨ ᠬᠢᠵᠠᠭᠠᠷ ᠪᠣᠯᠣᠨ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠤᠯᠠᠨ ᠲᠦᠮᠡᠨ᠎ᠢ 《ᠲᠦᠪᠡᠭᠳᠡᠬᠦᠯᠵᠦ ᠪᠠᠢᠭ᠎ᠠ ᠶᠠᠪᠤᠳᠠᠯ》 ᠢ᠋ ᠮᠠᠰᠢ ᠲᠦᠷᠭᠡᠨ᠎ᠢᠶᠡᠷ ᠨᠠᠢᠳᠠᠪᠤᠷᠢᠵᠢᠭᠤᠯᠵᠠᠢ᠃ ᠡᠭᠦᠨ᠎ᠡᠴᠡ ᠭᠠᠳᠠᠨ᠎ᠠ᠂ ᠵᠡᠭᠡᠯᠢ ᠭᠤᠳᠤᠮᠵᠢ᠎ᠶᠢᠨ ᠬᠢᠨ ᠤᠯᠠᠨ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠰᠠᠨᠠᠯ᠎ᠬᠤᠷᠢᠶᠠᠬᠤ ᠬᠠᠢᠷᠴᠠᠭ᠂ ᠡᠷᠤᠭᠡ᠎ᠳᠦ ᠬᠦᠷᠴᠦ ᠰᠤᠷᠪᠤᠯᠵᠢᠯᠠᠬᠤ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠠᠷᠠᠳ᠎ᠤᠨ ᠰᠠᠨᠠᠯ ᠢ᠋ ᠴᠤᠭᠯᠠᠭᠤᠯᠵᠤ᠂ ᠠᠰᠠᠭᠤᠳᠠᠯ᠎ᠢ ᠬᠠᠮᠲᠤ ᠪᠠᠷ ᠵᠥᠪᠯᠡᠬᠦ᠂ ᠬᠦᠴᠢᠷ ᠠᠰᠠᠭᠤᠳᠠᠯ᠎ᠢ ᠬᠠᠮᠲᠤ ᠪᠠᠷ ᠰᠢᠢᠳᠪᠦᠷᠢᠯᠡᠬᠦ ᠰᠠᠢᠨ ᠰᠠᠢᠬᠠᠨ ᠠᠵᠢᠯ᠎ᠤᠨ ᠪᠠᠢᠷᠢᠰᠢᠯ᠎ᠢ ᠪᠦᠷᠢᠯᠳᠦᠭᠦᠯᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠵᠡᠢ᠃

ᠬᠤᠳᠠᠯᠳᠤᠭᠠᠨ᠎ᠤ ᠡᠷᠦᠬᠡ ᠬᠣᠯᠪᠤᠭᠠᠯᠠᠨ ᠬᠥᠳᠡᠯᠦᠯᠴᠡᠬᠦ᠎ᠡᠴᠡ ᠨᠡᠢᠭᠡᠮ ᠲᠤᠭᠤᠷᠢᠭ ᠠᠵᠤ ᠠᠬᠤᠢᠯᠠᠯ ᠬᠠᠮᠲᠤ ᠪᠠᠷ ᠪᠠᠶ᠋ᠢᠭᠤᠯᠬᠤ ᠬᠦᠷᠲᠡᠯ᠎ᠡ᠂ ᠠᠷᠠᠳ᠎ᠤᠨ ᠰᠠᠨᠠᠯ ᠢ᠋ ᠴᠤᠭᠯᠠᠭᠤᠯᠬᠤ᠎ᠠᠴᠠ ᠬᠦᠴᠢᠷ ᠠᠰᠠᠭᠤᠳᠠᠯ᠎ᠢ ᠰᠢᠢᠳᠪᠦᠷᠢᠯᠡᠬᠦ ᠬᠦᠷᠲᠡᠯ᠎ᠡ᠂ ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠬᠢᠨ ᠨᠠᠮ᠎ᠤᠨ ᠪᠠᠢᠭᠤᠯᠤᠯᠲᠠ᠎ᠪᠠᠷ ᠵᠢᠯᠣᠭᠣᠳᠤᠯᠭ᠎ᠠ ᠪᠣᠯᠭᠠᠵᠤ᠂ ᠠᠷᠠᠳ᠎ᠤᠨ ᠠᠮᠢᠳᠤᠷᠠᠯ᠎ᠢᠶᠠᠷ ᠤᠳᠤᠷᠢᠳᠤᠮᠵᠢ ᠪᠣᠯᠭᠠᠵᠤ᠂ ᠤᠯᠠᠨ ᠡᠰᠢᠲᠦ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠡᠷᠴᠢᠮ᠎ᠢ ᠤᠯᠠᠮ ᠴᠢᠩᠭᠠᠷᠠᠭᠤᠯᠵᠤ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠵᠡᠢ᠃《ᠪᠢᠳᠡ ᠨᠠᠮ᠎ᠤᠨ ᠪᠠᠢᠭᠤᠯᠤᠯᠲᠠ᠎ᠶᠢᠨ ᠬᠣᠯᠪᠤᠭᠠᠯᠠᠨ ᠪᠠᠶ᠋ᠢᠭᠤᠯᠬᠤ ᠭᠦᠨᠴᠡ᠎ᠶᠢ ᠦᠷᠭᠦᠯᠵᠢᠯᠡᠨ ᠥᠷᠭᠡᠳᠬᠡᠵᠦ᠂ ᠣᠯᠠᠨ ᠡᠰᠢᠲᠦ ᠪᠡᠶᠡᠴᠢ ᠴᠣᠭᠴᠠ᠎ᠶᠢᠨ ᠣᠷᠣᠯᠴᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠴᠤᠭᠯᠠᠭᠤᠯᠤᠭᠰᠠᠨ ᠠᠷᠠᠳ᠎ᠤᠨ ᠰᠠᠨᠠᠯ ᠢ᠋ ᠪᠣᠳᠠᠲᠠᠢ᠎ᠳᠤ ᠨᠠᠢᠳᠠᠪᠤᠷᠢᠵᠢᠭᠤᠯᠵᠤ᠂ ᠦᠢᠯᠡᠴᠢᠯᠡᠭᠡᠨ᠎ᠦ ᠬᠠᠩᠭᠠᠯᠭ᠎ᠠ᠎ᠶᠢ ᠨᠠᠩ ᠨᠠᠷᠢᠯᠢᠭ᠋ ᠣᠨᠣᠴᠠᠲᠠᠢ ᠪᠣᠯᠭᠠᠵᠤ᠂ ᠵᠠᠰᠠᠯᠲᠠ᠎ᠶᠢᠨ ᠠᠵᠢᠯᠯᠠᠭᠠᠨ᠎ᠢ ᠨᠠᠩ ᠥᠨᠳᠥᠷ ᠪᠦᠲᠦᠮᠵᠢᠲᠡᠶ ᠪᠣᠯᠭᠠᠨ᠎ᠠ》 ᠭᠡᠵᠦ ᠪᠠᠢ ᠶᠦᠨ ᠵᠠᠮ᠎ᠤᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ᠎ᠶᠢᠨ ᠱᠦᠵᠢ ᠸᠠᠩ ᠵᠢᠶᠠ ᠢᠦᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号