ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮᠡᠴᠡ ᠣᠢᠯᠠᠭᠠᠭ᠍ᠰᠠᠨ ᠢ᠋ᠢᠡᠷ᠂ ᠣᠳᠣᠬᠠᠨᠳᠤ ᠥᠯᠵᠡᠢᠮᠥ᠋ᠷᠡᠨ ᠭᠤᠤᠯ ᠤ᠋ᠨ ᠤᠰᠤᠨ ᠤ᠋ ᠴᠢᠨᠠᠷ ᠮᠠᠭᠤ V ᠲᠥᠷᠥᠯᠡᠴᠡ ᠰᠡᠷᠭᠦᠨ IV ᠲᠥᠷᠥᠯᠦᠨ ᠪᠠᠷᠢᠮᠵᠢᠶᠠᠳᠤ ᠬᠦᠷᠴᠤ᠂ ᠰᠠᠪᠠ ᠭᠠᠵᠠᠷ ᠤ᠋ᠨ ᠪᠣᠬᠢᠷ ᠤᠰᠤ ᠢ᠋ᠢ ᠴᠡᠪᠡᠷᠱᠢᠭᠦᠯᠬᠦ᠌ ᠴᠢᠳᠠᠪᠤᠷᠢ ᠪᠠ ᠠᠮᠢ ᠠᠬᠤᠶ ᠢ᠋ᠢᠨ ᠱᠢᠰᠲ᠋ᠧᠮᠦᠨ ᠡᠷᠡᠭᠦᠯ ᠮᠡᠨᠳᠦ᠍ ᠢ᠋ᠢᠨ ᠪᠠᠢᠳᠠᠯ ᠢᠯᠡᠳᠲᠡ ᠰᠠᠢᠵᠢᠷᠠᠪᠠ᠃
ᠥᠯᠵᠡᠢᠮᠥ᠋ᠷᠡᠨ ᠭᠤᠤᠯ ᠤᠯᠠᠭᠠᠨᠬᠠᠳᠠ ᠬᠣᠲᠠ ᠢ᠋ᠢᠨ ᠪᠠᠭᠠᠷᠢᠨ ᠵᠡᠭᠦᠨ ᠬᠣᠱᠢᠭᠤ ᠪᠣᠯᠤᠨ ᠠᠷᠤ ᠬᠣᠷᠴᠢᠨ ᠬᠣᠱᠢᠭᠤ ᠡᠴᠡ ᠡᠬᠢ ᠠᠪᠴᠤ᠌᠂ ᠣᠯᠠᠨ ᠭᠠᠵᠠᠷ ᠢ᠋ᠢᠡᠷ ᠤᠷᠤᠰᠤᠨ ᠥᠩᠭᠡᠷᠡᠵᠦ᠍᠂ ᠲᠦᠩᠯᠢᠶᠣᠤ ᠬᠣᠲᠠ ᠢ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠬᠢᠯᠢ ᠳ᠋ᠤ ᠤᠷᠤᠰᠤᠨ ᠣᠷᠣᠳᠠᠭ᠃ 2025 ᠣᠨ ᠡᠴᠡ ᠨᠠᠭᠠᠰᠢ ᠥᠪᠥᠷ ᠮᠣᠩᠭᠣᠯ ᠱᠢᠰᠲ᠋ᠧᠮᠲᠡᠶ ᠵᠠᠰᠠᠬᠤ ᠬᠠᠮ ᠠᠷᠭ᠎ᠠ ᠬᠡᠮᠵᠢᠶ᠎ᠡ ᠭᠠᠷᠭᠠᠵᠤ᠂ ᠭᠣᠣᠯ ᠮᠥᠷᠡᠨ ᠨᠠᠭᠤᠷ ᠴᠥᠭᠥᠷᠥᠮᠦᠨ ᠳᠠᠷᠤᠭ᠎ᠠ ᠢ᠋ᠢᠨ ᠳᠦᠷᠢᠮ ᠢ᠋ ᠪᠦᠬᠦ᠌ ᠲᠠᠯ᠎ᠠ ᠪᠡᠷ ᠬᠡᠷᠡᠭ᠌ᠵᠢᠭᠦᠯᠵᠤ᠂ ᠪᠠᠢᠩᠭᠤᠵᠢᠭ᠍ᠰᠠᠨ ᠲᠣᠭᠣᠷᠢᠨ ᠪᠠᠢᠴᠠᠭᠠᠬᠤ ᠲᠣᠭ᠍ᠲᠠᠴᠠ ᠢ᠋ᠢ ᠨᠠᠢᠳᠠᠪᠤᠷᠢᠵᠢᠭᠤᠯᠵᠤ᠂ ᠡᠯ᠎ᠡ ᠱᠠᠲᠤᠨ ᠤ᠋ ᠭᠤᠤᠯ ᠮᠥᠷᠡᠨᠦ ᠳᠠᠷᠤᠭ᠎ᠠ ᠨᠡᠢᠲᠡ ᠮᠢᠩᠭ᠎ᠠ ᠭᠠᠷᠤᠶ ᠤᠳᠠᠭ᠎ᠠ ᠲᠣᠭᠣᠷᠢᠨ ᠪᠠᠢᠴᠠᠭᠠᠵᠤ᠂ 《ᠰᠠᠪᠠ ᠭᠠᠵᠠᠷ ᠢ᠋ ᠴᠡᠪᠡᠷᠯᠡᠬᠦ᠌ ᠠᠵᠢᠯᠯᠠᠭ᠎ᠠ》 ᠶ᠋ᠢ ᠭᠦᠨᠵᠡᠭᠡᠢᠷᠡᠭᠦᠯᠵᠦ᠍᠂ ᠲᠣᠭ᠍ᠲᠠᠭᠠᠯ ᠡᠴᠡ ᠵᠥᠷᠢᠴᠡᠨ ᠳᠠᠷᠢᠬᠤ ᠠᠵᠢᠯᠯᠠᠭ᠎ᠠ ᠢ᠋ᠢ ᠡᠷᠡᠰ ᠬᠣᠷᠢᠭ᠍ᠯᠠᠭ᠍ᠰᠠᠨ ᠪᠥᠭᠡᠳ ᠭᠤᠤᠯ ᠤ᠋ᠨ ᠭᠤᠯᠳᠤᠷᠢᠯ᠂ ᠳᠠᠯᠠᠩ ᠤ᠋ᠨ ᠬᠣᠶᠠᠷ ᠲᠠᠯ᠎ᠠ ᠢ᠋ᠢᠨ ᠬᠣᠭ ᠨᠣᠪᠰᠢ᠂ ᠠᠮᠢᠳᠤᠷᠠᠯ ᠤ᠋ᠨ ᠬᠣᠭ ᠨᠣᠪᠰᠢ ᠢ᠋ᠢ ᠴᠡᠪᠡᠷᠯᠡᠨ ᠠᠷᠢᠯᠭᠠᠵᠠᠢ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠠᠷᠭ᠎ᠠ ᠪᠠᠷᠢᠯ ᠢ᠋ ᠭᠦᠶ᠋ᠴᠡᠳ ᠬᠡᠷᠡᠭ᠌ᠯᠡᠨ᠂ ᠥᠯᠵᠡᠢᠮᠥ᠋ᠷᠡᠨ ᠭᠤᠤᠯ ᠢ᠋ ᠪᠥᠬᠥ᠌ ᠲᠠᠯ᠎ᠠ ᠪᠡᠷ ᠲᠣᠭᠣᠷᠢᠨ ᠪᠠᠢᠴᠠᠭᠠᠵᠤ᠂ ᠭᠤᠤᠯ ᠤ᠋ᠨ ᠭᠤᠯᠳᠤᠷᠢᠯ ᠢ᠋ ᠬᠠᠤᠯᠢ ᠡᠴᠡ ᠵᠥᠷᠢᠴᠡᠨ ᠡᠵᠡᠯᠡᠭ᠌ᠰᠡᠨ᠂ ᠳᠤᠷ᠎ᠠ ᠪᠡᠷ ᠢ᠋ᠢᠡᠨ ᠪᠠᠷᠢᠯᠭ᠎ᠠ ᠪᠠᠷᠢᠭ᠍ᠰᠠᠨ ᠵᠡᠷᠭᠡ ᠤᠰᠤᠨ ᠤ᠋ ᠠᠮᠢ ᠠᠬᠤᠶ ᠢ᠋ᠢ ᠡᠪᠳᠡᠭ᠌ᠰᠡᠨ ᠦᠶ᠋ᠯᠡ ᠠᠵᠢᠯᠯᠠᠭᠠᠳᠤ ᠨᠡᠢᠲᠡ ᠢ᠋ᠢᠨ ᠠᠰᠠᠷᠠᠮᠵᠢ ᠢ᠋ᠢᠨ ᠵᠠᠷᠭᠤ ᠢ᠋ᠢᠨ ᠵᠢᠷᠤᠮ ᠢ᠋ ᠡᠬᠢᠯᠡᠭᠦᠯᠪᠡ᠃ ᠪᠠᠰᠠ᠂ ᠥᠯᠵᠡᠢᠮᠥ᠋ᠷᠡᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠱᠢᠰᠲ᠋ᠧᠮ ᠢ᠋ ᠶᠡᠷᠦᠩᠬᠡᠢᠯᠡᠨ ᠴᠡᠭ᠌ᠴᠡᠯᠡᠨ ᠵᠠᠰᠠᠬᠤ ᠲᠥᠷᠥᠯ ᠵᠦᠶ᠋ᠯ ᠢ᠋ ᠡᠬᠢᠯᠡᠭᠦᠯᠵᠤ᠂ ᠨᠤᠭᠤ ᠭᠠᠵᠠᠷ ᠤ᠋ᠨ ᠤᠰᠤᠨ ᠤ᠋ ᠴᠢᠨᠠᠷ ᠢ᠋ ᠦᠷᠭᠦᠯᠵᠢᠯᠡᠨ ᠰᠠᠢᠵᠢᠷᠠᠭᠤᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号