ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠲᠦᠷᠦᠬᠦᠬᠡᠨ ᠱᠢᠩᠭᠠᠫᠣᠷ ᠲᠦ᠍ ᠰᠠᠭᠤᠭ᠎ᠠ ᠳᠤᠮᠳᠠᠳᠤ ᠤᠯᠤᠰ ᠤ᠋ᠨ ᠵᠢᠭᠤᠯᠴᠢᠯᠠᠯ ᠤ᠋ᠨ ᠬᠡᠷᠡᠭ ᠡᠷᠬᠢᠯᠡᠬᠦ᠌ ᠭᠠᠵᠠᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠳᠤᠮᠳᠠᠳᠤ ᠭᠠᠳᠠᠭᠠᠳᠤ ᠶ᠋ᠢᠨ ᠰᠣᠶᠣᠯ ᠪᠠ ᠵᠢᠭᠤᠯᠴᠢᠯᠠᠯ ᠤ᠋ᠨ ᠰᠣᠯᠢᠯᠴᠠᠭᠠᠨ ᠤ᠋ ᠲᠥᠪ ᠡᠴᠡ ᠬᠠᠮᠲᠤᠷᠠᠨ ᠡᠷᠭᠢᠯᠡᠭ᠌ᠰᠡᠨ 《 ᠰᠠᠢᠨ ᠦᠦ! ᠳᠤᠮᠳᠠᠳᠤ ᠤᠯᠤᠰ 》 — 《ᠠᠶᠠᠯᠭᠤᠳᠤ ᠵᠢᠭᠤᠯᠴᠢᠯᠠᠯ ᠥᠪᠥᠷ ᠮᠣᠩᠭᠣᠯ 》 ᠤ᠋ᠨ ᠰᠣᠶᠣᠯ ᠵᠢᠭᠤᠯᠴᠢᠯᠠᠯ ᠢ᠋ ᠤᠬᠠᠭᠤᠯᠤᠨ ᠳᠡᠯᠭᠡᠷᠡᠭᠦᠯᠬᠦ᠌ ᠠᠵᠢᠯᠯᠠᠭ᠎ᠠ ᠱᠢᠩᠭᠠᠫᠣᠷ ᠲᠦ᠍ ᠶᠠᠪᠤᠭ᠍ᠳᠠᠪᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠱᠢᠩᠭᠠᠫᠣᠷ ᠲᠡᠬᠢ 2026 ᠣᠨ ᠤ᠋ ᠳᠤᠮᠳᠠᠳᠤ ᠤᠯᠤᠰ ᠤ᠋ᠨ ᠵᠢᠭᠤᠯᠴᠢᠯᠠᠯ ᠤ᠋ᠨ ᠦᠵᠡᠰᠭᠦᠯᠡᠩ ᠤ᠋ᠨ ᠭᠣᠣᠯ ᠵᠣᠴᠢᠨ ᠮᠤᠵᠢ ᠪᠣᠯᠤᠭ᠍ᠰᠠᠨ ᠤ᠋ ᠬᠤᠪᠢ ᠳ᠋ᠦ᠂ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠲᠠᠨᠢᠯᠴᠠᠭᠤᠯᠭ᠎ᠠ᠂ ᠤᠨᠴᠠᠯᠢᠬ᠍ᠳᠤ ᠤᠷᠠᠨ ᠰᠠᠢᠬᠠᠨ ᠤ᠋ ᠲᠣᠭ᠍ᠯᠠᠯᠲᠠ ᠪᠣᠯᠤᠨ ᠶᠠᠷᠢᠯᠴᠠᠭ᠎ᠠ ᠰᠣᠯᠢᠯᠴᠠᠭ᠎ᠠ ᠵᠡᠷᠭᠡ ᠬᠡᠯᠪᠡᠷᠢ ᠪᠡᠷ ᠱᠢᠩᠭᠠᠫᠣᠷ ᠤ᠋ᠨ ᠵᠢᠭᠤᠯᠴᠢᠯᠠᠯ ᠤ᠋ᠨ ᠦᠢᠯᠡᠰ ᠤ᠋ᠨ ᠡᠲᠡᠭᠡᠳ ᠵᠢᠴᠢ ᠠᠷᠠᠳ ᠤᠯᠠᠨ ᠳ᠋ᠦ ᠦᠪᠤᠷ ᠮᠤᠩᠭᠤᠯ ᠤ᠋ᠨ ᠰᠦᠷᠯᠢᠭ ᠰᠠᠢᠬᠠᠨ ᠪᠠᠢᠭᠠᠯᠢ ᠶ᠋ᠢᠨ ᠦᠵᠡᠮᠵᠢ ᠪᠣᠯᠤᠨ ᠥᠪᠡᠷᠮᠢᠴᠡ ᠵᠠᠩ ᠦᠢᠯᠡ ᠵᠢ ᠪᠦᠬᠦ᠌ ᠲᠠᠯ᠎ᠠ ᠪᠠᠷ ᠳᠡᠯᠭᠡᠨ ᠦᠵᠡᠭᠦᠯᠵᠡᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠵᠢᠴᠢ ᠰᠣᠶᠣᠯ ᠵᠢᠭᠤᠯᠴᠢᠯᠠᠯ ᠤ᠋ᠨ ᠠᠵᠤ ᠠᠬᠤᠢᠯᠠᠯ ᠤ᠋ᠨ ᠲᠥᠯᠥᠭᠡᠯᠡᠭ᠌ᠴᠢᠳ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ᠂ ᠬᠢᠯᠢ ᠠᠯᠤᠰᠯᠠᠭ᠍ᠰᠠᠨ ᠵᠢᠭᠤᠯᠴᠢᠯᠠᠯ᠂ ᠡᠯᠡᠰᠦᠨ ᠴᠥᠯ ᠳ᠋ᠡᠬᠢ ᠠᠮᠠᠷᠠᠯᠲᠠ᠂ ᠲᠠᠯ᠎ᠠ ᠨᠤᠲᠤᠭ ᠤ᠋ᠨ ᠪᠡᠶᠡᠴᠢ ᠤᠢᠯᠠᠭᠠᠯᠳᠠ ᠶ᠋ᠢᠨ ᠵᠢᠭᠤᠯᠴᠢᠯᠠᠯ ᠵᠡᠷᠭᠡ ᠤᠯᠠᠨ ᠳᠠᠯ᠎ᠠ ᠶ᠋ᠢᠨ ᠵᠢᠭᠤᠯᠴᠢᠯᠠᠯ ᠤ᠋ᠨ ᠪᠦᠲᠦᠭᠡᠭ᠌ᠳᠡᠬᠦᠨ ᠢ᠋ ᠳᠠᠨᠢᠯᠴᠠᠭᠤᠯᠵᠦ᠂ ᠳᠤᠮᠳᠠᠳᠤ ᠱᠢᠩᠭᠠᠫᠣᠷ ᠤ᠋ᠨ ᠵᠢᠭᠤᠯᠴᠢᠯᠠᠯ ᠤ᠋ᠨ ᠠᠵᠤ ᠠᠬᠤᠢᠯᠠᠯ ᠵᠢᠭᠤᠯᠴᠢᠯᠠᠭᠰᠠᠳ ᠢ᠋ ᠬᠠᠷᠢᠯᠴᠠᠨ ᠬᠦᠷᠭᠡᠬᠦ᠌ ᠤᠯᠠᠨ ᠵᠦᠢᠯ ᠤ᠋ᠨ ᠵᠥᠪᠯᠡᠯᠴᠡᠭᠡᠷ ᠲᠤᠬᠢᠷᠠᠯᠴᠠᠪᠠ᠃ ᠲᠣᠰ ᠠᠵᠢᠯᠯᠠᠭ᠎ᠠ ᠳ᠋ᠤ ᠰᠣᠶᠣᠯ ᠢᠷᠭᠡᠨᠱᠢᠯ ᠤ᠋ᠨ ᠰᠣᠯᠢᠯᠴᠠᠭ᠎ᠠ ᠪᠠᠷ ᠬᠣᠯᠪᠣᠭᠠᠰᠤ ᠪᠣᠯᠭᠠᠨ᠂ 《ᠲᠠᠨᠢᠯᠴᠠᠭᠤᠯᠬᠤ + ᠲᠣᠭ᠍ᠯᠠᠬᠤ + ᠦᠶ᠋ᠯᠡᠳᠦᠯᠴᠡᠬᠦ᠌ 》 ᠬᠡᠯᠪᠡᠷᠢ ᠪᠡᠷ ᠱᠢᠩᠭᠠᠫᠣᠷ ᠤ᠋ᠨ ᠠᠷᠠᠳ ᠣᠯᠠᠨ ᠳ᠋ᠦ 《ᠨᠣᠮᠢᠨ ᠨᠣᠭᠣᠭᠠᠨ ᠂ ᠪᠢᠡᠳᠤᠷᠶᠠᠨ ᠴᠡᠩᠬᠡᠷ᠂ ᠠᠷᠢᠭᠤᠨ ᠴᠡᠪᠡᠷ 》 ᠥᠪᠥᠷ ᠮᠣᠩᠭᠣᠯ ᠤ᠋ᠨ ᠷᠢᠳᠢ ᠱᠢᠳᠢ ᠵᠢ ᠮᠡᠳᠡᠷᠡᠬᠦᠯᠵᠦ ᠂ 《ᠠᠶᠠᠯᠭᠤᠳᠦ ᠵᠢᠭᠤᠯᠴᠢᠯᠠᠯ ᠥᠪᠥᠷ ᠮᠣᠩᠭᠣᠯ 》 ᠤ᠋ᠨ ᠲᠦᠷᠦᠯ ᠲᠡᠮᠳᠡᠭ ᠤ᠋ᠨ ᠱᠢᠩᠭᠠᠫᠣᠷ ᠲᠠᠬᠢ ᠨᠡᠷ᠎ᠡ ᠠᠯᠳᠠᠷᠱᠢᠯ ᠪᠠ ᠨᠥᠯᠥᠭᠡᠯᠡᠬᠦ᠌ ᠬᠦᠴᠦᠨ ᠢ᠋ ᠤᠯᠠᠮ ᠦᠷᠭᠡᠳᠬᠡᠭᠰᠡᠨ ᠢ᠋ᠶ᠋ᠡᠷ ᠪᠠᠷᠠᠬᠤ ᠦᠭᠡᠢ ᠬᠣᠶᠠᠷ ᠭᠠᠵᠠᠷ ᠤ᠋ᠨ ᠵᠢᠭᠤᠯᠴᠢᠯᠠᠯ ᠤ᠋ᠨ ᠦᠢᠯᠡᠰ ᠤ᠋ᠨ ᠵᠣᠯᠭᠠᠯᠴᠠᠭ᠎ᠠ ᠪᠠ ᠬᠠᠮᠲᠤᠷᠠᠯᠴᠠᠭ᠎ᠠ ᠵᠢ ᠶᠡᠬᠡ ᠪᠡᠷ ᠠᠬᠢᠭᠤᠯᠵᠤ᠂ ᠱᠢᠩᠭᠠᠫᠣᠷ ᠤ᠋ᠨ ᠨᠡᠩ ᠤᠯᠠᠨ ᠬᠦᠮᠦᠰ ᠲᠦ᠍ ᠥᠪᠥᠷ ᠮᠣᠩᠭᠣᠯ ᠢ᠋ ᠣᠢᠯᠠᠭᠠᠭᠤᠯᠬᠤ ᠵᠢᠨ ᠤᠯᠠᠮ ᠵᠢᠡᠷ ᠥᠪᠥᠷ ᠮᠣᠩᠭᠣᠯ ᠳ᠋ᠦ ᠢᠷᠡᠵᠤ ᠵᠢᠭᠤᠯᠴᠢᠯᠠᠬᠤ ᠵᠢ ᠠᠬᠢᠭᠤᠯᠵᠤ᠂ 《ᠠᠶᠠᠯᠭᠤᠳᠦ ᠵᠢᠭᠤᠯᠴᠢᠯᠠᠯ ᠥᠪᠥᠷ ᠮᠣᠩᠭᠣᠯ》 ᠤ᠋ᠨ ᠴᠣ ᠱᠢᠨ᠎ᠡ ᠬᠠᠭᠤᠳᠠᠰᠤ ᠵᠢ ᠪᠢᠴᠢᠭ᠌ᠯᠡᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号