ᠴᠠᠢᠯᠵᠠᠨ ᠬᠠᠷᠠᠭᠳᠠᠬᠤ ᠴᠠᠭᠠᠨᠨᠠᠭᠤᠷ
2026-05-18 11:37:12
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

ᠤᠡᠭᠰᠢᠯᠭ᠎ᠠ ᠵᠢᠨ ᠬᠦᠳᠤᠯᠤᠮᠵᠢ

2020 ᠤᠨ ᠳ᠋ᠤ ᠤᠯᠠᠭᠠᠨᠴᠠᠪ ᠬᠤᠲᠠ ᠵᠢᠨ ᠱᠠᠩᠲᠤ ᠰᠢᠶᠠᠨ᠎ᠤ ᠬᠢᠨ ᠴᠠᠭᠠᠨᠨᠠᠭᠤᠷ ᠤ᠋ᠨ ᠠᠮᠢ ᠠᠬᠤᠢ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ᠋ ᠪᠦᠬᠦ ᠲᠠᠯ᠎ᠠ ᠪᠡᠷ ᠦᠷᠨᠢᠭᠦᠯᠤᠨ᠂ ᠤᠳᠤ ᠪᠤᠯᠬᠤ ᠳ᠋ᠤ ᠠᠮᠢ ᠠᠬᠤᠶ ᠰᠠᠢᠵᠢᠷᠠᠨ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ ᠬᠠᠮᠠᠭᠠᠯᠠᠯᠳᠠ ᠵᠢ ᠠᠬᠢᠭᠤᠯᠵᠤ᠂ ᠨᠤᠭᠤ ᠭᠠᠵᠠᠷ᠎ᠲᠡᠬᠢ 121 ᠵᠦᠢᠯ ᠤ᠋ᠨ ᠤᠷᠭᠤᠮᠠᠯ ᠤ᠋ᠨ ᠬᠤᠴᠢᠯᠭ᠎ᠠ ᠦᠡᠭᠭᠡᠷᠡᠭᠰᠡᠨ ᠵᠢᠯ ᠤ᠋ᠨ ᠠᠳᠠᠯᠢ ᠬᠤᠭᠤᠴᠠᠭᠠᠨ ᠤ᠋᠎ᠬᠢ ᠡᠴᠡ ᠢᠯᠡᠳᠲᠡ ᠰᠠᠢᠵᠢᠷᠠᠵᠤ᠂ ᠳᠠᠰ ᠪᠦᠷᠭᠦᠳ ᠵᠡᠷᠭᠡ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠠᠩᠬ᠎ᠠ ᠤᠳᠠᠭ᠎ᠠ ᠢᠯᠡᠷᠡᠨ ᠂ ᠱᠢᠪᠠᠭᠤᠨ ᠤ᠋ ᠲᠥᠷᠥᠯ ᠵᠦᠶ᠋ᠯ 5 ᠵᠢᠯ ᠤ᠋ᠨ ᠡᠮᠦᠨᠡᠬᠢ 79 ᠵᠦᠶ᠋ᠯ ᠪᠠᠢᠭ᠍ᠰᠠᠨ ᠡᠴᠡ ᠪᠠᠨ150 ᠵᠦᠶ᠋ᠯ ᠪᠤᠯᠵᠤ ᠨᠡᠮᠡᠭᠳᠡᠵᠠᠢ᠃


QQ20260518-113540.png


ᠴᠠᠭᠠᠨᠨᠠᠭᠤᠷ᠎ᠤᠨ ᠰᠠᠪᠠ ᠭᠠᠵᠠᠷ ᠨᠢ ᠥᠪᠥᠷ ᠮᠣᠩᠭᠣᠯ ᠤ᠋ᠨ ᠤᠯᠠᠭᠠᠨᠴᠠᠪ ᠬᠤᠲᠠ ᠵᠢᠨ ᠱᠠᠩᠳᠤ ᠱᠢᠶᠠᠨ ᠬᠢᠭᠡᠳ ᠾᠧᠪᠧᠶ ᠮᠤᠵᠢ ᠵᠢᠨ ᠴᠢᠭᠤᠯᠤᠯᠳᠤ ᠬᠠᠭᠠᠯᠭ᠎ᠠ ᠬᠤᠳᠠ᠎ᠵᠢᠨ ᠱᠠᠡᠭ ᠢ ᠰᠢᠶᠠᠨ ᠎ᠢ ᠰᠤᠨᠳᠠᠯᠠᠵᠤ᠂ ᠮᠠᠨ ᠤ᠋ ᠤᠷᠤᠨ ᠤ᠋ ᠬᠢᠯᠢ ᠳᠤᠲᠤᠷ᠎ᠠ 4925 ᠲᠡᠭᠰᠢ ᠳᠦᠷᠪᠡᠯᠵᠢᠨ ᠺᠢᠯᠤᠮᠸᠲᠷ ᠪᠠᠢᠵᠤ᠂ ᠰᠠᠪᠠ ᠭᠠᠵᠠᠷ ᠤ᠋ᠨ ᠶᠡᠷᠦᠩᠬᠡᠢ ᠲᠠᠯᠠᠪᠠᠢ ᠵᠢᠨ 67% ᠶ᠋ᠢ ᠡᠵᠡᠯᠡᠨ᠂ ᠤᠮᠠᠷᠠᠲᠤ ᠣᠷᠣᠨ ᠤ᠋ ᠣᠲᠣ ᠬᠠᠳᠠᠭᠠᠯᠠᠭ᠍ᠳᠠᠵᠤ ᠪᠠᠢᠭ᠎ᠠ ᠲᠠᠯᠠᠪᠠᠢ ᠪᠡᠷ ᠬᠠᠮᠤᠭ ᠤ᠋ᠨ ᠲᠤᠮᠤ ᠳᠣᠲᠣᠭᠠᠳᠤ ᠬᠠᠭᠤᠷᠠᠶ ᠵᠢᠨ ᠱᠣᠷᠪᠣᠭ ᠨᠠᠭᠤᠷ ᠪᠣᠯᠤᠨ᠎ᠠ᠃ ᠲᠡᠷᠡ ᠨᠢ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠤ᠋ᠨ ᠪᠡᠭᠡᠵᠢᠩ ᠲᠢᠶᠠᠨᠵᠢᠨ ᠾᠸᠪᠸᠢ ᠤᠷᠤᠨ ᠲᠡᠢᠰᠢ ᠳᠦᠷᠢᠬᠦ ᠶ᠋ᠢ ᠬᠤᠷᠢᠭᠯᠠᠬᠤ ᠡᠴᠤᠰ ᠤ᠋ᠨ ᠰᠡᠷᠭᠡᠢᠯᠡᠯᠲᠡ ᠵᠢᠨ ᠱᠤᠭᠤᠮ ᠪᠤᠯᠬᠤ ᠪᠡᠷ ᠪᠠᠷᠠᠬᠤ ᠦᠬᠡᠢ ᠪᠠᠰᠠ ᠴᠤ᠌ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠶ᠋ᠢ ᠪᠠᠳᠤ ᠴᠤᠭᠴᠠᠯᠠᠬᠤ ᠴᠢᠬᠤᠯᠠ ᠪᠦᠷᠢᠯᠲᠦᠬᠦᠨ ᠬᠡᠰᠡᠭ ᠪᠠᠢᠵᠤ᠂ ᠠᠮᠢ ᠠᠬᠤᠶ ᠵᠢᠨ ᠠᠮᠤᠷ ᠲᠦᠪᠱᠢᠨ ᠢ᠋ ᠬᠠᠮᠠᠭᠠᠯᠠᠬᠤ ᠵᠢᠴᠢ ᠤᠰᠤᠨ ᠤ᠋ ᠡᠬᠢ ᠰᠤᠷᠪᠤᠯᠵᠢ ᠶ᠋ᠢ ᠬᠠᠳᠠᠭᠠᠯᠠᠬᠤ ᠵᠡᠷᠭᠡ ᠲᠠᠯ᠎ᠠ ᠪᠠᠷ ᠮᠠᠰᠢ ᠴᠢᠬᠤᠯᠠ ᠦᠶ᠋ᠯᠡᠳᠦᠯ᠎ᠦᠵᠡᠬᠦᠯᠵᠤ ᠪᠠᠢᠳᠠᠭ᠃

20 ᠳ᠋ᠤᠭᠠᠷ ᠵᠠᠭᠤᠨ ᠤ᠋ ᠵᠢᠷᠠᠭᠠᠳ ᠣᠨ ᠳ᠋ᠤ᠂ ᠴᠠᠭᠠᠨᠨᠠᠭᠤᠷ ᠤ᠋ᠨ ᠤᠰᠤᠨ ᠤ᠋ ᠲᠠᠯᠠᠪᠠᠶ 50 ᠲᠡᠭ᠌ᠰᠢ ᠳᠥᠷᠪᠡᠯᠵᠢᠨ ᠺᠢᠯᠣᠮᠧᠲ᠋ᠷ ᠪᠠᠢᠪᠠ᠃ ᠭᠡᠲᠡᠯ᠎ᠡ᠂ ᠠᠭᠤᠷ ᠠᠮᠢᠰᠭᠤᠯ᠎ᠭᠠᠩ ᠬᠠᠭᠤᠷᠠᠢ᠂ ᠬᠤᠷ᠎ᠠ ᠲᠤᠨᠳᠠᠰᠤ ᠪᠠᠭ᠎ᠠ᠂  ᠭᠠᠵᠠᠷ ᠳᠤᠤᠷᠠᠬᠢ ᠤᠰᠤ ᠶ᠋ᠢ ᠬᠡᠲᠦᠷᠡᠲᠡᠯ᠎ᠡ ᠲᠠᠲᠠᠬᠤ ᠵᠡᠷᠭᠡ ᠤᠯᠠᠨ ᠲᠠᠯ᠎ᠠ᠎ᠵᠢᠨ ᠰᠢᠯᠲᠠᠭᠠᠨ ᠡᠴᠡ ᠪᠣᠯᠵᠣ᠂ ᠨᠤᠭᠤ ᠭᠠᠵᠠᠷ ᠤ᠋ᠨ ᠲᠠᠯᠠᠪᠠᠢ ᠪᠠᠭᠠᠰᠤᠨ᠂ 2020 ᠣᠨ ᠪᠣᠯᠬᠤ ᠳ᠋ᠤ ᠨᠠᠭᠤᠷ ᠤ᠋ᠨ ᠨᠤᠭᠤ ᠭᠠᠵᠠᠷ ᠪᠠᠷᠤᠭ ᠠᠯᠠᠭ᠎ᠠ ᠪᠤᠯᠵᠤ᠂ ᠨᠤᠲᠤᠭ ᠪᠡᠯᠴᠢᠭᠡᠷ ᠤ᠋ᠨ ᠴᠢᠳᠠᠮᠵᠢ ᠡᠳᠦᠷ ᠢᠷᠡᠬᠦᠶ᠎ᠡ ᠮᠠᠭᠤᠲᠠᠨ ᠠᠲᠠᠷᠰᠢᠨ ᠬᠤᠵᠢᠷᠰᠢᠵᠤ᠂ ᠰᠠᠯᠬᠢ ᠡᠯᠡᠰᠤᠨ ᠤ᠋ ᠬᠦᠨᠦᠭᠡᠯ ᠤᠯᠠᠨ ᠡᠭᠦᠰᠴᠤ᠂ ᠠᠮᠢ ᠠᠬᠤᠢ ᠡᠪᠳᠡᠭᠳᠡᠪᠠ᠃

ᠡᠨᠡ ᠬᠦ᠌  ᠪᠠᠢᠳᠠᠯ ᠢ᠋ ᠬᠤᠪᠢᠷᠠᠭᠤᠯᠬᠤ ᠵᠢᠨ ᠲᠦᠯᠦᠭᠡ᠂ 2020 ᠤᠨ ᠳ᠋ᠤ ᠤᠯᠠᠭᠠᠨᠴᠠᠪ ᠬᠤᠲᠠ ᠵᠢᠨ ᠱᠠᠩᠲᠤ ᠰᠢᠶᠠᠨ᠎ᠤ ᠬᠢᠨ ᠴᠠᠭᠠᠨᠨᠠᠭᠤᠷ ᠤ᠋ᠨ ᠠᠮᠢ ᠠᠬᠤᠢ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ᠋ ᠪᠦᠬᠦ ᠲᠠᠯ᠎ᠠ ᠪᠡᠷ ᠦᠷᠨᠢᠭᠦᠯᠪᠠ᠃ ᠱᠠᠩᠳᠤ ᠱᠢᠶᠠᠨ ᠪᠣᠯᠤᠨ ᠾᠧᠪᠧᠢ ᠮᠤᠵᠢ ᠵᠢᠨ ᠬᠢᠨ ᠣᠷᠣᠨ ᠠᠯᠤᠰᠯᠠᠨ ᠠᠮᠢ ᠠᠬᠤᠢ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ ᠬᠠᠮᠵᠢᠯᠴᠠᠭᠠᠨ ᠤ᠋ ᠲᠣᠭ᠍ᠲᠠᠴᠠ ᠶ᠋ᠢ ᠪᠠᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭ᠍ᠴᠠᠵᠢᠭᠤᠯᠤᠨ ᠵᠠᠰᠠᠨ ᠰᠡᠷᠭᠦᠭᠡᠬᠦ ᠪᠠ ᠰᠢᠰᠲᠸᠮ ᠲᠠᠢ ᠵᠠᠰᠠᠬᠤ ᠶ᠋ᠢ ᠪᠠᠷᠢᠮᠲᠠᠯᠠᠨ᠂ ᠪᠠᠢᠭᠠᠯᠢᠯᠢᠭ ᠰᠡᠷᠭᠦᠭᠡᠯᠲᠡ ᠪᠡᠷ ᠭᠤᠤᠯ ᠪᠤᠯᠭᠠᠨ᠂ ᠬᠠᠮᠠᠭᠠᠯᠠᠬᠤ ᠶ᠋ᠢ ᠤᠷᠢᠳ ᠵᠢᠡᠷ ᠪᠤᠳᠤᠯᠬᠢᠯᠠᠵᠤ᠂ ᠨᠠᠭᠤᠷ ᠤ᠋ᠨ ᠰᠠᠪᠠ ᠭᠠᠵᠠᠷ ᠢ᠋ ᠨᠤᠭᠤ ᠭᠠᠵᠠᠷ ᠢ᠋ ᠬᠠᠮᠠᠭᠠᠯᠠᠨ ᠰᠡᠷᠭᠦᠭᠡᠬᠦ᠌ ᠣᠷᠣᠨ᠂ ᠭᠠᠵᠠᠷ ᠳᠣᠣᠷᠠᠬᠢ ᠤᠰᠤ ᠶ᠋ᠢ ᠬᠡᠲᠦᠷᠡᠲᠡᠯ᠎ᠡ ᠲᠠᠲᠠᠵᠤ ᠬᠡᠷᠡᠭᠯᠡᠬᠦ ᠶ᠋ᠢ ᠭᠤᠤᠯᠳᠠᠯᠭ᠎ᠠ ᠲᠠᠢ᠎ᠵᠠᠰᠠᠯᠳᠠ᠎ᠵᠢᠨ ᠣᠷᠣᠨ ᠪᠠ ᠰᠠᠪᠠ ᠭᠠᠵᠠᠷ ᠤ᠋ᠨ ᠤᠰᠤᠨ ᠤ᠋ ᠡᠬᠢ ᠰᠤᠷᠪᠤᠯᠵᠢ ᠶ᠋ᠢ ᠬᠠᠳᠠᠭᠠᠯᠠᠬᠤ ᠰᠢᠮᠡᠵᠢᠭᠦᠯᠦᠨ ᠬᠠᠮᠠᠭᠠᠯᠠᠬᠤ ᠣᠷᠣᠨ ᠵᠡᠷᠭᠡ ᠭᠤᠷᠪᠠᠨ ᠤᠷᠤᠨ ᠬᠤᠪᠢᠶᠠᠵᠤ ᠵᠠᠰᠠᠯᠲᠠ ᠬᠢᠪᠡ᠃

《ᠪᠢᠳᠡ〈ᠳᠡᠭᠡᠳᠦ ᠤᠷᠤᠰᠭᠠᠯ ᠤ᠋ᠨ ᠤᠰᠤᠨ ᠤ᠋ ᠡᠬᠢ ᠰᠤᠷᠪᠤᠯᠵᠢ ᠶ᠋ᠢ ᠬᠠᠳᠠᠭᠠᠯᠠᠬᠤ᠂ ᠳᠤᠮᠳᠠ ᠤᠷᠤᠰᠭᠠᠯ ᠢ᠋ ᠵᠠᠰᠠᠨ ᠰᠠᠢᠵᠢᠷᠠᠭᠤᠯᠬᠤ᠂ ᠳᠤᠤᠷᠠᠳᠤ ᠤᠷᠤᠰᠭᠠᠯ ᠢ᠋ ᠬᠠᠮᠠᠭᠠᠯᠠᠬᠤ〉 ᠪᠥᠬᠥ᠌ ᠰᠠᠪᠠ ᠭᠠᠵᠠᠷ ᠤ᠋ᠨ ᠵᠠᠰᠠᠯᠲᠠ ᠵᠢᠨ ᠪᠠᠢᠷᠢᠱᠢᠯ ᠢ᠋ ᠪᠤᠢ ᠪᠤᠯᠭᠠᠪᠠ᠃ ᠴᠠᠭᠠᠨᠨᠠᠭᠤᠷ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠤ᠋ᠨ〈ᠨᠢᠭᠡ ᠲᠤᠤᠷ〉 ᠤ᠋ᠨ ᠬᠠᠮᠠᠭᠠᠯᠠᠯᠲᠠ ᠶ᠋ᠢ ᠪᠡᠶᠡᠯᠡᠭᠦᠯᠦᠭ᠌ᠰᠡᠨ ᠵᠢᠡᠷ ᠪᠠᠷᠠᠬᠤ ᠥᠬᠡᠶ ᠪᠠᠰᠠ ᠲᠠᠪᠤᠨ ᠵᠤᠷᠪᠤᠰ ᠰᠠᠯᠪᠤᠷᠢ ᠤᠷᠤᠰᠭᠠᠯ ᠤ᠋ᠨ〈ᠨᠢᠭᠡ ᠭᠤᠤᠯ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠬᠦᠯᠬᠦ〉ᠲᠥᠰᠦᠯ ᠢ᠋ ᠨᠠᠢᠷᠠᠭᠤᠯᠤᠨ ᠵᠣᠬᠢᠶᠠᠵᠤ᠂ ᠭᠤᠤᠯ ᠤ᠋ᠨ ᠭᠤᠯᠳᠤᠷᠢᠯ ᠢ᠋ ᠱᠢᠯᠤᠭᠤᠳᠭᠠᠨ ᠤᠰᠤ ᠨᠥᠬᠥᠪᠥᠷᠢᠯᠡᠬᠦ᠌ 〈ᠰᠤᠳᠠᠰᠤ〉 ᠶ᠋ᠢ ᠨᠡᠪᠲᠡᠷᠡᠭᠦᠯᠪᠡ᠃ 2025 ᠤᠨ ᠤ᠋ ᠡᠴᠤᠰ ᠪᠤᠯᠬᠤ ᠳ᠋ᠤ᠂ ᠪᠢᠳᠡ ᠾᠧᠪᠧᠢ ᠮᠤᠵᠢ ᠵᠢᠨ ᠬᠢᠨ ᠲᠠᠢ ᠬᠠᠮᠲᠤ ᠪᠡᠷ ᠨᠢᠭᠡᠨᠲᠡ 4.94 ᠲᠦᠮᠡᠨ ᠮᠤ᠌ ᠤᠷᠭᠤᠮᠠᠯ ᠤ᠋ᠨ ᠬᠤᠴᠢᠯᠭ᠎ᠠ ᠶ᠋ᠢ ᠵᠠᠰᠠᠨ ᠰᠡᠷᠭᠦᠭᠡᠪᠡ》 ᠭᠡᠵᠤ ᠤᠯᠠᠭᠠᠨᠴᠠᠪ ᠬᠤᠲᠠ ᠵᠢᠨ ᠱᠠᠩᠳᠤ ᠱᠢᠶᠠᠨ ᠤ᠋ ᠨᠠᠮ ᠤ᠋ᠨ ᠬᠣᠷᠢᠶᠠᠨ ᠤ᠋ ᠪᠠᠢᠩᠭᠤ ᠵᠢᠨ ᠭᠡᠱᠢᠭᠦᠨ᠂ ᠱᠢᠶᠠᠨ ᠤ᠋ ᠳᠡᠳ᠋ ᠳᠠᠷᠤᠭ᠎ᠠ ᠶᠠᠩ ᠶᠦᠩ ᠲᠠᠨᠢᠯᠴᠠᠭᠤᠯᠤᠨ᠎ᠠ ᠃

ᠱᠠᠩᠳᠤ ᠱᠢᠶᠠᠨ ᠳ᠋ᠡᠬᠢ ᠭᠠᠵᠠᠷ ᠳᠣᠣᠷᠠᠬᠢ ᠤᠰᠤ ᠶ᠋ᠢ ᠬᠡᠲᠦᠷᠡᠲᠡᠯ᠎ᠡ ᠲᠠᠲᠠᠵᠤ ᠬᠡᠷᠡᠭᠯᠡᠬᠦ ᠶ᠋ᠢ ᠭᠤᠤᠯᠳᠠᠯᠭ᠎ᠠ ᠲᠠᠢ ᠵᠠᠰᠠᠬᠤ ᠤᠷᠤᠨ ᠳ᠋ᠤ ᠨᠢᠭᠡ ᠤᠳᠠᠭ᠎ᠠ ᠵᠢᠨ ᠲᠤᠢᠯᠪᠤᠷᠢᠲᠠᠢ 《ᠲᠠᠷᠢᠶᠠᠯᠠᠩ ᠤ᠋ᠨ ᠬᠤᠪᠢᠰᠭᠠᠯ》 ᠠᠭᠠᠵᠢᠮ ᠵᠢᠡᠷ ᠡᠬᠢᠯᠡᠪᠡ᠃ ᠱᠠᠩᠳᠤ ᠱᠢᠶᠠᠨ ᠤ᠋᠎ᠬᠢᠨ ᠤᠷᠢᠳ ᠬᠤᠵᠢᠳ ᠨᠡᠢᠲᠡ 14.53 ᠲᠦᠮᠡᠨ ᠮᠥ᠍ 《ᠤᠰᠤᠨ ᠳᠠᠷᠢᠶ᠎ᠠ ᠵᠢ ᠬᠠᠭᠤᠷᠠᠢ ᠳᠠᠷᠢᠶ᠎ᠠ ᠪᠤᠯᠭᠠᠬᠤ》 ᠶ᠋ᠢ ᠬᠡᠷᠡᠭ᠌ᠵᠢᠭᠦᠯᠤᠨ᠂ 1551 ᠮᠠᠱᠢᠨ ᠴᠠᠬᠢᠯᠭᠠᠨ ᠬᠤᠳᠳᠤᠭ ᠢ᠋ ᠪᠦᠬᠦᠨ ᠢ᠋ ᠪᠢᠲᠡᠭᠦᠮᠵᠢᠯᠡᠨ ᠵᠣᠭ᠍ᠰᠣᠭᠠᠵᠤ᠂ 389 ᠢᠵᠢ ᠤᠰᠤ ᠶᠡᠬᠡ ᠬᠣᠷᠣᠭ᠍ᠳᠠᠭᠤᠯᠬᠤ ᠰᠦᠷᠴᠢᠨ ᠤᠰᠤᠯᠠᠬᠤ ᠬᠤᠭᠤᠯᠠᠢ ᠵᠢ ᠪᠦᠬᠦᠨ ᠢ᠋ ᠨᠤᠷᠠᠭᠠᠬᠤ ᠵᠢᠨ ᠬᠠᠮᠲᠤ ᠤᠰᠤ ᠶᠡᠬᠡ ᠬᠣᠷᠣᠭ᠍ᠳᠠᠭᠤᠯᠬᠤ ᠲᠠᠷᠢᠮᠠᠯ ᠢ᠋ ᠶᠡᠬᠡ ᠬᠡᠪᠴᠢᠶ᠎ᠡ ᠪᠡᠷ ᠪᠠᠭᠠᠰᠭᠠᠵᠤ᠂ ᠡᠯᠳᠡᠪ ᠠᠮᠤ ᠵᠡᠷᠭᠡ ᠭᠠᠩ ᠳ᠋ᠤ ᠲᠡᠰᠪᠦᠷᠢᠲᠡᠶ ᠲᠠᠷᠢᠮᠠᠯ ᠳᠠᠷᠢᠬᠤ ᠪᠤᠯᠭᠠᠨ ᠦᠭᠡᠷᠡᠴᠢᠯᠡᠪᠡ᠃ 《ᠠᠯᠢ ᠣᠯᠠᠨ ᠤᠰᠤ ᠠᠷᠪᠢᠯᠠᠬᠤ ᠶᠡᠷᠦᠩᠬᠡᠢᠯᠡᠭᠰᠡᠨ ᠠᠷᠭ᠎ᠠ ᠨᠢ ᠭᠠᠵᠠᠷ ᠳᠤᠤᠷᠠᠬᠢ ᠤᠰᠤ ᠶ᠋ᠢ ᠭᠡᠳᠦᠷᠡᠳᠡᠯ᠎ᠠ ᠲᠠᠲᠠᠵᠤ ᠪᠠᠢᠭᠰᠠᠨ ᠠᠰᠠᠭᠤᠳᠠᠯ ᠢ᠋ ᠡᠬᠢ ᠡᠭᠦᠰᠦᠯ ᠡᠴᠡ ᠨᠢ ᠬᠥᠩᠭᠡᠷᠡᠭᠦᠯᠪᠡ》 ᠭᠡᠵᠦ᠍ ᠶᠠᠩ ᠶᠦᠩ ᠬᠡᠯᠡᠨ᠎ᠠ᠃ ᠡᠭᠦᠨ ᠡᠴᠡ ᠭᠠᠳᠠᠨ᠎ᠠ᠂ ᠨᠤᠭᠤ ᠭᠠᠵᠠᠷ ᠢ᠋ ᠬᠠᠮᠠᠭᠠᠯᠠᠨ ᠰᠡᠷᠭᠦᠭᠡᠬᠦ ᠤᠷᠤᠨ ᠳ᠋ᠤ ᠬᠠᠤᠯᠢ ᠡᠴᠡ ᠵᠦᠷᠢᠴᠡᠨ ᠡᠵᠡᠯᠡᠨ ᠬᠡᠷᠡᠭᠯᠡᠬᠦ᠂ ᠨᠡᠭᠡᠭᠡᠨ ᠮᠠᠯᠲᠠᠬᠤ᠂ ᠠᠲᠠᠷ ᠬᠠᠭᠠᠯᠪᠤᠷᠢᠯᠠᠬᠤ᠂ ᠪᠡᠯᠴᠢᠭᠡᠷᠯᠡᠬᠦᠯᠬᠦ ᠵᠡᠷᠭᠡ ᠠᠵᠢᠯᠯᠠᠭ᠎ᠠ ᠶ᠋ᠢ ᠡᠷᠡᠰ ᠬᠤᠷᠢᠭᠯᠠᠪᠠ; ᠰᠠᠪᠠ ᠭᠠᠵᠠᠷ ᠤ᠋ᠨ ᠤᠰᠤᠨ ᠤ᠋ ᠡᠬᠢ ᠰᠤᠷᠪᠤᠯᠵᠢ ᠶ᠋ᠢ ᠬᠠᠳᠠᠭᠠᠯᠠᠬᠤ ᠰᠢᠮᠡᠵᠢᠭᠦᠯᠦᠨ ᠬᠠᠮᠠᠭᠠᠯᠠᠬᠤ ᠣᠷᠣᠨ ᠳ᠋ᠤ ᠭᠠᠵᠠᠷ ᠳᠤᠤᠷᠠᠬᠢ ᠤᠰᠤ ᠶ᠋ᠢ ᠬᠠᠮᠠᠭᠠᠯᠠᠬᠤ ᠪᠠ ᠰᠠᠪᠠ ᠭᠠᠵᠠᠷ ᠤ᠋ᠨ ᠠᠮᠢ ᠠᠬᠤᠢ ᠶ᠋ᠢ ᠰᠡᠷᠭᠦᠭᠡᠬᠦ ᠪᠡᠷ ᠲᠡᠷᠢᠭᠦᠨ ᠴᠢᠬᠤᠯᠠ ᠡᠭᠦᠷᠭᠡ ᠪᠤᠯᠭᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶ᠋ᠢ ᠳᠡᠭᠡᠭᠰᠢᠯᠡᠬᠦᠯᠬᠦ ᠶ᠋ᠢ ᠴᠢᠬᠤᠯᠠᠴᠢᠯᠠᠨ᠂ ᠲᠠᠷᠢᠵᠤ ᠲᠡᠵᠢᠭᠡᠬᠦ ᠦᠢᠯᠡᠰ ᠤ᠋ᠨ ᠪᠦᠲᠦᠴᠡ ᠶ᠋ᠢ ᠪᠦᠬᠦ ᠲᠠᠯ᠎ᠠ ᠪᠡᠷ ᠲᠤᠬᠢᠷᠠᠭᠤᠯᠪᠠ ᠃

ᠠᠮᠢ ᠠᠬᠤᠢ ᠶ᠋ᠢ ᠰᠡᠷᠭᠦᠭᠡᠬᠦ᠌ ᠨᠢ ᠮᠡᠷᠭᠡᠵᠢᠯ ᠤ᠋ᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ᠌ ᠬᠥᠭ᠌ᠵᠢᠯᠲᠡ ᠵᠢᠨ ᠠᠷᠭ᠎ᠠ ᠬᠡᠯᠪᠡᠷᠢ ᠵᠢᠨ ᠭᠦᠨᠵᠡᠭᠡᠢ ᠬᠤᠪᠢᠷᠠᠯᠳᠠ ᠪᠣᠯᠤᠨ᠎ᠠ᠃ ᠴᠠᠭᠠᠨᠨᠠᠭᠤᠷ ᠤ᠋ᠨ ᠪᠠᠷᠠᠭᠤᠨ ᠡᠷᠭᠢ ᠳ᠋ᠤ᠂ ᠡᠷᠳᠡᠨᠢ ᠱᠢᠰᠢ ᠳᠠᠷᠢᠬᠤ ᠲᠣᠮᠣ ᠡᠷᠦᠬᠡ ᠵᠠᠩ ᠶᠦᠩ ᠥᠩᠭᠡᠷᠡᠭ᠌ᠰᠡᠨ ᠤ᠋ 《ᠨᠡᠯᠦᠢᠲᠡᠯ᠎ᠡ ᠤᠰᠤᠯᠠᠵᠤ》 ᠪᠠᠢᠭ᠍ᠰᠠᠨ ᠡᠴᠡ ᠪᠠᠨ 《ᠠᠮᠢ ᠠᠬᠤᠶ ᠵᠢᠨ ᠲᠠᠷᠢᠶᠠᠯᠠᠩ ᠤ᠋ᠨ ᠵᠢᠭᠤᠯᠴᠢᠯᠠᠯ》 ᠲᠡᠢᠰᠢ ᠬᠡᠯᠪᠡᠷᠢ ᠪᠡᠨ ᠬᠤᠪᠢᠷᠠᠭᠤᠯᠪᠠ᠃ 《ᠥᠩᠭᠡᠷᠡᠭ᠌ᠰᠡᠨ ᠳ᠋ᠤ ᠨᠢᠭᠡ ᠮᠦ᠍ ᠡᠷᠳᠡᠨᠢ ᠱᠢᠰᠢ ᠲᠠᠷᠢᠪᠠᠯ 500 ᠪᠣᠰᠣᠭ᠎ᠠ ᠳᠥᠷᠪᠡᠯᠵᠢᠨ ᠮᠧᠲ᠋ᠷ ᠤᠰᠤ ᠭᠡᠷᠡᠭᠯᠡᠵᠤ ᠪᠠᠢᠭᠰᠠᠨ᠂ ᠣᠳᠣ ᠬᠢᠲᠠᠳ ᠡᠮ ᠤ᠋ᠨ ᠮᠠᠲ᠋ᠧᠷᠢᠶᠠᠯ ᠲᠠᠷᠢᠬᠤ ᠪᠤᠯᠤᠭᠰᠠᠨ ᠡᠴᠡ ᠤᠰᠤ ᠬᠡᠷᠡᠭ᠌ᠯᠡᠬᠦ᠌ ᠬᠡᠮᠵᠢᠶ᠎ᠡ ᠨᠢ ᠤᠤᠯ ᠤ᠋ᠨ ᠭᠤᠷᠪᠠᠨ ᠤ᠋ ᠨᠢᠭᠡ ᠬᠤᠪᠢ ᠳ᠋ᠤ ᠴᠤ᠌ ᠬᠦᠷᠬᠦ᠌ ᠦᠭᠡᠢ ᠮᠦᠷᠲᠡᠭᠡᠨ ᠣᠷᠣᠯᠭ᠎ᠠ ᠴᠤ᠌ ᠤᠤᠯ ᠤ᠋ᠨ ᠬᠢ ᠡᠴᠡ ᠨᠡᠮᠡᠭᠳᠡᠵᠠᠢ》 ᠭᠡᠵᠤ ᠵᠠᠩ ᠶᠦᠩ ᠲᠤᠭᠳᠤᠯᠤᠭᠰᠠᠨ ᠰᠡᠳᠭᠢᠯ ᠵᠢᠡᠨ ᠳᠠᠷᠤᠵᠤ ᠶᠠᠳᠠᠨ ᠬᠡᠯᠡᠨ᠎ᠡ ᠃

ᠴᠠᠭᠠᠨᠨᠠᠭᠤᠷ ᠤ᠋ᠨ ᠵᠡᠭᠦᠨ ᠡᠷᠭᠢ᠎ᠳᠡᠬᠢ 《ᠬᠡᠷᠡᠯᠴᠢ ᠴᠡᠨᠡᠭ ᠤ᠋ᠨ ᠳᠠᠯᠠᠢ》 ᠴᠤ᠌ ᠬᠥᠮᠦᠰ ᠤ᠋ᠨ ᠠᠩᠬᠠᠷᠤᠯ ᠢ᠋ ᠶᠠᠭᠠᠬᠢᠬᠤ ᠵᠢᠨ ᠠᠷᠭ᠎ᠠ ᠦᠭᠡᠢ ᠲᠠᠲᠠᠨ᠎ᠠ᠃ ᠬᠦᠬᠡ ᠦᠩᠭᠡ ᠲᠡᠢ ᠭᠡᠷᠡᠯᠴᠢ ᠴᠡᠨᠡᠭ ᠤ᠋ᠨ ᠬᠠᠪᠲᠠᠰᠤᠨ ᠤ᠋ ᠳᠣᠣᠷ᠎ᠠ᠂ ᠴᠠᠷᠭᠠᠰᠤ ᠵᠡᠷᠭᠡ ᠲᠡᠵᠢᠭᠡᠯ ᠡᠪᠡᠰᠦ ᠵᠢᠨ ᠤᠷᠭᠤᠴᠠ ᠰᠠᠢᠲᠠᠢ ᠪᠠᠢᠪᠠ᠃ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠤᠤᠷ᠎ᠠ ᠵᠠᠰᠠᠨ ᠰᠡᠷᠭᠦᠭᠡᠬᠦ᠌᠂ ᠬᠠᠪᠲᠠᠰᠤᠨ ᠤ᠋ ᠳᠤᠮᠳᠠᠭᠤᠷ ᠨᠢ ᠳᠠᠷᠢᠮᠠᠯ ᠳᠠᠷᠢᠬᠤ》 ᠵᠠᠭ᠍ᠪᠤᠷ ᠨᠢ ᠪᠤᠬᠢᠷᠳᠤᠯ ᠦᠭᠡᠢ ᠴᠡᠪᠡᠷ ᠡᠨᠧᠷᠭᠢ ᠵᠢᠨ ᠦᠶ᠋ᠯᠡᠳᠪᠦᠷᠢᠯᠡᠯ ᠪᠠ ᠠᠮᠢ ᠠᠬᠤᠶ ᠵᠢᠨ ᠵᠠᠰᠠᠨ ᠰᠡᠷᠭᠦᠭᠡᠯᠲᠡ ᠵᠢᠨ ᠬᠤᠤᠰ ᠠᠮᠵᠢᠯᠲᠠ ᠶ᠋ᠢ ᠪᠡᠶᠡᠯᠡᠭᠦᠯᠪᠡ᠃ ᠲᠣᠰ ᠲᠥᠷᠥᠯ ᠵᠦᠶ᠋ᠯ᠎ᠨᠢ ᠵᠢᠯ ᠳ᠋ᠤ 1.8 ᠳ᠋ᠦᠩᠱᠢᠭᠤᠷ ᠺᠢᠯᠦᠸᠠᠲ ᠴᠠᠭ ᠴᠠᠬᠢᠯᠭᠠᠨ ᠭᠠᠷᠭᠠᠬᠤ ᠵᠢᠨ ᠬᠠᠮᠲᠤ ᠬᠥᠷᠥᠰᠥ᠍ ᠱᠢᠷᠣᠶ ᠵᠢᠨ ᠤᠰᠤᠨ ᠤ᠋ ᠠᠭᠤᠷᠱᠢᠯᠲᠠ ᠶ᠋ᠢ 30% ᠪᠠᠷ ᠪᠠᠭᠠᠰᠭᠠᠨ᠂ 3000 ᠮᠥ᠍ ᠮᠠᠭᠤᠳᠠᠭ᠍ᠰᠠᠨ ᠨᠤᠳᠤᠭ ᠪᠡᠯᠴᠢᠭᠡᠷ ᠢ᠋ ᠵᠠᠰᠠᠨ ᠰᠡᠷᠭᠦᠭᠡᠬᠦ᠌ ᠨᠥᠬᠥᠴᠡᠯ ᠢ᠋ ᠪᠦᠷᠢᠯᠳᠦᠭᠦᠯᠪᠡ᠃

ᠠᠮᠢ ᠠᠬᠤᠢ ᠵᠢᠨ ᠵᠠᠰᠠᠯᠲᠠ ᠵᠢᠨ ᠦᠷ᠎ᠡ ᠪᠦᠲᠦᠮᠵᠢ᠎ᠵᠢ ᠠᠷᠠᠳ ᠤᠯᠠᠨ ᠳ᠋ᠤ ᠡᠳ᠋ᠯᠡᠭᠦᠯᠦᠨ᠎ᠡ᠃ ᠱᠠᠩᠳᠤ ᠱᠢᠶᠠᠨ ᠤ᠋ ᠴᠢᠤᠸᠠᠨ ᠨᠤᠤ ᠽᠢ ᠲᠣᠰᠭᠣᠨ ᠳ᠋ᠤ᠂ ᠰᠤᠯᠠ  ᠪᠠᠢᠭ᠎ᠠ ᠦᠬᠡᠷ ᠲᠡᠵᠢᠭᠡᠬᠦ᠌ ᠲᠠᠯᠠᠪᠠᠢ ᠶ᠋ᠢ ᠲᠣᠭᠠᠴᠢᠯᠠᠭ᠍ᠰᠠᠨ ᠮᠢᠬᠠᠨ ᠤ᠋ ᠬᠤᠨᠢ ᠲᠡᠵᠢᠭᠡᠨ ᠦᠷᠡᠵᠢᠭᠦᠯᠬᠦ᠌ ᠰᠠᠭᠤᠷᠢᠨ ᠪᠣᠯᠭᠠᠨ ᠥᠭᠡᠷᠡᠴᠢᠯᠡᠵᠦ᠍᠂ 《ᠵᠠᠰᠠᠭ ᠤ᠋ᠨ ᠣᠷᠳᠣᠨ ᠬᠦᠳᠦᠯᠦᠨ ᠵᠢᠯᠣᠭᠣᠳᠭᠤ + ᠠᠵᠤ ᠠᠬᠤᠢᠯᠠᠯ ᠡᠵᠡᠩᠨᠡᠬᠦ + ᠲᠠᠷᠢᠶᠠᠯᠠᠬᠤ ᠡᠷᠦᠬᠡ ᠣᠷᠣᠯᠴᠠᠬᠤ》ᠵᠠᠭ᠍ᠪᠤᠷ ᠵᠢᠡᠷ ᠲᠣᠰᠭᠣᠨ ᠤ᠋ ᠠᠷᠠᠳ ᠢ᠋ ᠳᠠᠢ᠌ᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠦᠭ᠌ᠰᠡᠨ ᠤ᠋ ᠬᠠᠮᠲᠤ ᠨᠤᠲᠤᠭ ᠪᠡᠯᠴᠢᠭᠡᠷ ᠤ᠋ᠨ ᠳᠠᠭᠠᠭᠠᠴᠠ ᠶ᠋ᠢ ᠴᠤ᠌ ᠬᠥᠩᠭᠡᠷᠡᠭᠦᠯᠪᠡ᠃《ᠰᠠᠭᠤᠷᠢᠨ ᠡᠴᠡ ᠠᠵᠢᠯ ᠤ᠋ᠨ ᠪᠠᠢᠷᠢ ᠬᠠᠩᠭᠠᠵᠤ᠂ ᠰᠠᠷ᠎ᠠ ᠵᠢᠨ ᠣᠷᠣᠯᠭ᠎ᠠ 8000 ᠲᠥᠭᠥᠷᠢᠭ ᠬᠦᠷᠳᠡᠭ᠂ ᠪᠠᠰᠠ ᠲᠣᠰᠭᠣᠨ ᠤ᠋ ᠬᠠᠮᠲᠤ ᠨᠡᠢᠳᠡ ᠵᠢᠨ ᠠᠵᠤ ᠠᠬᠤᠢ ᠵᠢᠨ ᠠᠱᠢᠭ ᠣᠷᠣᠯᠭ᠎ᠠ ᠵᠢ 11.7 ᠲᠦᠮᠡᠨ ᠲᠥᠭᠥᠷᠢᠭ ᠬᠦᠷᠳᠡᠵᠤ ᠪᠠᠢᠨ᠎ᠠ》 ᠭᠡᠵᠦ᠍ ᠲᠣᠰᠭᠣᠨ ᠤ᠋ ᠠᠷᠠᠳ ᠸᠠᠩ ᠵᠢᠶᠠᠨ ᠭᠦᠸᠧ ᠰᠡᠳᠭᠢᠯ ᠬᠠᠨᠤᠮᠵᠢᠲᠠᠢ ᠬᠡᠯᠡᠯ᠎ᠠ᠃

ᠠᠮᠢ ᠠᠬᠤᠶ ᠦᠷᠭᠦᠯᠵᠢᠯᠡᠨ ᠰᠠᠢᠵᠢᠷᠠᠬᠤ ᠶ᠋ᠢ ᠳᠠᠭᠠᠯᠳᠤᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠴᠦ᠍ ᠰᠠᠢᠵᠢᠷᠠᠪᠠ᠃ ᠨᠤᠭᠤ ᠭᠠᠵᠠᠷ᠎ᠲᠡᠬᠢ ᠬᠢᠶᠠᠭ ᠡᠪᠡᠰᠦ ᠵᠡᠷᠭᠡ 121 ᠵᠦᠢᠯ ᠤ᠋ᠨ ᠤᠷᠭᠤᠮᠠᠯ ᠤ᠋ᠨ ᠬᠤᠴᠢᠯᠭ᠎ᠠ ᠶᠡᠷᠦᠳᠡ ᠵᠢᠨ ᠵᠢᠯ ᠤ᠋ᠨ ᠠᠳᠠᠯᠢ ᠬᠤᠭᠤᠴᠠᠭᠠᠨ ᠤ᠋᠎ᠬᠢ ᠡᠴᠡ ᠢᠯᠡᠳᠲᠡ ᠰᠠᠢᠵᠢᠷᠠᠵᠤ᠂ ᠴᠠᠬᠤᠯᠠᠢ᠂ ᠳᠠᠰ ᠪᠦᠷᠭᠦᠳ ᠵᠡᠷᠭᠡ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠠᠩᠬ᠎ᠠ ᠤᠳᠠᠭ᠎ᠠ ᠢᠯᠡᠷᠡᠨ᠂ ᠱᠢᠪᠠᠭᠤᠨ ᠤ᠋ ᠲᠥᠷᠥᠯ ᠵᠦᠶ᠋ᠯ 5 ᠵᠢᠯ ᠤ᠋ᠨ ᠡᠮᠦᠨᠡᠬᠢ 79 ᠵᠦᠶ᠋ᠯ ᠪᠠᠢᠭ᠍ᠰᠠᠨ ᠡᠴᠡ ᠪᠠᠨ150 ᠵᠦᠶ᠋ᠯ ᠪᠤᠯᠵᠤ ᠨᠡᠮᠡᠭᠳᠡᠭᠰᠡᠨ ᠪᠠᠢᠨ᠎ᠠ᠃

《2020 ᠣᠨ ᠳ᠋ᠤ᠂ ᠴᠠᠭᠠᠨᠨᠠᠭᠤᠷ ᠤ᠋ᠨ ᠤᠰᠤᠨ ᠤ᠋ ᠲᠠᠯᠠᠪᠠᠢ 2 ᠲᠡᠭ᠌ᠰᠢ ᠳᠥᠷᠪᠡᠯᠵᠢᠨ ᠺᠢᠯᠣᠮᠧᠲ᠋ᠷ ᠴᠤ᠌ ᠬᠦᠷᠬᠦ᠌ ᠦᠭᠡᠢ ᠪᠠᠢᠪᠠ᠃ ᠣᠳᠣᠬᠠᠨ ᠳ᠋ᠤ ᠱᠠᠩᠳᠤ ᠱᠢᠶᠠᠨ ᠳ᠋ᠠᠬᠢ ᠴᠠᠭᠠᠨᠨᠠᠭᠤᠷ ᠤ᠋ᠨ ᠤᠰᠤᠨ ᠤ᠋ ᠲᠠᠯᠠᠪᠠᠶ 44.3 ᠲᠡᠭ᠌ᠰᠢ ᠳᠥᠷᠪᠡᠯᠵᠢᠨ ᠺᠢᠯᠣᠮᠧᠲ᠋ᠷ ᠢ᠋ ᠳᠠᠪᠠᠪᠠ》 ᠭᠡᠵᠤ ᠱᠠᠩᠳᠤ ᠱᠢᠶᠠᠨ ᠤ᠋ ᠨᠤᠭᠤ ᠭᠠᠵᠠᠷ ᠤ᠋ᠨ ᠬᠠᠮᠠᠭᠠᠯᠠᠯᠲᠠ ᠵᠢᠨ ᠲᠥᠪ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠢᠨᠠᠨ ᠬᠡᠮᠵᠢᠬᠦ᠌ ᠲᠠᠰᠤᠭ ᠤ᠋ᠨ ᠬᠠᠷᠢᠭᠤᠴᠠᠯᠭᠠᠲᠠᠨ ᠾᠧ ᠵᠢᠩ ᠤ᠋ᠨ ᠬᠢᠨᠠᠨ ᠬᠡᠮᠵᠢᠯᠳᠠ ᠵᠢᠨ ᠲᠡᠮᠳᠡᠭ᠌ᠯᠡᠯ ᠳ᠋ᠤ ᠴᠠᠭᠠᠨᠨᠠᠭᠤᠷ ᠤ᠋ᠨ ᠡᠨᠡ ᠬᠡᠳᠦᠨ ᠵᠢᠯ ᠤ᠋ᠨ ᠠᠮᠢ ᠠᠬᠤᠢ ᠵᠢᠨ ᠬᠤᠪᠢᠷᠠᠯᠲᠠ ᠵᠢ᠎ᠲᠣᠳᠣᠷᠬᠠᠢ ᠲᠡᠮᠳᠡᠭ᠌ᠯᠡᠵᠤ ᠪᠠᠢᠯ᠎ᠠ᠃

ᠴᠠᠭᠠᠨᠨᠠᠭᠤᠷ ᠢ᠋ ᠬᠠᠮᠠᠭᠠᠯᠠᠨ ᠰᠡᠷᠭᠦᠭᠡᠬᠦ᠌ ᠠᠵᠢᠯ ᠢ᠋ ᠦᠷᠭᠦᠯᠵᠢᠯᠡᠨ ᠭᠦᠨᠵᠡᠭᠡᠢ ᠦᠷᠨᠢᠭᠦᠯᠦᠭᠰᠡᠭᠡᠷ ᠪᠢᠯᠠ᠃ 《ᠪᠢᠳᠡ ᠨᠤᠭᠤ ᠭᠠᠵᠠᠷ ᠤ᠋ᠨ ᠠᠮᠢ ᠠᠬᠤᠶ ᠵᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠱᠢᠰᠲ᠋ᠧᠮ ᠢ᠋ ᠬᠠᠮᠵᠢᠯᠴᠠᠨ ᠪᠠᠢᠭᠤᠯᠵᠤ᠂ ᠨᠤᠭᠤ ᠭᠠᠵᠠᠷ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ ᠤ᠋ᠨ ᠢᠨᠵᠧᠨᠧᠷᠢᠩ ᠢ᠋ ᠠᠬᠢᠭᠤᠯᠤᠨ᠂ ᠲᠠᠪᠤᠰᠤ ᠬᠤᠵᠢᠷ ᠲᠤ᠌ ᠳᠠᠭᠠᠭᠠᠴᠠᠲᠠᠢ ᠤᠷᠭᠤᠮᠠᠯ᠂ ᠬᠤᠷᠤᠬᠠᠢ ᠱᠢᠪᠠᠵᠢ᠂ ᠤᠰᠤᠨ ᠤ᠋ ᠰᠢᠪᠠᠭᠤᠳ ᠢ᠋ ᠲᠠᠨᠢᠬᠤᠶ ᠵᠡᠷᠭᠡ ᠭᠤᠤᠯ ᠰᠡᠳᠦᠪᠲᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ᠌ ᠠᠵᠢᠯᠯᠠᠭ᠎ᠠ ᠶ᠋ᠢ ᠴᠤ᠌ ᠡᠷᠬᠢᠯᠡᠬᠦ ᠪᠡᠷ ᠪᠠᠢᠨ᠎ᠠ》  ᠭᠡᠵᠦ᠍ ᠶᠠᠩ ᠶᠦᠩ ᠳᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号