​ᠴᠠᠭ ᠠᠭᠤᠷ᠎ᠤᠨ ᠲᠤᠭ᠎ᠠ ᠪᠠᠷᠢᠮᠳᠠ ᠬᠢᠭᠡᠳ ᠢᠳᠡᠭᠡᠮᠵᠢᠳᠤ ᠬᠦᠷᠦᠡᠭᠭᠡ
2026-05-18 11:42:05
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠴᠠᠭ ᠠᠭᠤᠷ ᠤ᠋ᠨ ᠦᠢᠯᠡᠴᠢᠯᠡᠭᠡᠨ ᠤ᠋ ᠲᠣᠭ᠎ᠠ ᠪᠠᠷᠢᠮᠲᠠ ᠵᠢ ᠠᠰᠢᠬᠯᠠᠨ ᠪᠠᠩᠬᠢ ᠵᠢᠨ ᠵᠢᠭᠡᠯᠡᠯᠭᠡ ᠳᠠᠯᠪᠢᠪᠠ


ᠤᠢᠷ᠎ᠠ ᠳ᠋ᠤ᠂ 《ᠪᠦᠬᠦ ᠤᠷᠭᠤᠯᠳᠠ ᠵᠢᠨ ᠬᠤᠭᠤᠴᠠᠭᠠᠨ ᠳ᠋ᠡᠬᠢ ᠬᠢᠨᠠᠨ ᠬᠡᠮᠵᠢᠯᠳᠡ — ᠤᠯᠠᠨ ᠵᠦᠢᠯ ᠤ᠋ᠨ ᠭᠠᠮᠰᠢᠭ ᠢ᠋ ᠤᠷᠢᠳᠴᠢᠯᠠᠨ ᠰᠡᠷᠡᠮᠵᠢᠯᠡᠭᠦᠯᠬᠦ — ᠵᠠᠩᠬᠢᠯᠠᠭ᠎ᠠ ᠵᠢᠨ ᠦᠢᠯᠡᠳᠪᠦᠷᠢᠯᠡᠯ ᠤ᠋ᠨ ᠭᠤᠭᠴᠤᠭ᠎ᠠ ᠵᠢ ᠡᠵᠡᠮᠰᠢᠭᠦ》 ᠴᠠᠭ ᠠᠭᠤᠷ ᠤ᠋ᠨ ᠦᠢᠯᠡᠴᠢᠯᠡᠭᠡᠨ ᠤ᠋ ᠳᠤᠭ᠎ᠠ ᠪᠠᠷᠢᠮᠳᠠ ᠵᠢ ᠠᠰᠢᠬᠯᠠᠨ ᠳᠠᠯᠪᠢᠭᠰᠠᠨ ᠪᠠᠩᠬᠢ ᠵᠢᠨ ᠵᠢᠭᠡᠯᠡᠯᠭᠡ — 《 ᠪᠤᠷᠤ ᠴᠠᠷᠭᠠᠰᠤ ᠵᠢᠨ ᠠᠭᠤᠷ ᠠᠮᠢᠰᠬᠤᠯ ᠤ᠋ᠨ ᠵᠢᠭᠡᠯᠡᠯᠭᠡ 》 ᠥᠪᠥᠷ ᠮᠣᠩᠭᠣᠯ ᠤ᠋ᠨ ᠬᠤᠷᠢᠨᠬᠡᠷ ᠰᠢᠶᠠᠨ ᠳ᠋ᠤ᠌ ᠨᠠᠢᠳᠠᠪᠤᠷᠢᠵᠢᠭᠤᠯᠤᠭᠳᠠᠵᠤ᠂ ᠢᠲᠡᠭᠡᠮᠵᠢᠲᠦ ᠵᠢᠭᠡᠯᠡᠯᠭᠡ ᠪᠡᠷ ᠳᠠᠮᠵᠢᠨ ᠴᠠᠭ ᠠᠭᠤᠷ ᠤ᠋ᠨ ᠲᠣᠭ᠎ᠠ ᠪᠠᠷᠢᠮᠲᠠ ᠵᠢ 9000 ᠲᠦᠮᠡᠨ ᠲᠥᠭᠥᠷᠢᠭ ᠤ᠋ᠨ  ᠬᠥᠷᠥᠩᠭᠡ ᠪᠣᠯᠭᠠᠨ ᠬᠤᠪᠢᠷᠠᠭᠤᠯᠵᠤ᠂ ᠣᠷᠣᠨ ᠪᠦᠰᠡ ᠵᠢᠨ ᠠᠮᠢ ᠠᠬᠤᠢ ᠬᠢᠭᠡᠳ ᠠᠵᠤ ᠦᠢᠯᠡᠰ ᠤ᠋ᠨ ᠬᠥᠭᠵᠢᠯᠲᠡ ᠳ᠋ᠦ᠍ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠨᠢ ᠨᠢᠭᠡᠨ ᠳᠤᠮᠤ ᠪᠠᠶᠠᠷᠯᠠᠭᠤᠰᠢᠳᠠᠢ ᠶᠠᠪᠤᠳᠠᠯ ᠪᠤᠯᠤᠭᠰᠠᠨ ᠶᠤᠮ᠃

ᠲᠤᠰ ᠤᠳᠠᠭᠠᠨ ᠤ᠋ 《ᠠᠭᠤᠷ ᠠᠮᠢᠰᠬᠤᠯ ᠤ᠋ᠨ ᠵᠢᠭᠡᠯᠡᠯᠭᠡ》 ᠶ᠋ᠢᠨ ᠰᠢᠨ᠎ᠡ ᠡᠭᠦᠳᠦᠯᠲᠡ ᠨᠢ ᠴᠠᠭ ᠠᠭᠤᠷ ᠤ᠋ᠨ ᠲᠣᠭ᠎ᠠ ᠪᠠᠷᠢᠮᠲᠠ ᠪᠠᠷ ᠭᠣᠣᠯ ᠪᠣᠯᠭᠠᠵᠤ᠂ ᠣᠨᠣᠴᠠᠲᠠᠢ ᠬᠢᠨᠠᠨ ᠬᠡᠮᠵᠢᠬᠦ᠂ ᠭᠠᠮᠰᠢᠭ ᠢ᠋ ᠤᠷᠢᠳᠴᠢᠯᠠᠨ ᠰᠡᠷᠡᠮᠵᠢᠯᠡᠭᠦᠯᠬᠦ᠂ ᠣᠶᠤᠨᠴᠢ ᠤᠰᠤᠯᠠᠯᠲᠠ ᠵᠡᠷᠭᠡ ᠲᠧᠭᠨᠢᠭ ᠮᠡᠷᠭᠡᠵᠢᠯ ᠤ᠋ᠨ ᠠᠷᠭ᠎ᠠ ᠪᠠᠷᠢᠯ ᠲᠠᠢ ᠤᠶᠠᠯᠳᠤᠭᠤᠯᠤᠨ᠂ ᠪᠤᠷᠤ ᠴᠠᠷᠭᠠᠰᠤ ᠳᠠᠷᠢᠬᠤ ᠲᠦᠭᠰᠢᠭᠦᠷᠢ ᠵᠢᠨ ᠦᠨᠡᠯᠡᠨ ᠵᠢᠱ᠌ᠢᠯᠳᠠ᠂ ᠦᠢᠯᠡᠳᠪᠦᠷᠢᠯᠡᠯ ᠤ᠋ᠨ ᠴᠢᠳᠠᠪᠤᠷᠢ ᠵᠢᠨ ᠤᠷᠢᠳᠴᠢᠯᠠᠭᠰᠠᠨ ᠲᠥᠰᠥᠪᠯᠡᠯ ᠢ᠋ ᠮᠥᠩᠭᠥᠨ ᠭᠦᠢᠯᠭᠡᠭᠡᠨ ᠤ᠋ ᠪᠠᠢᠭᠤᠯᠤᠮᠵᠢ ᠡᠴᠡ ᠵᠢᠭᠡᠯᠡᠯᠭᠡ ᠠᠪᠬᠤ ᠳ᠋ᠤ ᠱᠠᠭᠠᠷᠳᠠᠬᠤ ᠢᠲᠡᠭᠡᠮᠵᠢᠳᠤ ᠦᠨᠳᠦᠰᠤᠯᠡᠯ ᠪᠣᠯᠭᠠᠨ ᠬᠤᠪᠢᠷᠠᠭᠤᠯᠵᠤ᠂ ᠲᠠᠷᠢᠶᠠᠯᠠᠩ ᠦᠢᠯᠡᠳᠪᠦᠷᠢᠯᠡᠯ ᠤ᠋ᠨ ᠪᠡᠯᠡ ᠬᠤᠷᠠᠮᠳᠤᠭᠤᠯᠭ᠎ᠠ ᠵᠢᠨ ᠨᠢᠭᠡᠨ ᠬᠦᠴᠢᠷᠳᠡᠯ ᠢ᠋ ᠡᠪᠳᠡᠭᠰᠡᠨ ᠪᠠᠢᠨ᠎ᠠ᠃

ᠡᠨᠡ ᠬᠦ᠌ 《ᠠᠭᠤᠷ ᠠᠮᠢᠰᠬᠤᠯ ᠤ᠋ᠨ ᠵᠢᠭᠡᠯᠡᠯᠭᠡ》 ᠵᠢᠨ ᠥᠷᠲᠡᠭ ᠨᠢ ᠠᠵᠤ ᠠᠬᠤᠢᠯᠠᠯ ᠳ᠋ᠦ᠍ 《ᠴᠢᠰᠤ ᠶᠡᠭᠦᠯᠡᠭᠰᠡᠨ》 ᠵᠢᠡᠷ ᠪᠠᠷᠠᠬᠤ ᠦᠭᠡᠢ᠂ ᠠᠮᠢ ᠠᠬᠤᠢ ᠪᠣᠯᠤᠨ ᠠᠵᠤ ᠦᠢᠯᠡᠰ ᠤ᠋ᠨ ᠢᠳᠡᠪᠬᠢ ᠣᠷᠴᠢᠯ ᠢ᠋ ᠪᠣᠢ ᠪᠣᠯᠭᠠᠬᠰᠠᠨ ᠳ᠋ᠤ ᠪᠤᠢ᠃ ᠥᠪᠥᠷ ᠮᠣᠩᠭᠣᠯ ᠨᠢ ᠠᠮᠢ ᠠᠬᠤᠢ ᠵᠢᠨ ᠬᠠᠯᠬᠠᠪᠴᠢ ᠪᠠ ᠠᠮᠤ ᠪᠤᠳᠠᠭᠠᠨ ᠤ᠋ ᠰᠠᠭᠤᠷᠢᠨ ᠪᠣᠯᠤᠭᠰᠠᠨ ᠤ᠋ ᠬᠤᠪᠢ ᠳ᠋ᠤ᠌᠂ ᠲᠣᠭ᠎ᠠ ᠪᠠᠷᠢᠮᠲᠠ ᠵᠢᠨ ᠴᠢᠳᠠᠪᠬᠢ ᠪᠠᠷ ᠳᠠᠮᠵᠢᠨ ᠲᠠᠷᠢᠶᠠᠯᠠᠩ ᠦᠢᠯᠡᠳᠪᠦᠷᠢᠯᠡᠯ ᠤ᠋ᠨ 《ᠭᠠᠮᠰᠢᠭ ᠤ᠋ᠨ ᠳᠠᠷᠠᠭᠠᠬᠢ ᠠᠪᠤᠷᠠᠨ ᠳᠤᠰᠠᠯᠠᠬᠤ》 ᠡᠴᠡ 《ᠰᠠᠨᠠᠭᠠᠴᠢᠯᠠᠭ᠎ᠠ ᠡᠴᠡ ᠪᠡᠨ ᠰᠡᠷᠭᠡᠢᠯᠡᠬᠦ》 ᠳᠠᠢᠰᠢ ᠰᠢᠯᠵᠢᠬᠦ ᠵᠢ ᠠᠬᠢᠭᠤᠯᠵᠤ᠂ ᠲᠠᠷᠢᠮᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠦᠭᠰᠡᠨ ᠵᠢᠡᠷ ᠪᠠᠷᠠᠬᠤ ᠦᠭᠡᠢ ᠪᠠᠰᠠ ᠠᠵᠤ ᠠᠬᠤᠢᠯᠠᠯ ᠤ᠋ᠨ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠣᠲᠣᠭᠠᠳᠤ ᠬᠥᠳᠡᠯᠭᠡᠬᠦ ᠬᠦᠴᠦᠨ ᠢ᠋ ᠬᠥᠭᠵᠢᠭᠡᠵᠦ᠂ ᠠᠮᠢ ᠠᠬᠤᠢ ᠵᠢᠨ ᠬᠠᠮᠠᠭᠠᠯᠠᠯᠲᠠ ᠵᠢ 《ᠬᠤᠷᠢᠭ᠎ᠠ ᠱᠤᠭᠤᠮ ᠤ᠋ᠨ ᠱᠠᠭᠠᠷᠳᠠᠯᠭ᠎ᠠ》 ᠪᠠᠢᠭᠰᠠᠨ ᠡᠴᠡ ᠬᠥᠭᠵᠢᠯᠲᠡ ᠵᠢᠨ ᠳᠠᠪᠠᠭᠤᠯᠢᠭ ᠪᠣᠯᠭᠠᠨ ᠬᠤᠪᠢᠷᠠᠭᠤᠯᠵᠠᠢ᠃

ᠴᠠᠭ ᠠᠭᠤᠷ ᠤ᠋ᠨ ᠲᠣᠭ᠎ᠠ ᠪᠠᠷᠢᠮᠲᠠ ᠨᠢ ᠢᠲᠡᠭᠡᠮᠵᠢᠳᠤ ᠬᠥᠷᠥᠩᠭᠡ ᠪᠤᠯᠵᠤ ᠬᠤᠪᠢᠷᠠᠭᠰᠠᠨ ᠨᠢ ᠠᠮᠢ ᠠᠬᠤᠢ ᠵᠢᠨ ᠡᠬᠢ ᠪᠠᠶᠠᠯᠢᠭ ᠤ᠋ᠨ ᠦᠨ᠎ᠡ ᠥᠷᠲᠡᠭ ᠲᠦ᠍ ᠰᠢᠨ᠎ᠡ ᠳᠠᠢᠯᠪᠦᠷᠢᠯᠡᠯᠳᠡ ᠬᠢᠭᠰᠡᠨ ᠶᠤᠮ᠃ ᠪᠠᠢᠭᠠᠯᠢ ᠵᠢᠨ ᠠᠶᠠᠨᠳᠠᠭᠠᠨ ᠤ᠋ ᠴᠢᠳᠠᠪᠬᠢ ᠨᠢ ᠬᠥᠭᠵᠢᠯᠲᠡ ᠵᠢᠨ ᠡᠳ᠋ ᠬᠥᠷᠥᠩᠭᠡ ᠪᠣᠯᠵᠤ ᠬᠤᠪᠢᠷᠠᠬᠤ ᠦᠶ᠎ᠡ ᠳ᠋ᠤ᠌ ᠪᠣᠬᠢᠷᠲᠤᠯ ᠦᠭᠡᠢ ᠬᠥᠭᠵᠢᠯᠲᠡ ᠨᠢ ᠬᠡᠢᠰᠪᠦᠷᠢ ᠣᠢᠯᠠᠭᠠᠭᠳᠠᠬᠤᠨ ᠳᠡᠳᠦᠢ ᠪᠢᠰᠢ ᠪᠤᠯᠵᠠᠢ᠃ ᠡᠨᠡ ᠬᠦ᠌ ᠰᠢᠨ᠎ᠡ ᠡᠭᠦᠳᠦᠯᠲᠡ ᠨᠢ ᠠᠮᠢ ᠠᠬᠤᠢ ᠬᠡᠪᠡᠷᠡᠭ ᠣᠷᠣᠨ ᠤ᠋ ᠴᠢᠨᠠᠷ ᠰᠠᠢᠲᠠᠢ ᠬᠥᠭᠵᠢᠯᠲᠡ ᠳ᠋ᠦ᠍ ᠲᠣᠭ᠎ᠠ ᠪᠠᠷᠢᠮᠲᠠ ᠪᠠᠷ ᠬᠣᠯᠪᠣᠭᠠᠰᠤ ᠪᠣᠯᠭᠠᠨ ᠠᠮᠢ ᠠᠬᠤᠢ ᠵᠢᠨ ᠬᠠᠮᠠᠭᠠᠯᠠᠯᠲᠠ ᠪᠣᠯᠤᠨ ᠠᠵᠤ ᠦᠢᠯᠡᠰ ᠤ᠋ᠨ ᠳᠡᠰ ᠲᠠᠪᠰᠢᠬᠦ ᠵᠢ ᠠᠬᠢᠭᠤᠯᠵᠤ᠂ ᠪᠤᠬᠢᠷᠳᠤᠯ ᠦᠭᠡᠢ ᠲᠠᠢᠰᠢ ᠭᠡᠯᠪᠠᠷᠢ ᠪᠠᠨ ᠬᠤᠪᠢᠷᠠᠭᠤᠯᠬᠤ᠎ᠳᠤ ᠠᠬᠢᠭᠤᠯᠬᠤ ᠦᠢᠯᠡᠳᠤᠯ ᠦᠵᠡᠬᠦᠯᠦᠭᠰᠡᠨ ᠨᠢ ᠭᠠᠷᠴᠠᠭ᠎ᠠ ᠦᠭᠡᠢ ᠶᠤᠮ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号