ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠢᠲᠠᠳ ᠡᠮ (ᠮᠤᠩᠭᠤᠯ ᠡᠮ) ᠤ᠋ᠨ ᠪᠠᠷᠢᠮᠵᠢᠶ᠎ᠠ ᠶ᠋ᠢᠨ ᠬᠠᠮᠢᠶᠠᠷᠤᠯᠳᠠ ᠶ᠋ᠢᠨ ᠨᠠᠷᠢᠨ ᠳᠦᠷᠢᠮ》 ᠢ᠋ ᠳᠤᠭᠳᠠᠭᠠᠨ ᠨᠡᠢᠳᠡᠯᠡᠵᠦ᠂ ᠪᠦᠬᠦ ᠤᠷᠤᠨ ᠤ᠋ ᠬᠢᠲᠠᠳ ᠡᠮ (ᠮᠤᠩᠭᠤᠯ ᠡᠮ) ᠤ᠋ᠨ ᠪᠠᠷᠢᠮᠵᠢᠶ᠎ᠠ ᠶ᠋ᠢ ᠳᠤᠭᠳᠠᠭᠠᠬᠤ ᠪᠠ ᠵᠠᠰᠠᠪᠤᠷᠢ ᠤᠷᠤᠭᠤᠯᠬᠤ ᠠᠵᠢᠯ ᠢ᠋ ᠴᠢᠨᠠᠭᠰᠢᠳᠠ ᠳᠦᠷᠢᠮᠵᠢᠭᠦᠯᠪᠡ᠃
ᠲᠤᠰ ᠨᠠᠷᠢᠨ ᠳᠦᠷᠢᠮ ᠳ᠋ᠤ ᠨᠡᠢᠳᠡ 6 ᠪᠦᠯᠦᠭ 40 ᠵᠦᠢᠯ ᠤ᠋ᠨ ᠠᠭᠤᠯᠭ᠎ᠠ ᠪᠠᠭᠳᠠᠵᠠᠢ᠃ ᠨᠢᠭᠡᠳᠦᠭᠡᠷ ᠪᠦᠯᠦᠭ ᠶᠡᠷᠦᠩᠬᠡᠢ ᠳᠦᠷᠢᠮ ᠤ᠋ᠨ ᠬᠡᠰᠡᠭ ᠲᠦ᠍ ᠨᠠᠷᠢᠨ ᠳᠦᠷᠢᠮ ᠢ᠋ ᠳᠤᠭᠳᠠᠭᠠᠭᠰᠠᠨ ᠵᠤᠷᠢᠯᠳᠠ᠂ ᠳᠤᠬᠢᠷᠠᠬᠤ ᠬᠡᠪᠴᠢᠶ᠎ᠠ᠂ ᠦᠨᠳᠦᠰᠦᠨ ᠵᠠᠷᠴᠢᠮ ᠪᠠ ᠠᠵᠢᠯ ᠤ᠋ᠨ ᠳᠤᠭᠳᠠᠴᠠ ᠶ᠋ᠢ ᠲᠤᠳᠤᠷᠬᠠᠢᠯᠠᠪᠠ; ᠬᠤᠶᠠᠳᠤᠭᠠᠷ ᠪᠦᠯᠦᠭ ᠪᠠᠷᠢᠮᠵᠢᠶ᠎ᠠ ᠶ᠋ᠢ ᠳᠤᠭᠳᠠᠭᠠᠬᠤ(ᠵᠠᠰᠠᠪᠤᠷᠢ ᠤᠷᠤᠭᠤᠯᠬᠤ) ᠠᠵᠢᠯ ᠤ᠋ᠨ ᠵᠢᠷᠦᠮ ᠤ᠋ᠨ ᠬᠡᠰᠡᠭ ᠲᠦ᠍ ᠲᠦᠷᠦᠯ ᠵᠦᠢᠯ ᠢ᠋ ᠪᠠᠢᠭᠤᠯᠬᠤ ᠬᠢᠭᠡᠳ ᠪᠠᠷᠢᠮᠵᠢᠶ᠎ᠠ ᠶ᠋ᠢ ᠲᠤᠭᠤᠷᠪᠢᠬᠤ᠂ ᠪᠠᠷᠢᠮᠵᠢᠶ᠎ᠠ ᠶ᠋ᠢ ᠬᠢᠨᠡᠨ ᠵᠦᠪᠰᠢᠶᠡᠷᠡᠬᠦ ᠬᠢᠭᠡᠳ ᠨᠡᠢᠳᠡᠯᠡᠬᠦ ᠭᠡᠵᠦ ᠬᠤᠶᠠᠷ ᠬᠡᠰᠡᠭ ᠲᠤ᠌ ᠬᠤᠪᠢᠶᠠᠵᠤ᠂ ᠪᠠᠷᠢᠮᠵᠢᠶ᠎ᠠ ᠶ᠋ᠢ ᠳᠤᠭᠳᠠᠭᠠᠬᠤ (ᠵᠠᠰᠠᠪᠤᠷᠢ ᠤᠷᠤᠭᠤᠯᠬᠤ)ᠠᠵᠢᠯ ᠤ᠋ᠨ ᠪᠤᠳᠠᠳᠠᠢ ᠶᠠᠪᠤᠴᠠ ᠶ᠋ᠢ ᠨᠠᠷᠢᠨ ᠳᠤᠳᠤᠷᠬᠠᠢᠯᠠᠵᠠᠢ; ᠭᠤᠷᠪᠠᠳᠤᠭᠠᠷ ᠪᠦᠯᠦᠭ ᠪᠠᠷᠢᠮᠵᠢᠶ᠎ᠠ ᠶ᠋ᠢ ᠬᠡᠷᠡᠭᠵᠢᠭᠦᠯᠬᠦ ᠪᠠ ᠬᠦᠴᠦᠨ ᠦᠭᠡᠢ ᠪᠤᠯᠭᠠᠬᠤ ᠬᠡᠰᠡᠭ ᠲᠦ᠍ ᠰᠢᠯᠵᠢᠯᠳᠡ ᠶ᠋ᠢᠨ ᠬᠤᠭᠤᠴᠠᠭ᠎ᠠ ᠪᠠ ᠬᠦᠴᠦᠨ ᠦᠭᠡᠢ ᠪᠤᠯᠭᠠᠬᠤ ᠵᠢᠷᠦᠮ ᠢ᠋ ᠲᠤᠳᠤᠷᠬᠠᠢ ᠳᠤᠭᠳᠠᠭᠠᠪᠠ;ᠳᠦᠷᠪᠡᠳᠦᠭᠡᠷ ᠪᠦᠯᠦᠭ ᠪᠠᠷᠢᠮᠵᠢᠶ᠎ᠠ ᠪᠤᠳᠠᠰ ᠤ᠋ᠨ ᠬᠡᠰᠡᠭ ᠲᠦ᠍ ᠦᠪᠡᠷᠳᠡᠭᠡᠨ ᠵᠠᠰᠠᠬᠤ ᠤᠷᠤᠨ ᠤ᠋ ᠪᠠᠷᠢᠮᠵᠢᠶ᠎ᠠ ᠪᠤᠳᠠᠰ ᠤ᠋ᠨ ᠬᠠᠮᠢᠶᠠᠷᠤᠯᠳᠠ ᠶ᠋ᠢᠨ ᠬᠠᠷᠢᠭᠤᠴᠠᠯᠭ᠎ᠠ ᠪᠠ ᠱᠠᠭᠠᠷᠳᠠᠯᠭ᠎ᠠ ᠶ᠋ᠢ ᠳᠦᠷᠢᠮᠵᠢᠭᠦᠯᠵᠠᠢ; ᠳᠠᠪᠤᠳᠤᠭᠠᠷ ᠪᠦᠯᠦᠭ ᠬᠢᠨᠠᠯᠳᠠ ᠬᠠᠮᠢᠶᠠᠷᠤᠯᠳᠠ ᠶ᠋ᠢᠨ ᠬᠡᠰᠡᠭ ᠲᠦ᠍ ᠤᠬᠠᠭᠤᠯᠤᠨ ᠲᠤᠭᠤᠰᠢᠯᠠᠭᠤᠯᠵᠤ ᠪᠤᠯᠪᠠᠰᠤᠷᠠᠯ ᠬᠦᠷᠳᠡᠭᠡᠬᠦ᠂ ᠠᠰᠠᠭᠤᠳᠠᠯ ᠢ᠋ ᠬᠢᠨᠡᠨ ᠦᠨᠡᠯᠡᠬᠦ᠂ ᠨᠢᠭᠤᠴᠠ ᠶ᠋ᠢ ᠬᠠᠮᠠᠭᠠᠯᠠᠬᠤ ᠬᠠᠷᠢᠭᠤᠴᠠᠯᠭ᠎ᠠ ᠪᠠ ᠳᠠᠩᠰᠠ ᠡᠪᠬᠡᠮᠡᠯ ᠤ᠋ᠨ ᠬᠠᠮᠢᠶᠠᠷᠤᠯᠳᠠ ᠶ᠋ᠢ ᠳᠦᠷᠢᠮᠵᠢᠭᠦᠯᠪᠠ; ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ ᠤ᠋ᠨ ᠬᠡᠰᠡᠭ ᠲᠦ᠍ ᠤᠨᠴᠠᠭᠠᠢ ᠪᠠᠢᠳᠠᠯ ᠢ᠋ ᠬᠡᠷᠬᠢᠨ ᠰᠢᠢᠳᠪᠤᠷᠢᠯᠡᠬᠦ᠂ ᠳ᠋ᠤᠭᠠᠷᠯᠠᠬᠤ ᠳᠦᠷᠢᠮ᠂ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠶ᠋ᠢ ᠲᠤᠳᠤᠷᠬᠠᠢᠯᠠᠵᠠᠢ᠃
ᠡᠭᠦᠨ ᠳ᠋ᠤ ᠪᠠᠷᠢᠮᠵᠢᠶ᠎ᠠ ᠶ᠋ᠢ ᠳᠤᠭᠳᠠᠭᠠᠬᠤ ᠪᠠ ᠵᠠᠰᠠᠪᠤᠷᠢ ᠤᠷᠤᠭᠤᠯᠬᠤ ᠲᠦᠷᠦᠯ ᠵᠦᠢᠯ ᠢ᠋ ᠪᠠᠢᠭᠤᠯᠬᠤ ᠪᠠ ᠰᠠᠨᠠᠯ ᠰᠠᠨᠠᠭᠤᠯᠭ᠎ᠠ ᠡᠯᠰᠡᠬᠦ ᠡᠴᠡ ᠲᠦᠷᠦᠯ ᠵᠦᠢᠯ ᠢ᠋ ᠨᠤᠳᠠᠯᠠᠨ ᠳᠤᠭᠳᠠᠭᠠᠬᠤ᠂ ᠪᠠᠷᠢᠮᠵᠢᠶ᠎ᠠ ᠶ᠋ᠢ ᠲᠤᠭᠤᠷᠪᠢᠬᠤ ᠨᠢᠭᠡᠴᠢ ᠶ᠋ᠢ ᠳᠤᠭᠳᠠᠭᠠᠬᠤ᠂ ᠪᠠᠷᠢᠮᠵᠢᠶ᠎ᠠ ᠶ᠋ᠢ ᠲᠤᠭᠤᠷᠪᠢᠬᠤ᠂ ᠮᠡᠷᠭᠡᠵᠢᠯ ᠤ᠋ᠨ ᠬᠢᠨᠠᠯᠳᠠ ᠬᠢᠬᠦ᠂ ᠲᠤᠰᠬᠠᠢ ᠮᠡᠷᠭᠡᠵᠢᠯᠳᠡᠨ ᠬᠢᠨᠡᠨ ᠦᠨᠡᠯᠡᠬᠦ᠂ ᠨᠡᠢᠭᠡᠮ ᠨᠡᠢᠳᠡ ᠳ᠋ᠤ ᠵᠠᠷᠯᠠᠬᠤ ᠡᠴᠡ ᠬᠡᠷᠡᠭᠵᠢᠭᠦᠯᠬᠦ ᠶ᠋ᠢ ᠵᠦᠪᠰᠢᠶᠡᠷᠡᠬᠦ ᠬᠦᠷᠳᠡᠯᠡᠬᠢ ᠪᠦᠬᠦ ᠬᠡᠯᠬᠢᠶ᠎ᠠ ᠶ᠋ᠢᠨ ᠠᠵᠢᠯ ᠤ᠋ᠨ ᠵᠢᠷᠦᠮ ᠢ᠋ ᠰᠢᠰᠲ᠋ᠧᠮ ᠲᠠᠢ ᠳᠤᠭᠳᠠᠭᠠᠵᠤ᠂ ᠡᠮᠴᠢᠯᠡᠭᠡᠨ ᠳ᠋ᠤ ᠪᠠᠴᠢᠮ ᠱᠠᠭᠠᠷᠳᠠᠭᠳᠠᠬᠤ ᠵᠡᠷᠭᠡ ᠪᠠᠢᠳᠠᠯ ᠳ᠋ᠤ ᠳᠠᠷᠤᠢ ᠲᠦᠷᠭᠡᠨ ᠲᠦᠷᠦᠯ ᠵᠦᠢᠯ ᠢ᠋ ᠪᠠᠢᠭᠤᠯᠤᠨ᠂ ᠳᠠᠷᠤᠢ ᠲᠦᠷᠭᠡᠨ ᠬᠢᠨᠡᠨ ᠵᠦᠪᠰᠢᠶᠡᠷᠡᠬᠦ ᠵᠢᠷᠦᠮ ᠢ᠋ ᠬᠡᠷᠡᠭᠵᠢᠭᠦᠯᠵᠦ ᠪᠤᠯᠤᠨ᠎ᠠ; ᠰᠢᠨ᠎ᠠ ᠪᠠᠷᠢᠮᠵᠢᠶ᠎ᠠ ᠶ᠋ᠢ ᠨᠡᠢᠳᠡᠯᠡᠭᠰᠡᠨ ᠤ᠋ ᠳᠠᠷᠠᠭ᠎ᠠ ᠵᠠᠷᠴᠢᠮ ᠳᠡᠭᠡᠷ᠎ᠠ ᠪᠡᠨ 6 ᠰᠠᠷ᠎ᠠ ᠶ᠋ᠢ ᠦᠯᠦ ᠳᠠᠪᠠᠭᠤᠯᠬᠤ ᠰᠢᠯᠵᠢᠯᠳᠡ ᠶ᠋ᠢᠨ ᠬᠤᠭᠤᠴᠠᠭ᠎ᠠ ᠤᠯᠭᠤᠨ᠎ᠠ ᠭᠡᠵᠦ ᠳᠤᠭᠳᠠᠭᠠᠪᠠ᠃