ᠲᠥᠪ᠎ᠦᠨ ᠤᠬᠠᠭᠤᠯᠬᠤ ᠬᠡᠯᠲᠡᠰ᠂ ᠪᠦᠬᠦ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠬᠠᠮᠲᠤᠷᠠᠨ 2026 ᠣᠨ᠎ᠤ 《ᠬᠠᠮᠤᠭ᠎ᠤᠨ ᠭᠤᠶᠤ ᠭᠡᠷ ᠪᠦᠯᠢ》 ᠵᠢ ᠨᠡᠢᠲᠡᠯᠡᠪᠡ
2026-05-18 10:43:03
ᠵᠣᠬᠢᠶᠠᠭ᠍ᠴᠢ᠄
ᠪᠤᠤ ᠰᠤᠷᠤᠨ᠎ᠠ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠎ᠦᠨ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠭᠡᠷ ᠪᠦᠯᠢ᠎ᠶ᠋ᠢᠨ ᠪᠣᠯᠪᠠᠰᠤᠨ᠎ᠤ ᠱᠢᠨ᠎ᠡ ᠬᠡᠪ ᠰᠤᠷᠲᠠᠯ᠎ᠢ ᠶᠡᠬᠡ᠎ᠪᠡᠷ ᠪᠠᠳᠠᠷᠠᠭᠤᠯᠬᠤ᠎ᠶ᠋ᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠪᠦᠬᠦ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠪᠦᠬᠦ᠌ ᠨᠡᠢᠭᠡᠮ᠎ᠳᠦ 2026 ᠣᠨ᠎ᠤ 《ᠬᠠᠮᠤᠭ᠎ᠤᠨ ᠭᠤᠶᠤ ᠭᠡᠷ ᠪᠦᠯᠢ》 ᠵᠢ ᠨᠡᠢᠲᠡᠯᠡᠪᠡ᠃

ᠯᠢᠦ ᠴᠤᠸᠠᠩ᠂ ᠫᠠᠩ ᠸᠧᠶ ᠲᠤᠤ᠂ ᠵᠣᠣ ᠵᠢᠤᠸᠠᠨ ᠵᠢᠤᠸᠠᠨ᠂ ᠱᠸᠨ ᠶᠦᠨ᠂ ᠵᠠᠩ ᠭᠦᠸᠧ ᠯᠢ᠂ ᠵᠠᠩ ᠶᠦᠨ᠂ ᠬᠠᠨ ᠭᠤᠸᠠᠩ ᠶᠢᠩ᠂ ᠱ᠌ᠢ ᠬᠣᠶ᠂ ᠾᠧ ᠬᠣᠩ ᠶᠢᠩ᠂ ᠰᠦᠶ ᠶᠠ ᠫᠢᠩ ᠵᠡᠷᠭᠡ 10 ᠬᠡᠷ ᠪᠦᠯᠢ ᠢᠷᠠᠭᠤ ᠠᠯᠳᠠᠷᠲᠠᠶ᠎ᠪᠠᠷ ᠰᠣᠩᠭᠣᠭ᠍ᠳᠠᠪᠠ᠃ ᠲᠡᠳᠡᠨ᠎ᠦ ᠵᠠᠷᠢᠮ ᠨᠢ ᠨᠢᠭᠡ ᠰᠡᠳᠭᠢᠯ᠎ᠢᠶᠡᠷ ᠰᠤᠳᠤᠯᠭᠠᠨ ᠬᠢᠵᠤ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠲᠤᠮᠤ ᠤᠯᠤᠰ᠎ᠤᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢᠨ ᠡᠮᠦᠨ᠎ᠡ ᠹᠷᠣᠨᠲ᠎ᠲᠤ ᠴᠢᠷᠮᠠᠢᠨ ᠲᠡᠮᠡᠴᠡᠵᠦ᠍ ᠬᠤᠪᠢ ᠨᠡᠮᠡᠷᠢ ᠦᠵᠡᠭᠦᠯᠵᠦ᠍ ᠪᠠᠢᠨ᠎ᠠ; ᠵᠠᠷᠢᠮ ᠨᠢ ᠭᠠᠷ ᠬᠣᠯᠪᠣᠨ ᠬᠥᠳᠡᠭᠡ ᠲᠣᠰᠭᠣᠨ᠎ᠳᠤ ᠦᠨᠳᠦᠰᠦᠯᠡᠵᠦ᠍᠂ ᠬᠦᠴᠦ᠍ ᠬᠥᠯᠥᠰᠥ᠍ ᠪᠠ ᠤᠶᠤᠨ ᠤᠬᠠᠭᠠᠨ᠎ᠢᠶᠠᠷ᠎ᠢᠶᠠᠨ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠪᠦᠯᠬᠦᠮᠳᠡᠭᠦᠯᠦᠨ ᠳᠠᠭᠠᠭᠤᠯᠵᠤ ᠪᠠᠶᠠᠵᠢᠯ᠎ᠤᠨ ᠵᠠᠮ᠎ᠢᠶᠠᠷ ᠵᠠᠮᠨᠠᠵᠤ ᠪᠠᠢᠨ᠎ᠠ; ᠵᠠᠷᠢᠮ᠎ᠨᠢ ᠢᠨᠠᠭ ᠬᠠᠢᠷ᠎ᠠ ᠵᠢᠨ ᠵᠠᠭᠤᠴᠢ ᠪᠤᠯᠵᠤ᠂ ᠣᠷᠣᠭ ᠢᠨᠠᠭ᠎ᠤᠨ ᠱᠢᠨ᠎ᠡ ᠰᠤᠷᠲᠠᠯ᠎ᠢ ᠪᠠᠳᠠᠷᠠᠭᠤᠯᠵᠤ ᠪᠠᠢᠨ᠎ᠠ; ᠵᠠᠷᠢᠮ ᠨᠢ ᠪᠢᠴᠢᠭ᠎ᠦᠨ ᠰᠤᠷᠪᠤᠯᠵᠢᠲᠤ ᠭᠡᠷ ᠪᠦᠯᠢ ᠪᠠᠢᠭᠤᠯᠵᠤ᠂ ᠬᠥᠷᠰᠢ ᠵᠡᠷᠭᠡᠯᠡᠳᠡᠭᠡ᠎ᠪᠡᠨ ᠳᠠᠢ᠌ᠴᠢᠯᠠᠨ ᠰᠠᠢᠨ ᠰᠤᠷᠤᠯᠴᠠᠬᠤ ᠰᠤᠷᠲᠠᠯ᠎ᠢ ᠪᠤᠢ ᠪᠣᠯᠭᠠᠵᠤ ᠪᠠᠢᠨ᠎ᠠ; ᠵᠠᠷᠢᠮ᠎ᠨᠢ ᠪᠥᠬᠥ᠌ ᠬᠡᠷ᠎ᠢᠶᠡᠷ᠎ᠢᠶᠡᠨ ᠨᠡᠢᠲᠡ᠎ᠶ᠋ᠢᠨ ᠠᠰᠠᠷᠠᠮᠵᠢ᠎ᠳᠤ ᠬᠠᠯᠠᠭᠤᠨ ᠰᠡᠳᠭᠢᠯ᠎ᠲᠡᠶ ᠪᠠᠢᠵᠤ᠂ ᠥᠨᠥᠴᠢᠨ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠳᠣᠲᠣᠨᠣᠰᠣᠭ᠎ᠢᠶᠠᠷ ᠰᠠᠬᠢᠨ ᠬᠠᠮᠠᠭᠠᠯᠠᠵᠤ ᠪᠠᠢᠨ᠎ᠠ; ᠵᠠᠷᠢᠮ ᠨᠢ ᠬᠠᠷᠢᠯᠴᠠᠨ ᠣᠢᠯᠠᠭᠠᠯᠴᠠᠵᠤ ᠬᠠᠷᠢᠯᠴᠠᠨ ᠰᠠᠬᠢᠨ ᠬᠠᠮᠠᠭᠠᠯᠠᠵᠤ᠂ ᠤᠯᠠᠨ ᠤᠯᠤᠰ᠎ᠤᠨ ᠡᠩᠬᠡ ᠲᠠᠢᠪᠤᠩ᠎ᠢ ᠬᠠᠮᠠᠭᠠᠯᠠᠬᠤ ᠡᠭᠦᠷᠭᠡ᠎ᠳᠦ ᠬᠠᠷᠢᠭᠤᠴᠠᠯᠭ᠎ᠠ ᠡᠭᠦᠷᠭᠡᠯᠡᠵᠦ᠍ ᠪᠠᠢᠭ᠎ᠠ ᠁ ᠲᠡᠳᠡ ᠭᠡᠷ ᠪᠦᠯᠢ᠎ᠶ᠋ᠢᠨ ᠰᠠᠢ᠌ᠨ ᠰᠠᠢᠬᠠᠨ ᠶᠣᠰᠣ ᠰᠤᠷᠲᠠᠬᠤᠨ᠎ᠢ ᠤᠯᠠᠮᠵᠢᠯᠠᠨ ᠵᠠᠯᠭᠠᠮᠵᠢᠯᠠᠵᠤ᠂ ᠱᠢᠯᠢᠳᠡᠭ ᠰᠠᠢ᠌ᠨ ᠭᠡᠷ᠎ᠦᠨ ᠰᠤᠷᠲᠠᠯ᠎ᠢ ᠪᠠᠷᠢᠮᠲᠠᠯᠠᠵᠤ᠂ ᠬᠤᠪᠢ ᠬᠥᠮᠦᠨ᠎ᠦ ᠵᠡᠭᠦᠳᠦ᠂ ᠭᠡᠷ ᠪᠦᠯᠢ᠎ᠶ᠋ᠢᠨ ᠵᠡᠭᠦᠳᠦ᠍᠎ᠶ᠋ᠢ ᠪᠡᠶᠡᠯᠡᠭᠦᠯᠬᠦ᠌᠎ᠶ᠋ᠢ ᠤᠯᠤᠰ᠎ᠤᠨ ᠵᠡᠭᠦᠳᠦ᠂ ᠦᠨᠳᠦᠰᠦᠲᠡᠨ᠎ᠦ ᠵᠡᠭᠦᠳᠦ᠍᠎ᠳᠦ ᠠᠭᠤᠰᠤᠯᠴᠠᠭᠤᠯᠵᠤ᠂ ᠲᠡᠮᠡᠴᠡᠯ᠎ᠦᠨ ᠳᠤᠮᠳᠠ ᠵᠣᠯ ᠵᠢᠷᠭᠠᠯ᠎ᠢ ᠡᠳ᠋ᠯᠡᠵᠦ᠍᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠳᠤᠮᠳᠠ ᠭᠣᠢᠳᠠ ᠰᠠᠢᠬᠠᠨ ᠠᠮᠵᠢᠯᠲᠠ ᠣᠯᠵᠠᠢ᠃

ᠥᠷᠭᠡᠨ ᠤᠯᠠᠨ ᠺᠠᠳ᠋ᠷ ᠤᠯᠠᠨ ᠲᠦᠮᠡᠨ᠂ ᠪᠠᠭ᠎ᠠ ᠭᠡᠷ ᠨᠢ ᠶᠡᠬᠡ ᠭᠡᠷ᠎ᠲᠡᠶ ᠬᠣᠯᠪᠣᠭ᠍ᠳᠠᠵᠤ᠂ ᠭᠡᠷ᠎ᠦᠨ ᠶᠠᠪᠤᠳᠠᠯ ᠨᠢ ᠤᠯᠤᠰ᠎ᠤᠨ ᠶᠠᠪᠤᠳᠠᠯ᠎ᠲᠠᠶ ᠬᠣᠯᠪᠣᠭ᠍ᠳᠠᠵᠤ᠂ ᠤᠯᠤᠰ ᠣᠷᠣᠨ ᠰᠠᠢ᠌ᠨ᠂ ᠦᠨᠳᠦᠰᠦᠲᠡᠨ ᠰᠠᠢ᠌ᠨ ᠪᠠᠢᠪᠠᠯ ᠭᠡᠷ ᠪᠦᠯᠢ ᠰᠠᠶᠢ ᠰᠠᠢ᠌ᠨ ᠪᠣᠯᠤᠨ᠎ᠠ᠃ 《ᠬᠠᠮᠤᠭ᠎ᠤᠨ ᠭᠤᠶᠤ ᠭᠡᠷ ᠪᠦᠯᠢ》 ᠪᠡᠷ ᠳᠠᠭᠤᠷᠢᠶᠠᠯ ᠪᠣᠯᠭᠠᠵᠤ᠂ ᠭᠡᠷ ᠪᠦᠯᠢ᠂ ᠭᠡᠷ᠎ᠦᠨ ᠰᠤᠷᠭᠠᠯ᠂ ᠭᠡᠷ᠎ᠦᠨ ᠰᠤᠷᠲᠠᠯ᠎ᠢ ᠴᠢᠬᠤᠯᠠᠴᠢᠯᠠᠵᠤ᠂ ᠭᠡᠷ ᠪᠦᠯᠢ᠎ᠶ᠋ᠢᠨ ᠡᠶ᠎ᠡ ᠨᠠᠢᠷᠲᠠᠢ ᠪᠠᠢᠬᠤ᠂ ᠲᠦᠷᠦᠯ ᠰᠠᠳᠤᠨ᠎ᠢᠶᠠᠨ ᠬᠠᠷᠢᠯᠴᠠᠨ ᠬᠠᠢᠷᠠᠯᠠᠬᠤ᠂ ᠬᠣᠢᠴᠢ ᠦᠶ᠎ᠡ᠎ᠶ᠋ᠢᠨ ᠬᠢᠨ ᠡᠷᠡᠭᠦᠯ᠎ᠢᠶᠡᠷ ᠦᠰᠦᠨ ᠪᠣᠢᠵᠢᠬᠤ᠂ ᠨᠠᠰᠤᠲᠠᠨ ᠨᠢ ᠥᠲᠡᠯᠪᠡᠯ ᠠᠰᠠᠷᠠᠮᠵᠢ᠎ᠲᠠᠶ ᠪᠠᠢᠬᠤ᠎ᠶ᠋ᠢ ᠠᠬᠢᠭᠤᠯᠬᠤ᠎ᠶ᠋ᠢᠨ ᠲᠥᠯᠥᠭᠡ ᠲᠠᠰᠤᠷᠠᠯᠳᠡ ᠦᠭᠡᠢ ᠴᠢᠷᠮᠠᠢᠵᠤ᠂ ᠮᠠᠨ᠎ᠤ 《ᠪᠠᠭ᠎ᠠ ᠭᠡᠷ ᠪᠦᠯᠢ》 ᠨᠢᠭᠡ ᠪᠦᠷᠢ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠵᠢᠡᠨ ᠡᠬᠡ ᠤᠯᠤᠰ ᠭᠡᠬᠦ᠌ ᠡᠨᠡ ᠬᠦ᠌ 《ᠶᠡᠬᠡ ᠭᠡᠷ ᠪᠦᠯᠢ》 ᠵᠢᠨ ᠡᠳᠦᠷ᠎ᠡᠴᠡ ᠡᠳᠦᠷ ᠥᠭᠡᠳᠡᠯᠡᠨ ᠮᠠᠨᠳᠤᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠢᠯᠡᠳᠭᠡᠵᠡᠭᠡᠪᠡ᠃

ᠨᠡᠢᠲᠡᠯᠡᠬᠦ᠌ ᠶᠣᠰᠣᠯᠠᠯ᠎ᠤᠨ ᠠᠬᠤᠶ ᠲᠠᠯᠠᠪᠠᠶ᠎ᠳᠤ 《ᠬᠠᠮᠤᠭ᠎ᠤᠨ ᠭᠣᠶᠣ ᠬᠡᠷ ᠪᠦᠯᠢ》 ᠶ᠋ᠢᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢᠨ ᠣᠬᠣᠷ ᠹᠢᠯᠢᠮ᠎ᠢ ᠨᠡᠪᠲᠡᠷᠡᠭᠦᠯᠵᠦ᠍᠂ ᠲᠡᠳᠡᠨ᠎ᠦ ᠬᠡᠷ ᠪᠦᠯᠢ᠎ᠶ᠋ᠢᠨ ᠥᠯᠢᠭᠡᠷ᠎ᠢ ᠣᠯᠠᠨ ᠬᠠᠷᠠᠭᠠᠰᠤ᠎ᠡᠴᠡ ᠶᠠᠷᠢᠵᠠᠶ᠃ ᠲᠥᠪ᠎ᠦᠨ ᠤᠬᠠᠭᠤᠯᠬᠤ ᠬᠡᠯᠲᠡᠰ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ ᠲᠡᠳᠡᠨ᠎ᠳᠦ 《ᠬᠠᠮᠤᠭ᠎ᠤᠨ ᠭᠣᠶᠣ ᠬᠡᠷ ᠪᠦᠯᠢ》 ᠶ᠋ᠢᠨ ᠦᠨᠡᠮᠯᠡᠯ ᠣᠯᠭᠣᠪᠠ᠃

ᠢᠷᠡᠯᠳᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号