ᠲᠦᠷᠦᠬᠦᠬᠡᠨ᠂ ᠥᠪᠥᠷ ᠮᠣᠩᠭᠣᠯ᠎ᠤᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠳᠦ ᠬᠦᠷᠴᠦ᠍ ᠬᠤᠪᠢᠰᠭᠠᠯᠲᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠥᠯᠥᠭᠡᠯᠡᠭ᠌ᠴᠢᠳ ᠦᠡᠭᠭᠡᠷᠡᠭᠰᠡᠨ ᠤ᠋ ᠣᠨ ᠰᠠᠷ᠎ᠠ᠎ᠵᠢ ᠡᠷᠭᠢᠴᠡᠭᠦᠯᠵᠦ᠍᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠵᠠᠯᠠᠭᠤ ᠠᠵᠢᠯᠲᠠᠨ ᠠᠵᠢᠯᠴᠢᠨ᠎ᠤ ᠰᠡᠳᠭᠢᠯ ᠰᠠᠨᠠᠭ᠎ᠠ᠎ᠶ᠋ᠢ ᠤᠮᠳᠠᠯᠠᠵᠤ᠂ ᠠᠵᠢᠯ ᠬᠢᠵᠦ᠍ ᠦᠶ᠋ᠯᠡᠰ ᠪᠤᠰᠭᠠᠬᠤ᠂ ᠡᠷᠡᠯᠬᠡᠭ᠌ᠯᠡᠨ ᠤᠷᠤᠭ᠍ᠰᠢᠯᠠᠬᠤ ᠵᠣᠷᠢᠭ ᠰᠠᠨᠠᠭᠠᠨ᠎ᠤ ᠬᠦᠴᠦᠨ᠎ᠢ ᠨᠢᠭ᠍ᠲᠠᠷᠠᠭᠤᠯᠪᠠ᠃
ᠲᠣᠰ ᠤᠳᠠᠭᠠᠨ᠎ᠤ ᠠᠵᠢᠯᠯᠠᠭ᠎ᠠ᠎ᠳᠤ ᠲᠤᠰᠭᠠᠶ ᠮᠡᠷᠭᠡᠵᠢᠯᠲᠡᠨ᠎ᠦ ᠬᠢᠴᠢᠶᠡᠯ ᠣᠷᠣᠬᠤ᠂ ᠲᠡᠷᠢᠭᠦᠨ᠎ᠦ ᠵᠢᠱ᠌ᠢᠶᠡᠴᠢ ᠦᠶ᠋ᠯᠡ ᠠᠵᠢᠯᠯᠠᠭ᠎ᠠ᠎ᠶ᠋ᠢ ᠬᠤᠪᠢᠶᠠᠯᠴᠠᠬᠤ ᠵᠡᠷᠭᠡ ᠭᠣᠭ᠍ᠴᠣᠭ᠎ᠠ᠎ᠶ᠋ᠢ ᠲᠣᠬᠢᠷᠠᠭᠤᠯᠵᠦ᠂ ᠥᠪᠥᠷ ᠮᠣᠩᠭᠣᠯ᠎ᠤᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠬᠤᠸᠠᠩ ᠭᠦᠸᠧ ᠼᠠᠢ᠂ ᠮᠠ ᠪᠢᠨ 《ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠡᠷᠭᠦᠨ ᠮᠠᠨᠳᠤᠯᠲᠠ᠎ᠶ᠋ᠢᠨ ᠬᠣᠱᠢᠭᠤᠴᠢ ᠪᠣᠯᠬᠤ᠎ᠪᠠᠷ ᠴᠢᠷᠮᠠᠢᠬᠤ》 ᠪᠡᠷ ᠭᠣᠣᠯ ᠰᠡᠳᠦᠪ ᠪᠣᠯᠭᠠᠵᠤ᠂ ᠴᠡᠷᠢᠭ ᠠᠩᠬᠢ᠎ᠶ᠋ᠢᠨ ᠥᠩᠭᠡᠷᠡᠯᠲᠡ ᠪᠣᠯᠤᠨ ᠬᠤᠪᠢᠰᠭᠠᠯ᠎ᠤᠨ ᠦᠯᠢᠬᠡᠷ᠎ᠢ ᠭᠦᠨ ᠰᠡᠳᠭᠢᠯᠭᠡ᠎ᠲᠡᠶ᠎ᠪᠡᠷ ᠶᠠᠷᠢᠵᠤ᠂ ᠡᠭᠡᠯ ᠪᠣᠷᠣᠭ᠍ᠵᠢᠭᠤᠨ ᠦᠭᠡ ᠶᠠᠷᠢᠶ᠎ᠠ᠎ᠪᠠᠷ ᠦᠨᠡᠨᠴᠢ ᠱᠢᠳᠤᠷᠭᠤ ᠡᠭᠦᠷᠭᠡᠯᠡᠯ᠎ᠲᠡᠶ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠌ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠳᠠᠮᠵᠢᠭᠤᠯᠪᠠ᠃
ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠯᠲᠠ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ ᠤᠷᠮᠠᠰᠢᠭᠤᠯᠤᠨ ᠵᠣᠷᠢᠭ᠍ᠵᠢᠭᠤᠯᠪᠠ᠃ ᠣᠯᠠᠨ᠎ᠢᠶᠠᠷ᠎ᠢᠶᠠᠨ᠂ ᠠᠬᠠᠮᠠᠳ ᠴᠡᠷᠢᠭ᠎ᠦᠨ ᠦᠶ᠋ᠯᠡ ᠠᠵᠢᠯᠯᠠᠭᠠᠡᠴᠠ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠤᠯᠠᠮ ᠭᠦᠨᠵᠡᠭᠡᠶ ᠣᠢᠯᠠᠭᠠᠵᠤ᠂ ᠬᠣᠢᠱᠢᠳᠠ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠵᠢᠱ᠌ᠢᠶᠡᠴᠢ ᠦᠢᠯᠡ ᠠᠵᠢᠯᠯᠠᠭ᠎ᠠ᠎ᠪᠡᠷ ᠳᠠᠭᠤᠷᠢᠶᠠᠯ ᠪᠣᠯᠭᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠶ᠋ᠯᠡᠰ ᠪᠤᠰᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃