ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠪᠣᠯᠪᠠᠰᠤᠷᠠᠯ ᠰᠣᠷᠢᠯᠲᠠ ᠥᠷᠨᠢᠭᠦᠯᠵᠡᠢ
2026-05-18 16:23:13
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠵᠡᠮᠳᠡᠭᠴᠤᠳ᠎ᠤᠨ ᠦᠢᠯᠡᠴᠢᠯᠡᠬᠡᠨ᠎ᠤ ᠬᠦᠷᠢᠶ᠎ᠡ ᠴᠠᠷᠠᠭ᠎ᠠ᠎ᠵᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠤ ᠰᠡᠷᠬᠡᠢᠯᠡᠯᠲᠡ᠎ᠵᠢᠨ ᠱᠤᠭᠤᠮ᠎ᠢ ᠦᠨᠡᠨ᠎ᠬᠦ ᠪᠡᠬᠢᠵᠢᠬᠦᠯᠬᠦ᠎ᠶᠢᠨ ᠲᠦᠯᠦᠭᠡ᠂ ᠣᠢᠷ᠎ᠠ᠎ᠳᠤ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠤᠯᠪᠤᠭ᠎ᠠ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠪᠣᠯᠪᠠᠰᠤᠷᠠᠯ ᠵᠢᠴᠢ ᠰᠣᠷᠢᠯᠲᠠ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃

ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠱᠠᠨ ᠳ᠋ᠠᠨ ᠵᠡᠭᠡᠯᠢ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠶ᠋ᠢᠨ ᠭᠠᠯ ᠤᠨᠲᠠᠷᠠᠭᠠᠭ᠍ᠴᠢ ᠡᠴᠡ ᠵᠡᠮᠳᠡᠭ᠌ᠴᠦᠳ᠎ᠦᠨ ᠦᠶ᠋ᠯᠡᠴᠢᠯᠡᠭᠡᠨ᠎ᠦ ᠲᠠᠯᠠᠪᠤᠷ᠎ᠤᠨ ᠣᠨᠴᠠᠭᠠᠶ ᠴᠢᠨᠠᠷ᠎ᠲᠠᠶ ᠤᠶᠠᠯᠳᠤᠭᠤᠯᠤᠨ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠮᠡᠳᠡᠯᠭᠡ ᠵᠢᠴᠢ ᠡᠳᠦᠷ ᠲᠤᠲᠤᠮ᠎ᠤᠨ ᠭᠠᠯ ᠴᠠᠬᠢᠯᠭᠠᠨ᠂ ᠰᠢᠲᠠᠮᠠᠬᠠᠢ ᠬᠡᠢ ᠬᠡᠷᠡᠭ᠌ᠯᠡᠬᠦ᠌ ᠠᠮᠤᠷ ᠲᠦᠪᠱᠢᠨ᠎ᠦ ᠠᠩᠬᠠᠷᠬᠤ ᠵᠦᠶ᠋ᠯᠡᠰ ᠵᠢᠴᠢ ᠭᠠᠯ᠎ᠤᠨ ᠭᠠᠮᠱᠢᠭ᠎ᠤᠨ ᠡᠬᠢᠨ᠎ᠦ ᠦᠶ᠎ᠡ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠤᠷ᠎ᠠ ᠮᠡᠷᠭᠡᠵᠢᠯ᠂ ᠭᠠᠯ ᠭᠠᠷᠤᠭ᠍ᠰᠠᠨ ᠭᠠᠵᠠᠷ ᠡᠴᠡ ᠠᠮᠢ ᠵᠢᠭᠤᠲᠠᠬᠤ ᠭᠤᠤᠯ ᠵᠦᠶ᠋ᠯᠡᠰ᠎ᠢ ᠭᠤᠤᠯᠳᠠᠯᠭ᠎ᠠ᠎ᠲᠠᠶ ᠲᠠᠢᠯᠪᠤᠷᠢᠯᠠᠪᠠ᠃ ᠵᠡᠮᠳᠡᠭ᠌ᠴᠦᠳ᠎ᠦᠨ ᠬᠥᠳᠡᠯᠵᠦ᠍ ᠪᠠᠷᠢᠬᠤ᠎ᠳᠤ ᠳᠥᠭᠥᠮ ᠦᠭᠡᠢ᠂ ᠪᠠᠴᠢᠮ ᠪᠠᠢᠳᠠᠯ᠎ᠢ ᠠᠷᠭᠠᠴᠠᠭᠠᠬᠤ᠎ᠳᠤ ᠤᠳᠠᠭᠠᠨ ᠪᠠᠢᠬᠤ ᠣᠨᠴᠠᠯᠢᠭ᠎ᠲᠤ ᠴᠢᠭ᠌ᠯᠡᠭᠦᠯᠦᠨ᠂ ᠭᠠᠯ ᠤᠨᠲᠠᠷᠠᠭᠠᠭ᠍ᠴᠢ᠎ᠡᠴᠠ ᠠᠩᠬᠠᠷᠬᠤ ᠴᠢᠬᠤᠯᠠᠲᠠᠢ ᠨᠠᠷᠢᠨ ᠵᠦᠶ᠋ᠯᠡᠰ᠎ᠢ ᠲᠤᠰᠭᠠᠢᠯᠠᠨ ᠴᠢᠬᠤᠯᠠᠴᠢᠯᠠᠵᠤ᠂ ᠰᠠᠭᠠᠳ ᠥᠬᠡᠶ ᠠᠮᠢ ᠵᠢᠭᠤᠲᠠᠬᠤ ᠨᠡᠪᠲᠡᠷᠡᠬᠦ ᠵᠠᠮ᠎ᠤᠨ ᠬᠡᠷᠡᠭ᠌ᠯᠡᠬᠦ᠌ ᠠᠷᠭ᠎ᠠ᠎ᠶ᠋ᠢ ᠲᠣᠳᠣᠷᠬᠠᠢᠯᠠᠵᠤ᠂ ᠣᠷᠣᠯᠴᠠᠭ᠍ᠴᠢ  ᠨᠢᠭᠡ ᠪᠦᠷᠢ᠎ᠵᠢᠨ ᠰᠣᠨᠣᠰᠴᠤ᠌ ᠣᠢᠯᠠᠭᠠᠬᠤ᠂ ᠪᠠᠲᠤ ᠴᠡᠭᠡᠵᠢᠯᠡᠬᠦ᠌᠂ ᠬᠡᠷᠡᠭ᠌ᠯᠡᠵᠦ᠍ ᠴᠢᠳᠠᠬᠤ᠎ᠶ᠋ᠢ ᠦᠨᠡᠨ ᠬᠦ᠌ ᠪᠠᠲᠤᠯᠠᠪᠠ᠃ ᠪᠣᠯᠪᠠᠰᠤᠷᠠᠯ ᠳᠠᠭᠤᠰᠤᠭ᠍ᠰᠠᠨ᠎ᠤ ᠳᠠᠷᠠᠭ᠎ᠠ᠂ ᠭᠠᠯ  ᠰᠡᠷᠭᠡᠢᠯᠡᠵᠦ ᠭᠠᠯ ᠤᠨᠲᠠᠷᠠᠭᠠᠬᠤ ᠰᠣᠷᠢᠯᠲᠠ ᠵᠢᠩᠬᠢᠨᠢ᠎ᠪᠡᠷ ᠡᠬᠢᠯᠡᠵᠦ᠍᠂ ᠭᠠᠯ ᠤᠨᠲᠠᠷᠠᠭᠠᠭ᠍ᠴᠢᠳ ᠲᠤᠬᠠᠶ᠎ᠶ᠋ᠢᠨ ᠲᠠᠯᠠᠪᠠᠶ᠎ᠳᠤ ᠭᠠᠯ ᠤᠨᠲᠠᠷᠠᠭᠠᠭᠤᠷ᠂ ᠭᠠᠯ  ᠰᠡᠷᠭᠡᠢᠯᠡᠵᠦ᠍ ᠭᠠᠯ ᠤᠨᠲᠠᠷᠠᠭᠠᠬᠤ ᠤᠰᠤᠨ ᠪᠦᠰᠡ ᠵᠡᠷᠭᠡ ᠦᠷᠭᠦᠯᠵᠢ ᠬᠡᠷᠡᠭ᠌ᠯᠡᠳᠡᠭ ᠪᠠᠭᠠᠵᠢ ᠬᠡᠷᠡᠭ᠌ᠰᠡᠯ᠎ᠦᠨ ᠠᠵᠢᠯᠯᠠᠬᠤ ᠠᠷᠭ᠎ᠠ ᠶ᠋ᠢ ᠭᠤᠤᠯᠳᠠᠯᠭ᠎ᠠ᠎ᠲᠠᠶ ᠲᠠᠢᠯᠪᠤᠷᠢᠯᠠᠵᠤ᠂ ᠭᠠᠯ ᠤᠨᠲᠠᠷᠠᠭᠠᠬᠤ ᠶᠠᠪᠤᠴᠠ᠎ᠶ᠋ᠢ ᠱᠢᠭᠤᠳ ᠳᠡᠯᠭᠡᠨ ᠦᠵᠡᠭᠦᠯᠵᠡᠶ᠃ ᠡᠬᠦᠨ᠎ᠳᠤ᠂ ᠭᠠᠯ ᠤᠨᠲᠠᠷᠠᠭᠠᠭ᠍ᠴᠢ᠎ᠡᠴᠠ ᠲᠤᠬᠠᠶ᠎ᠶ᠋ᠢᠨ ᠲᠠᠯᠠᠪᠠᠶ᠎ᠶ᠋ᠢᠨ ᠠᠵᠢᠯᠲᠠᠨ ᠪᠠ ᠵᠡᠮᠳᠡᠭ ᠣᠯᠠᠨ ᠲᠦᠮᠡᠨ᠎ᠦ ᠲᠥᠯᠥᠭᠡᠯᠡᠭ᠌ᠴᠢ᠎ᠶ᠋ᠢ ᠤᠷᠢᠵᠤ ᠨᠢᠭᠡᠳ ᠨᠢᠭᠡ᠎ᠪᠡᠷ ᠪᠡᠶᠡᠴᠢᠯᠡᠨ ᠣᠢᠯᠠᠭᠠᠭᠤᠯᠵᠤ᠂ ᠵᠢᠭᠠᠨ ᠵᠢᠯᠣᠭᠣᠳᠴᠤ᠌ ᠵᠠᠯᠠᠷᠠᠭᠤᠯᠤᠨ᠂ ᠨᠠᠷᠢᠨ ᠵᠦᠶ᠋ᠯᠡᠰ᠎ᠢ  ᠬᠦᠯᠢᠴᠡᠩᠭᠦᠶ᠎ᠪᠡᠷ ᠲᠠᠢᠯᠪᠤᠷᠢᠯᠠᠪᠡ᠃

ᠲᠤᠰ ᠤᠳᠠᠭ᠎ᠠ ᠵᠢᠨ ᠠᠵᠢᠯᠯᠠᠭ᠎ᠠ ᠨᠢ 《ᠣᠨᠣᠯ᠎ᠤᠨ ᠲᠠᠢᠯᠤᠮᠵᠢ + ᠪᠣᠳᠠᠲᠤ ᠪᠠᠢᠯᠳᠤᠭᠠᠨ᠎ᠤ ᠰᠣᠷᠢᠯᠲᠠ + ᠪᠣᠳᠠᠲᠤ ᠠᠵᠢᠯᠯᠠᠭ᠎ᠠ᠎ᠶ᠋ᠢ ᠪᠡᠶᠡᠴᠢᠯᠡᠨ ᠣᠢᠯᠠᠭᠠᠬᠤ》 ᠵᠠᠭ᠍ᠪᠤᠷ᠎ᠢᠶᠠᠷ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠮᠡᠳᠡᠯᠭᠡ᠎ᠶ᠋ᠢ ᠪᠣᠳᠠᠲᠠᠶ ᠠᠬᠤᠶ ᠪᠠᠢᠳᠠᠯ᠎ᠳᠤ ᠠᠭᠤᠰᠭᠠᠵᠤ᠂ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠱᠢᠰᠲ᠋ᠧᠮ᠎ᠦᠨ ᠠᠵᠢᠯᠲᠠᠨ᠎ᠤ ᠬᠠᠷᠢᠭᠤᠴᠠᠯᠭᠠᠲᠤ ᠤᠬᠠᠮᠰᠠᠷ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠴᠢᠩᠭᠠᠷᠠᠭᠤᠯᠤᠭ᠍ᠰᠠᠨ᠎ᠢᠶᠠᠷ ᠪᠠᠷᠠᠬᠤ ᠥᠬᠡᠶ᠂ ᠪᠠᠰᠠ ᠵᠡᠮᠳᠡᠭ ᠣᠯᠠᠨ ᠲᠦᠮᠡᠨ᠎ᠳᠦ ᠭᠠᠯ ᠤᠨᠲᠠᠷᠠᠭᠠᠬᠤ ᠠᠮᠤᠷ ᠲᠦᠪᠱᠢᠨ᠎ᠦ ᠮᠡᠳᠡᠯᠭᠡ᠎ᠶ᠋ᠢ ᠱᠢᠰᠲ᠋ᠧᠮ᠎ᠲᠡᠶ ᠰᠤᠷᠤᠯᠴᠠᠭᠤᠯᠵᠤ᠂ ᠥᠪᠡᠷ᠎ᠢ᠎ᠪᠡᠨ ᠠᠪᠤᠷᠬᠠᠸ᠋ ᠪᠣᠳᠠᠲᠤ ᠬᠡᠷᠡᠭ᠌ᠯᠡᠭᠡᠨ᠎ᠦ ᠤᠷ᠎ᠠ ᠴᠢᠳᠠᠪᠤᠷᠢ᠎ᠶ᠋ᠢ ᠡᠵᠡᠮᠱᠢᠭᠦᠯᠵᠦ᠍᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠦᠶ᠋ᠯᠡᠴᠢᠯᠡᠭᠡ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号