ᠥᠪᠥᠷ ᠮᠣᠩᠭᠣᠯ᠎ᠤᠨ ᠠᠩᠬᠠᠳᠠᠭ᠍ᠴᠢ ᠡᠮᠳᠤ ᠬᠦᠵᠢ ᠵᠢᠨ ᠰᠣᠶᠣᠯ᠎ᠤᠨ ᠮᠦᠽᠧᠢ ᠡᠭᠦᠳᠡ᠎ᠪᠡᠨ ᠨᠡᠭᠡᠭᠡᠪᠡ
2026-05-18 15:38:49
ᠵᠣᠬᠢᠶᠠᠭ᠍ᠴᠢ᠄
ᠬᠤᠸᠠᠡᠭ ᠹᠦ ᠰᠢᠸ᠋ ᠯᠢᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠡᠮᠳᠤ ᠬᠦᠵᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ᠎ᠪᠠᠷ ᠭᠣᠣᠯ ᠪᠣᠯᠭᠠᠭᠰᠠᠨ ᠲᠤᠰᠬᠠᠢ ᠮᠡᠷᠭᠡᠵᠢᠯ᠎ᠦᠨ ᠰᠣᠶᠣᠯ᠎ᠤᠨ ᠣᠷᠳᠣᠨ ︱ ᠡᠮᠳᠤ ᠬᠦᠵᠢ ᠵᠢᠨ ᠰᠣᠶᠣᠯ᠎ᠤᠨ ᠮᠦᠽᠧᠢ ᠡᠭᠦᠳᠡ᠎ᠪᠡᠨ ᠨᠡᠭᠡᠭᠡᠪᠡ᠃


640.jpg


ᠲᠤᠰ ᠮᠦᠽᠧᠢ ᠪᠣᠯ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠮᠳᠤ ᠬᠦᠵᠢ ᠦᠢᠯᠡᠳᠬᠦ ᠤᠷ᠎ᠠ ᠮᠡᠷᠭᠡᠵᠢᠯ᠎ᠳᠦ ᠲᠦᠰᠢᠭᠯᠡᠨ ᠪᠦᠬᠦ ᠬᠦᠴᠦᠨ᠎ᠢᠶᠡᠷ᠎ᠢᠶᠡᠨ ᠴᠣᠭᠴᠠᠯᠠᠭᠰᠠᠨ᠂ ᠳᠡᠯᠭᠡᠨ ᠦᠵᠡᠭᠦᠯᠭᠡ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ᠂ ᠭᠠᠷ ᠤᠷᠠᠯᠠᠯ᠎ᠤᠨ ᠪᠡᠶᠡᠴᠢᠯᠡᠨ ᠤᠢᠯᠠᠭᠠᠯᠳᠠ᠂ ᠰᠣᠶᠣᠯ᠎ᠤᠨ ᠤᠯᠠᠮᠵᠢᠯᠠᠯ᠎ᠢ ᠨᠢᠭᠡ ᠴᠣᠭᠴᠠᠵᠢᠭᠤᠯᠤᠭᠰᠠᠨ ᠰᠣᠶᠣᠯ᠎ᠤᠨ ᠲᠠᠯᠠᠪᠠᠢ ᠣᠷᠳᠣᠨ ᠪᠣᠯᠣᠨ᠎ᠠ᠃ ᠬᠥᠬᠡᠬᠣᠲᠠ ᠶ᠋ᠢᠨ ᠰᠠᠢᠬᠠᠨ ᠲᠣᠭᠣᠷᠢᠭ᠋᠎ᠤᠨ ᠵᠢᠨ ᠾᠧ ᠪᠠᠯᠭᠠᠰᠤᠨ᠎ᠤ ᠪᠠᠪᠠᠢ ᠲᠣᠰᠬᠣᠨ᠎ᠤ ᠡᠮᠳᠤ ᠬᠦᠵᠢ ᠵᠢᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠠᠵᠤ ᠦᠢᠯᠡᠰ᠎ᠦᠨ ᠬᠦᠷᠢᠶᠡᠯᠡᠩ᠎ᠳᠦ ᠪᠠᠢᠷᠢᠯᠠᠵᠤ᠂ 2600 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠶ᠎ᠲᠠᠢ᠂ ᠳᠣᠲᠣᠷ᠎ᠠ᠎ᠪᠠᠨ ᠲᠤᠯᠤᠭᠠᠨ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠢ ᠪᠠᠢᠭᠤᠯᠵᠤ᠂ ᠡᠮᠳᠤ ᠬᠦᠵᠢ ᠵᠢᠨ ᠮᠠᠲᠸᠷᠢᠶᠠᠯ᠂ ᠡᠷᠲᠡᠨ᠎ᠦ ᠨᠣᠮ ᠪᠢᠴᠢᠭ᠎ᠲᠡᠬᠢ ᠡᠮᠳᠤ ᠬᠦᠵᠢ ᠵᠢᠨ ᠵᠣᠷ᠂ ᠭᠠᠷ ᠤᠷᠠᠯᠠᠯ᠎ᠤᠨ ᠦᠵᠡᠭᠦᠯᠭᠡ᠂ ᠦᠨᠦᠷ᠎ᠦᠨ ᠰᠡᠷᠡᠯ᠎ᠦᠨ ᠣᠢᠯᠠᠭᠠᠯᠲᠠ᠂ ᠬᠤᠷᠰᠢᠯᠴᠠᠨ ᠵᠢᠷᠤᠭ ᠠᠪᠬᠤ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ᠂ ᠳᠡᠯᠡᠬᠡᠢ ᠬᠢᠭᠡᠳ ᠳᠤᠮᠳᠠᠳᠤ ᠤᠯᠤᠰ᠎ᠤᠨ ᠬᠦᠵᠢ ᠵᠢᠨ ᠰᠣᠶᠣᠯ᠎ᠤᠨ ᠲᠣᠢᠮᠣ᠌ ᠪᠠᠢᠳᠠᠯ᠂ ᠳᠤᠮᠳᠠᠳᠤ᠎ᠶᠢᠨ ᠡᠮᠳᠤ ᠬᠦᠵᠢ ᠵᠢᠨ ᠲᠡᠦᠬᠡᠨ ᠤᠯᠠᠷᠢᠯ ᠬᠤᠪᠢᠰᠤᠯ᠂ ᠲᠦᠭᠦᠬᠡᠢ ᠮᠠᠲᠧᠷᠢᠶᠠᠯ᠎ᠤᠨ ᠲᠥᠷᠥᠯ ᠵᠦᠢᠯ᠂ ᠬᠦᠵᠢ ᠦᠢᠯᠡᠳᠬᠦ ᠤᠷ᠎ᠠ ᠮᠡᠷᠭᠡᠵᠢᠯ᠂ ᠤᠯᠠᠮᠵᠢᠯᠠᠯ ᠬᠢᠬᠡᠳ ᠣᠲᠣ᠌ ᠦᠶ᠎ᠡ᠎ᠶᠢᠨ ᠬᠡᠷᠡᠭᠯᠡᠯᠲᠡ᠎ᠶᠢᠨ ᠬᠥᠭᠵᠢᠯᠲᠡ᠎ᠶᠢᠨ ᠰᠤᠳᠠᠰᠤ᠎ᠶᠢ ᠰᠢᠰᠲᠧᠮ᠎ᠲᠠᠢ ᠢᠯᠡᠷᠡᠭᠦᠯᠵᠤ᠂ ᠲᠣᠭᠣᠷᠢᠨ ᠦᠵᠡᠭᠴᠢᠳ᠎ᠲᠦ ᠦᠵᠡᠬᠦ᠂ ᠰᠣᠨᠣᠰᠬᠤ᠂ ᠦᠨᠦᠷᠯᠡᠬᠦ᠂ ᠲᠡᠮᠲᠡᠷᠢᠬᠦ ᠵᠡᠷᠭᠡ ᠪᠦᠷᠢᠨ ᠰᠡᠷᠡᠯ᠎ᠦᠨ ᠡᠷᠬᠡᠲᠡᠨ᠎ᠦ ᠰᠣᠶᠣᠯ᠎ᠤᠨ ᠣᠢᠯᠠᠭᠠᠯᠲᠠ᠎ᠶᠢ ᠠᠪᠴᠢᠷᠠᠵᠤ ᠥᠭᠭᠦᠨ᠎ᠡ᠃


640 (1).jpg


ᠣᠢᠯᠠᠭᠠᠭᠰᠠᠨ᠎ᠢᠶᠠᠷ᠂ ᠡᠮᠲᠦ ᠬᠦᠵᠢ᠎ᠶᠢᠨ ᠰᠣᠶᠣᠯ᠎ᠤᠨ ᠮᠦᠽᠧᠢ᠎ᠶᠢᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠎ᠤ ᠤᠬᠠᠭᠠᠨ᠂ ᠡᠮᠲᠦ ᠬᠦᠵᠢ᠎ᠶᠢᠨ ᠭᠠᠷ ᠤᠷᠠᠯᠠᠯ᠎ᠤᠨ ᠠᠵᠢᠯᠯᠠᠭ᠎ᠠ᠂ ᠲᠤᠰᠬᠠᠢ ᠰᠡᠳᠦᠪᠲᠦ ᠲᠠᠢᠯᠤᠮᠵᠢ᠂ ᠰᠣᠶᠣᠯ᠎ᠤᠨ ᠰᠣᠯᠢᠯᠴᠠᠭ᠎ᠠ ᠵᠡᠷᠭᠡ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ᠂ ᠤᠯᠠᠮᠵᠢᠯᠠᠯᠲᠤ ᠰᠣᠶᠣᠯ᠎ᠳᠤ ᠪᠠᠬᠠᠲᠠᠢ ᠬᠥᠮᠥᠰ ᠵᠢᠴᠢ ᠰᠣᠶᠣᠯ ᠵᠢᠭᠤᠯᠴᠢᠯᠠᠯ᠎ᠤᠨ ᠪᠦᠯᠬᠦᠮ᠎ᠳᠦ ᠬᠠᠨᠳᠤᠭᠤᠯᠤᠨ ᠨᠡᠭᠡᠭᠡᠵᠦ᠂ ᠰᠣᠶᠣᠯ᠎ᠢ ᠲᠦᠭᠡᠮᠡᠯᠵᠢᠭᠦᠯᠬᠦ᠂ ᠤᠷ᠎ᠠ ᠮᠡᠷᠭᠡᠵᠢᠯ᠎ᠢ ᠤᠯᠠᠮᠵᠢᠯᠠᠬᠤ᠂ ᠰᠤᠳᠤᠯᠤᠨ ᠰᠤᠷᠤᠯᠴᠠᠬᠤ᠎ᠶᠢ ᠦᠢᠯᠡᠳᠦᠯᠭᠡᠵᠢᠭᠦᠯᠬᠦ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠎ᠶᠢ ᠨᠢᠭᠡ ᠴᠣᠭᠴᠠᠵᠢᠭᠤᠯᠤᠭᠰᠠᠨ ᠤᠯᠠᠨ ᠨᠡᠶ᠋ᠢᠲᠡ᠎ᠶᠢᠨ ᠰᠣᠶᠣᠯ᠎ᠤᠨ ᠲᠠᠪᠴᠠᠩ᠎ᠢ ᠪᠠᠢᠭᠤᠯᠵᠤ᠂ ᠬᠥᠳᠡᠭᠡ ᠲᠣᠰᠬᠣᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ ᠪᠠ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ᠎ᠳᠦ ᠬᠦᠴᠦᠨ ᠨᠡᠮᠡᠷᠢᠯᠡᠨ᠎ᠡ᠃


640 (2).jpg

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号