ᠤᠯᠤᠰ᠎ᠤᠨ
ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 5 ᠰᠠᠷ᠎ᠠ᠎ᠶᠢᠨ 14᠎ᠦ ᠡᠳᠦᠷ 《ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠬᠣᠲᠠ᠂
ᠦᠷᠡᠵᠢᠯ᠎ᠦᠨ ᠨᠥᠬᠥᠷᠰᠡᠭ ᠨᠢᠭᠡᠴᠢ᠎ᠶᠢ ᠡᠭᠦᠳᠦᠨ ᠪᠠᠶ᠋ᠢᠭᠤᠯᠬᠤ ᠬᠠᠮᠢᠶᠠᠷᠤᠯᠲᠠ᠎ᠶᠢᠨ ᠠᠷᠭ᠎ᠠ》᠎ᠶᠢ ᠨᠡᠢᠲᠡᠯᠡᠵᠦ᠂ ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠬᠣᠲᠠ᠂ ᠦᠷᠡᠵᠢᠯ᠎ᠦᠨ
ᠨᠥᠬᠥᠷᠰᠡᠭ ᠨᠢᠭᠡᠴᠢ᠎ᠶᠢ ᠡᠭᠦᠳᠦᠨ ᠪᠠᠶ᠋ᠢᠭᠤᠯᠬᠤ᠎ᠳᠤ 3 ᠵᠢᠯ ᠪᠦᠷᠢ ᠵᠢ ᠨᠢᠭᠡ ᠦᠶᠡᠯᠡᠯ᠎ᠦᠨ ᠬᠤᠭᠤᠴᠠᠭ᠎ᠠ
ᠪᠣᠯᠭᠠᠵᠤ᠂ ᠦᠶᠡᠯᠡᠯ ᠪᠦᠷᠢ ᠳ᠋ᠤ ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠬᠣᠲᠠ (ᠲᠤᠰᠬᠠᠢ ᠣᠷᠣᠨ ᠬᠣᠲᠠ᠎ᠶᠢᠨ ᠲᠠᠰ)᠎ᠶᠢ 10 ᠡᠴᠠ
ᠬᠡᠲᠦᠷᠡᠭᠦᠯᠬᠦ ᠦᠭᠡᠢ᠂ ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠬᠣᠲᠠ (ᠰᠢᠶᠠᠨ᠎ᠤ ᠲᠠᠰ)᠎ᠶᠢ 30᠎ᠠᠴᠠ
ᠬᠡᠲᠦᠷᠡᠭᠦᠯᠬᠦ ᠦᠭᠡᠢ᠂ ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠨᠢᠭᠡᠴᠢ᠎ᠶᠢ 200᠎ᠠᠴᠠ ᠬᠡᠲᠦᠷᠡᠭᠦᠯᠬᠦ
ᠦᠭᠡᠢ ᠭᠡᠵᠦ ᠲᠣᠳᠣᠷᠬᠠᠢ ᠲᠣᠭᠲᠠᠭᠠᠪᠠ᠃
ᠪᠥᠬᠥ ᠤᠯᠤᠰ᠎ᠤᠨ
ᠦᠷᠡᠵᠢᠯ᠎ᠦᠨ ᠨᠥᠬᠥᠷᠰᠡᠭ ᠬᠣᠲᠠ᠎ᠶᠢ ᠡᠭᠦᠳᠦᠨ ᠪᠠᠶ᠋ᠢᠭᠤᠯᠬᠤ ᠭᠡᠳᠡᠭ ᠨᠢ ᠬᠣᠲᠠ᠎ᠪᠠᠷ ᠨᠢᠭᠡᠴᠢ ᠪᠣᠯᠭᠠᠵᠤ᠂
ᠠᠵᠤ ᠠᠬᠤᠢ᠂ ᠴᠠᠭ ᠬᠤᠭᠤᠴᠠᠭ᠎ᠠ᠂ ᠦᠢᠯᠡᠴᠢᠯᠡᠭᠡ᠂ ᠰᠣᠶᠣᠯ ᠵᠡᠷᠭᠡ ᠲᠠᠯ᠎ᠠ᠎ᠶᠢᠨ ᠳᠡᠮᠵᠢᠯᠭᠡ᠎ᠶᠢᠨ ᠠᠷᠭ᠎ᠠ
ᠬᠡᠮᠵᠢᠶ᠎ᠡ᠎ᠶᠢ ᠲᠡᠭᠦᠯᠳᠡᠷᠵᠢᠭᠦᠯᠬᠦ᠎ᠪᠡᠷ ᠳᠠᠮᠵᠢᠭᠤᠯᠤᠨ᠂ ᠭᠡᠷ ᠪᠦᠯᠢ᠎ᠶᠢᠨ ᠦᠷᠡᠵᠢᠯ᠂ ᠦᠰᠭᠡᠨ
ᠬᠦᠮᠦᠵᠢᠭᠦᠯᠭᠦ᠂ ᠰᠤᠷᠭᠠᠨ ᠬᠥᠮᠦᠵᠢᠯ᠎ᠤᠨ ᠳᠠᠷᠤᠭᠠᠰᠤ ᠶᠢ ᠪᠦᠲᠦᠮᠵᠢᠲᠡᠶ ᠬᠦᠩᠭᠡᠷᠡᠭᠦᠯᠵᠦ᠂ ᠣᠯᠠᠨ
ᠲᠦᠮᠡᠨ᠎ᠳᠦ ᠲᠠᠭᠠᠰᠢᠶᠠᠭᠳᠠᠬᠰᠠᠨ᠂ ᠭᠡᠷ ᠪᠦᠯᠢ ᠵᠣᠯ ᠵᠢᠷᠭᠠᠯ ᠲᠠᠢ᠂ ᠨᠡᠢᠭᠡᠮ ᠡᠶ᠎ᠡ ᠵᠣᠬᠢᠴᠠᠩᠭᠤᠢ ᠪᠠᠢᠳᠠᠯ᠎ᠢ
ᠴᠢᠷᠮᠠᠢᠨ ᠪᠡᠶᠡᠯᠡᠭᠦᠯᠵᠦ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠵᠢᠭᠠᠵᠤ
ᠪᠠᠢᠨ᠎ᠠ᠃
ᠪᠦᠬᠦ ᠤᠯᠤᠰ᠎ᠤᠨ
ᠦᠷᠡᠵᠢᠯ᠎ᠦᠨ ᠨᠥᠬᠥᠷᠰᠡᠭ ᠨᠢᠭᠡᠴᠢ᠎ᠶᠢ ᠡᠭᠦᠳᠦᠨ ᠪᠠᠶ᠋ᠢᠭᠤᠯᠬᠤ ᠭᠡᠳᠡᠭ ᠨᠢ ᠬᠥᠮᠥᠨ ᠬᠡᠷᠡᠭᠯᠡᠬᠦ
ᠨᠢᠭᠡᠴᠢ᠎ᠪᠡᠷ ᠨᠢᠭᠡᠴᠢ ᠪᠣᠯᠭᠠᠨ᠂ ᠦᠷᠡᠵᠢᠯ᠎ᠦᠨ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ
ᠨᠠᠢᠳᠠᠪᠤᠷᠢᠵᠢᠭᠤᠯᠬᠤ ᠪᠠᠷ ᠳᠠᠮᠵᠢᠭᠤᠯᠤᠨ᠂ ᠠᠵᠢᠯᠲᠠᠨ ᠠᠵᠢᠯᠴᠢᠨ᠎ᠤ ᠬᠥᠩᠭᠡᠵᠢᠬᠦ᠂ ᠦᠷ᠎ᠡ ᠬᠡᠦᠬᠡᠳ᠎ᠢᠶᠡᠨ
ᠥᠰᠬᠡᠨ ᠬᠥᠮᠥᠵᠢᠭᠦᠯᠬᠦ᠂ ᠰᠤᠷᠭᠠᠨ ᠬᠥᠮᠥᠵᠢᠭᠦᠯᠬᠦ᠎ᠳᠦ ᠰᠠᠢᠨ ᠰᠠᠢᠬᠠᠨ ᠨᠥᠬᠥᠴᠡᠯ ᠪᠦᠷᠢᠯᠳᠦᠭᠦᠯᠦᠨ ᠥᠭᠴᠦ᠂
ᠠᠵᠢᠯᠲᠠᠨ ᠠᠵᠢᠯᠴᠢᠨ᠎ᠤ ᠠᠵᠢᠯ ᠪᠠ ᠭᠡᠷ ᠪᠦᠯᠢ᠎ᠶᠢᠨ ᠬᠠᠷᠢᠴᠠᠭ᠎ᠠ ᠪᠡᠨ ᠲᠡᠩᠴᠡᠭᠦᠷᠢᠲᠡᠢ ᠪᠠᠢᠯᠭᠠᠬᠤ ᠵᠢ ᠲᠡᠮᠵᠢᠵᠤ᠂
ᠦᠷᠡᠵᠢᠯ ᠢ ᠬᠦᠨᠳᠦᠳᠬᠡᠬᠦ᠂ ᠦᠷᠡᠵᠢᠯ᠎ᠢ ᠳᠡᠮᠵᠢᠬᠦ ᠨᠡᠢᠭᠡᠮ᠎ᠦᠨ ᠠᠭᠤᠷ ᠠᠮᠢᠰᠬᠤᠯ᠎ᠢ ᠴᠢᠷᠮᠠᠢᠨ ᠪᠤᠢ
ᠪᠣᠯᠭᠠᠬᠤ᠎ᠶᠢ ᠵᠢᠭᠠᠵᠤ ᠪᠠᠢᠨ᠎ᠠ᠃
ᠬᠠᠮᠢᠶᠠᠷᠤᠯᠲᠠ᠎ᠶᠢᠨ
ᠠᠷᠭ᠎ᠠ ᠶᠢ ᠦᠨᠳᠦᠰᠦᠯᠡᠪᠡᠯ᠂ ᠪᠥᠬᠥ ᠤᠯᠤᠰ᠎ᠤᠨ ᠦᠷᠡᠵᠢᠯ᠎ᠦᠨ ᠨᠥᠬᠥᠷᠰᠡᠭ ᠬᠣᠲᠠ᠂ ᠦᠷᠡᠵᠢᠯ᠎ᠦᠨ ᠨᠥᠬᠥᠷᠰᠡᠭ
ᠨᠢᠭᠡᠴᠢ᠎ᠶᠢ ᠡᠭᠦᠳᠦᠨ ᠪᠠᠶ᠋ᠢᠭᠤᠯᠬᠤ᠎ᠳᠤ ᠰᠠᠢᠨ ᠳᠤᠷ᠎ᠠ᠎ᠠᠴᠠ᠎ᠪᠠᠨ ᠮᠡᠳᠡᠭᠦᠯᠬᠦ᠂ ᠮᠤᠵᠢ᠎ᠶᠢᠨ ᠱᠠᠲᠤᠨ᠎ᠠᠴᠠ
ᠲᠠᠨᠢᠯᠴᠠᠭᠤᠯᠬᠤ᠂ ᠬᠢᠨᠠᠨ ᠲᠣᠭᠲᠠᠭᠠᠵᠤ ᠰᠢᠯᠭᠠᠨ ᠠᠪᠬᠤ᠂ ᠨᠡᠢᠭᠡᠮ ᠨᠡᠶ᠋ᠢᠲᠡ ᠳ᠋ᠤ ᠵᠠᠷᠯᠠᠨ ᠨᠡᠢᠲᠡᠯᠡᠬᠦ᠂
ᠮᠠᠭᠠᠳᠯᠠᠨ ᠲᠣᠭᠲᠠᠭᠠᠵᠤ ᠨᠡᠷᠡᠢᠳᠬᠦ ᠲᠡᠰ ᠲᠠᠷᠠᠭᠠᠯᠠᠯ ᠶᠣᠰᠣᠭᠠᠷ ᠶᠠᠪᠤᠭᠳᠠᠭᠤᠯᠤᠨ᠎ᠠ᠃