ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ ᠠᠩᠬᠠᠳᠠᠭ᠍ᠴᠢ ᠪᠦᠯᠦᠭ᠎ᠤᠨ ᠲᠣᠭᠠᠴᠢᠯᠠᠭᠰᠠᠨ ᠰᠤᠷᠭᠠᠨ ᠬᠥᠮᠦᠵᠢᠯ᠎ᠦᠨ 《ᠭᠠᠳᠠᠭ᠍ᠰᠢ ᠭᠠᠷᠴᠤ ᠶᠠᠪᠤᠭᠰᠠᠨ》 20 ᠨᠡᠢᠲᠡᠯᠢᠭ ᠵᠢᠱ᠌ᠢᠶ᠎ᠡ᠎ᠶᠢ ᠨᠡᠢᠲᠡᠯᠡᠪᠡ᠂ ᠡᠭᠦᠨ᠎ᠳᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《Microbiology》 ᠣᠯᠠᠨ ᠤᠯᠤᠰ᠎ᠤᠨ ᠲᠠᠪᠴᠠᠩ᠎ᠤᠨ ᠬᠢᠴᠢᠶᠡᠯ᠎ᠦᠨ ᠳᠡᠯᠭᠡᠷᠡᠭᠦᠯᠦᠯᠲᠡ ᠪᠠ ᠬᠡᠷᠡᠭᠯᠡᠭᠡᠨ᠎ᠦ ᠵᠢᠱ᠌ᠢᠶᠡᠰᠤᠩᠭᠤᠭᠳᠠᠵᠤ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ᠎ᠦᠨ ᠪᠠᠢᠭᠤᠯᠤᠯᠲᠠ᠎ᠶᠢᠨ ᠲᠣᠭᠠᠴᠢᠯᠠᠭᠰᠠᠨ ᠲᠡᠢᠰᠢ ᠬᠡᠯᠪᠡᠷᠢ᠎ᠪᠠᠨ ᠬᠤᠪᠢᠷᠠᠭᠤᠯᠬᠤ ᠪᠠ ᠡᠬᠢ ᠪᠠᠶᠠᠯᠢᠭ᠋᠎ᠤᠨ 《ᠭᠠᠳᠠᠭ᠍ᠰᠢ ᠭᠠᠷᠴᠤ ᠶᠠᠪᠤᠬᠤ》 ᠳ᠋ᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠢᠯᠡᠳᠦᠯᠭᠡ᠎ᠶᠢᠨ ᠥᠯᠢᠭᠡᠷ ᠵᠠᠭᠪᠤᠷ ᠬᠠᠩᠭᠠᠭᠰᠠᠨ ᠪᠠᠢᠨ᠎ᠠ ᠃
ᠲᠣᠰ ᠤᠳᠠᠭ᠎ᠠ ᠵᠢᠨ ᠰᠣᠩᠭᠣᠭᠳᠠᠭᠰᠠᠨ ᠨᠡᠢᠳᠡᠯᠢᠭ ᠵᠢᠱ᠌ᠢᠶ᠎ᠡ᠎ᠨᠢ ᠰᠢᠯᠢᠳᠡᠭ ᠬᠢᠴᠢᠶᠡᠯ᠎ᠦᠨ ᠡᠬᠢ ᠪᠠᠶᠠᠯᠢᠭ᠋᠎ᠢ ᠳᠡᠯᠡᠬᠡᠢᠵᠢᠭᠦᠯᠦᠨ ᠳᠡᠯᠭᠡᠷᠡᠭᠦᠯᠬᠦ ᠪᠠ ᠬᠡᠷᠡᠭᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠣᠭᠠᠴᠢᠯᠠᠭᠰᠠᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠴᠢᠬᠤᠯᠠᠴᠢᠯᠠᠵᠤ᠂ ᠰᠤᠷᠭᠠᠨ ᠬᠥᠮᠦᠵᠢᠯ᠎ᠦᠨ ᠭᠠᠳᠠᠭᠠᠳᠤ ᠨᠡᠭᠡᠭᠡᠯᠲᠡ᠎ᠶᠢ ᠰᠠᠨᠠᠭᠠᠴᠢᠯᠠᠭ᠎ᠠ ᠠ᠋ᠴᠠ᠎ᠪᠠᠨ ᠠᠬᠢᠭᠤᠯᠤᠭᠰᠠᠨ᠎ᠤ ᠪᠡᠯᠭᠡ ᠲᠡᠮᠳᠡᠭ ᠪᠣᠯᠵᠤ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠲᠣᠭᠠᠴᠢᠯᠠᠭᠰᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠪᠠᠢᠭᠤᠯᠤᠯᠲᠠ᠂ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶᠢᠨ ᠲᠠᠯ᠎ᠠ᠎ᠪᠠᠷ ᠬᠢ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠ ᠢᠯᠡ ᠲᠣᠳᠣ᠌ ᠣᠨᠴᠠᠯᠢᠭ᠋᠎ᠢ ᠭᠦᠢᠴᠡᠳ ᠢᠯᠡᠷᠡᠭᠦᠯᠦᠭᠰᠡᠨ ᠪᠠᠢᠨ᠎ᠠ᠃
ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠯᠳᠠ ᠵᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠮᠠᠯ ᠤᠶᠤᠨ ᠴᠢᠳᠠᠪᠤᠷᠢ ᠪᠡᠷ ᠴᠢᠳᠠᠪᠤᠷᠢ ᠣᠯᠭᠣᠬᠤ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠠᠵᠢᠯᠯᠠᠭᠠᠨ᠎ᠤ ᠲᠥᠰᠥᠯ (2025 ︱ 2027 ᠣᠨ)》 ᠢ᠋ ᠳᠠᠷᠤᠮᠠᠯᠯᠠᠨ ᠲᠠᠷᠬᠠᠭᠠᠵᠤ᠂ ᠳᠡᠭᠡᠳᠦ ᠰᠤᠷᠭᠠᠭᠤᠯᠢ᠎ᠶᠢᠨ ᠳᠤᠭᠠᠴᠢᠯᠠᠯᠳᠠ ᠪᠡᠷ ᠴᠢᠳᠠᠪᠤᠷᠢ ᠣᠯᠭᠣᠬᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ ᠬᠢᠭᠡᠳ ᠠᠭᠤᠯᠤᠭᠳᠠᠬᠤᠨ᠎ᠤ ᠬᠥᠭᠵᠢᠯᠲᠡ᠎ᠶᠢ ᠪᠥᠬᠥ ᠲᠠᠯ᠎ᠠ᠎ᠪᠠᠷ ᠬᠥᠲᠥᠯᠥᠨ ᠵᠢᠯᠣᠭᠣᠳᠪᠠ᠃ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ ᠪᠠ ᠦᠢᠯᠡᠳᠦᠯᠭᠡ᠎ᠶᠢᠨ ᠠᠬᠢᠭᠤᠯᠤᠯ ᠳᠣᠣᠷ᠎ᠠ᠂ ᠣᠢᠷ᠎ᠠ᠎ᠶᠢᠨ ᠬᠣᠶᠠᠷ ᠵᠢᠯ᠎ᠳᠦ ᠪᠥᠬᠥ ᠣᠷᠣᠨ᠎ᠳᠤ ᠵᠣᠬᠢᠶᠠᠮᠠᠯ ᠤᠶᠤᠨ ᠴᠢᠳᠠᠪᠤᠷᠢ ᠵᠢᠨ ᠢᠨᠵᠧᠨᠧᠷᠢᠩ᠂ ᠮᠠᠰᠢᠨ ᠬᠥᠮᠥᠨ᠎ᠦ ᠢᠨᠵᠧᠨᠧᠷᠢᠩ ᠵᠡᠷᠭᠡ 12 ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠴᠡᠭ᠎ᠢ ᠰᠢᠨ᠎ᠡ᠎ᠪᠡᠷ ᠨᠡᠮᠡᠭᠳᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠬᠢᠷᠢ ᠲᠦᠪᠰᠢᠨ ᠬᠢᠭᠡᠳ ᠪᠠᠭ᠍ᠰᠢ ᠰᠣᠷᠣᠭ᠍ᠴᠢ᠎ᠶᠢᠨ ᠵᠣᠬᠢᠶᠠᠮᠠᠯ ᠤᠶᠤᠨ ᠴᠢᠳᠠᠪᠤᠷᠢ ᠵᠢᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠪᠡ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ 《ᠦᠪᠦᠷ ᠮᠤᠩᠭᠤᠯ᠎ᠤᠨ ᠪᠠᠭ᠍ᠰᠢ᠎ᠶᠢᠨ ᠰᠤᠷᠭᠠᠭᠤᠯᠢ᠎ᠶᠢᠨ ᠰᠦᠯᠵᠢᠶ᠎ᠠ》 ᠬᠡᠬᠦ ᠬᠠᠮᠢᠶᠠᠷᠤᠯᠲᠠ᠎ᠶᠢᠨ ᠲᠠᠪᠴᠠᠩ᠎ᠳᠤ ᠲᠦᠰᠢᠭᠯᠡᠨ᠂ ᠬᠠᠮᠢᠶᠠᠷᠤᠯᠲᠠ᠎ᠶᠢᠨ ᠠᠷᠭ᠎ᠠ ᠮᠠᠶᠢᠭ᠋᠎ᠢ ᠳᠠᠬᠢᠨ ᠪᠠᠶ᠋ᠢᠭᠤᠯᠬᠤ᠂ ᠲᠤᠰᠬᠠᠢ ᠮᠡᠷᠭᠡᠵᠢᠯ᠎ᠦᠨ ᠰᠢᠰᠲᠧᠮ᠎ᠦᠨ ᠰᠢᠨ᠎ᠡ᠎ᠶᠢ ᠡᠭᠦᠳᠬᠦ ᠵᠡᠷᠭᠡ ᠪᠠᠢᠯᠳᠤᠬᠤ ᠪᠣᠳᠣᠯᠭ᠎ᠠ᠎ᠶᠢᠨ ᠠᠷᠭ᠎ᠠ ᠵᠠᠮ᠎ᠢᠶᠠᠷ ᠳᠠᠮᠵᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠪᠥᠬᠥ ᠶᠠᠪᠤᠴᠠ᠎ᠶᠢ ᠬᠠᠮᠤᠷᠤᠭᠰᠠᠨ ᠣᠶᠤᠨᠴᠢᠯᠠᠭᠰᠠᠨ ᠵᠢᠭ᠍ᠰᠠᠭᠠᠯ᠎ᠢ ᠪᠣᠶ ᠪᠣᠯᠭᠠᠪᠠ; ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ 《 AI+ ᠠᠨᠠᠭᠠᠬᠤ ᠤᠬᠠᠭᠠᠨ᠎ᠤ ᠰᠤᠷᠭᠠᠨ ᠬᠥᠮᠦᠵᠢᠯ》 ᠤ᠋ᠨ ᠣᠶᠤᠨᠴᠢ ᠴᠣᠭᠴᠠ᠎ᠶᠢ ᠰᠤᠳᠤᠯᠤᠨ ᠨᠡᠭᠡᠭᠡᠵᠦ ᠂ ᠬᠢᠴᠢᠶᠡᠯ᠎ᠦᠨ ᠦᠵᠡᠯ ᠰᠠᠨᠠᠭ᠎ᠠ ᠤᠯᠤᠰ ᠲᠥᠷᠥ᠂ ᠶᠡᠷᠦᠩᠬᠡᠢᠯᠡᠭᠰᠡᠨ ᠬᠠᠮᠢᠶᠠᠷᠤᠯᠲᠠ᠂ ᠣᠶᠤᠨᠴᠢ ᠬᠢᠴᠢᠶᠡᠯ᠂ ᠦᠢᠯᠡᠳᠦᠯᠭᠡ᠎ᠶᠢᠨ ᠵᠢᠭᠠᠨ ᠰᠤᠷᠭᠠᠯᠲᠠ ᠵᠡᠷᠭᠡ ᠲᠠᠪᠴᠠᠩ᠎ᠢ ᠨᠡᠢᠳᠬᠡᠵᠦ᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠦᠨ ᠪᠥᠬᠥ ᠲᠠᠯᠠᠪᠤᠷ᠎ᠢ ᠬᠠᠮᠤᠷᠤᠭᠰᠠᠨ ᠣᠶᠤᠨᠴᠢ ᠦᠢᠯᠡᠴᠢᠯᠡᠭᠡᠨ᠎ᠦ ᠰᠢᠰᠲᠧᠮ᠎ᠢ ᠪᠠᠢᠭᠤᠯᠪᠠ; ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠨᠢ ᠲᠣᠮᠣ᠌ ᠬᠡᠯᠡᠨ᠎ᠦ ᠵᠠᠭᠪᠤᠷ ᠪᠠ ᠮᠡᠳᠡᠯᠭᠡ᠎ᠶᠢᠨ ᠬᠥᠮᠥᠷᠭᠡ᠎ᠶᠢᠨ ᠬᠠᠢᠨ ᠰᠦᠪᠡᠭᠴᠢᠯᠡᠯᠲᠡ᠎ᠳᠦ ᠰᠠᠭᠤᠷᠢᠯᠠᠨ᠂ 《ᠬᠢᠴᠢᠶᠡᠯ ᠬᠥᠮᠦᠵᠢᠯ᠎ᠦᠨ AI ᠬᠠᠪᠰᠤᠷᠤᠭ᠍ᠴᠢ 》᠂ 《ᠼᠠᠢ ᠰᠢᠶᠣᠣ ᠵᠢᠶᠦ᠋ᠨ》 ᠭᠡᠬᠦ ᠬᠣᠶᠠᠷ ᠵᠦᠢᠯ᠎ᠦᠨ ᠵᠣᠬᠢᠶᠠᠮᠠᠯ ᠣᠶᠤᠨ ᠴᠢᠳᠠᠪᠤᠷᠢ ᠵᠢᠨ ᠬᠠᠪᠰᠤᠷᠤᠭ᠍ᠴᠢ᠎ᠶᠢ ᠪᠡᠶ᠎ᠡ᠎ᠪᠡᠨ ᠳᠠᠭᠠᠭᠠᠨ ᠨᠡᠭᠡᠭᠡᠨ ᠬᠥᠭᠵᠢᠭᠦᠯᠵᠦ᠂ ᠵᠢᠭᠠᠨ ᠰᠤᠷᠭᠠᠯᠲᠠ᠎ᠶᠢᠨ ᠠᠵᠢᠯᠯᠠᠭᠠᠨ᠂ ᠬᠢᠴᠢᠶᠡᠯ ᠬᠥᠮᠦᠵᠢᠯ᠎ᠦᠨ ᠬᠠᠮᠢᠶᠠᠷᠤᠯᠲᠠ ᠪᠠ ᠰᠤᠷᠭᠠᠭᠤᠯᠢ᠎ᠶᠢᠨ ᠬᠦᠷᠢᠶᠡᠨ᠎ᠦ ᠦᠢᠯᠡᠴᠢᠯᠡᠭᠡ᠎ᠶᠢ ᠨᠠᠷᠢᠯᠢᠭ᠋ ᠣᠨᠣᠴᠠᠲᠠᠢ᠎ᠪᠠᠷ ᠴᠢᠳᠠᠪᠤᠷᠢ ᠤᠯᠭᠤᠪᠠ᠃