《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》 ᠦᠵᠡᠰᠬᠦᠯᠡᠩ ᠡᠬᠢᠯᠡᠪᠡ
2026-05-19 10:50:57
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ 18 ᠤ᠋ ᠡᠳᠤᠷ᠂ 2026 ᠣᠨ ᠤ᠋ ᠣᠯᠠᠨ ᠤᠯᠤᠰ ᠤ᠋ᠨ ᠮᠦᠽᠧᠶ ᠶ᠋ᠢᠨ ᠡᠳᠦᠷ ᠤ᠋ᠨ ᠳᠤᠮᠳᠠᠳᠤ ᠤᠯᠤᠰ ᠤ᠋ᠨ ᠭᠤᠤᠯ ᠬᠤᠷᠠᠯ ᠤ᠋ᠨ ᠲᠠᠯᠠᠪᠠᠶ ᠶ᠋ᠢᠨ ᠣᠨᠴᠠ ᠦᠵᠡᠭᠦᠯᠭᠡ ᠪᠤᠯᠬᠤ 《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》 ᠦᠵᠡᠰᠬᠦᠯᠡᠩ ᠥᠪᠥᠷ ᠮᠣᠩᠭᠣᠯ ᠤ᠋ᠨ ᠮᠦᠽᠧᠶ ᠳ᠋ᠦ ᠡᠬᠢᠯᠡᠪᠡ᠃

ᠦᠵᠡᠰᠭᠦᠯᠡᠩ ᠳ᠋ᠦ ᠪᠡᠭᠡᠵᠢᠩ᠂ ᠲᠢᠶᠠᠨᠵᠢᠨ᠂ ᠾᠧᠪᠧᠢ᠂ ᠱᠠᠨ ᠰᠢ᠂ ᠥᠪᠥᠷ ᠮᠣᠩᠭᠣᠯ᠂ ᠯᠢᠶᠣᠤᠨᠢᠩ᠂ ᠬᠠᠷᠠᠮᠥ᠋ᠷᠡᠨ᠂ ᠭᠠᠨᠰᠦ᠂ ᠬᠥᠬᠡᠨᠠᠭᠤᠷ᠂ ᠶᠦᠨᠨᠠᠨ᠂ ᠰᠸᠴᠤᠸᠠᠨ᠂ ᠵᠢᠶᠠᠩᠰᠢ᠂ ᠱᠠᠨᠳᠦ᠋ᠩ᠂ ᠵᠧᠵᠢᠶᠠᠩ ᠪᠤᠯᠤᠨ ᠬᠤᠪᠸᠢ ᠵᠡᠷᠭᠡ ᠭᠠᠵᠠᠷ ᠤ᠋ᠨ ᠤᠯᠤᠰ ᠤ᠋ᠨ ᠥᠮᠴᠢᠯᠡᠯᠲᠦ 58 ᠮᠦᠽᠧᠶ ᠪᠠ ᠰᠣᠶᠣᠯ ᠤ᠋ᠨ ᠦᠵᠡᠰᠬᠦᠯᠡᠩ ᠤ᠋ᠨ ᠪᠠᠢᠭᠤᠯᠤᠮᠵᠢ ᠳ᠋ᠦ ᠬᠠᠳᠠᠭᠠᠯᠠᠵᠦ ᠪᠠᠢᠭ᠎ᠠ 386 ᠢᠵᠢ ᠬᠦᠷᠡᠯ᠂ ᠠᠯᠲᠠ ᠪᠠ ᠬᠠᠰ ᠡᠳ᠋ᠯᠡᠯ ᠢ᠋ ᠳᠡᠯᠬᠡᠨ᠂ ᠱᠢᠨ᠎ᠡ ᠴᠢᠯᠠᠭᠤᠨ ᠵᠡᠪᠰᠡᠭ ᠤ᠋ᠨ ᠦᠶ᠎ᠡ ᠡᠴᠡ ᠮᠢᠩ ᠴᠢᠩ ᠤ᠋ᠨ ᠦᠶ᠎ᠡ ᠪᠣᠯᠲᠠᠯᠠᠬᠢ 9000 ᠵᠢᠯ ᠤ᠋ᠨ ᠲᠥᠯᠥᠭᠡᠯᠡᠬᠦ᠌ ᠴᠢᠨᠠᠷᠲᠠᠶ ᠡᠳ᠋ ᠡᠷᠳᠡᠨᠢᠰ ᠢ᠋ ᠡᠮᠬᠢᠯᠡᠨ ᠦᠵᠡᠬᠦᠯᠵᠦ᠂ ᠳᠤᠮᠳᠠᠳᠤ ᠤᠯᠤᠰ ᠤ᠋ᠨ ᠡᠷᠲᠡᠨ ᠤ᠋ ᠪᠣᠳᠠᠰ ᠤ᠋ᠨ ᠪᠣᠯᠪᠠᠰᠤᠨ ᠪᠠ ᠣᠶᠤᠨ ᠤ᠋ ᠶᠢᠷᠲᠢᠨᠴᠦ᠍ ᠶ᠋ᠢᠨ ᠠᠭᠤᠰᠤᠯᠴᠠᠯ ᠢ᠋ ᠬᠦᠨᠵᠡᠬᠡᠢ ᠢᠯᠡᠷᠡᠭᠦᠯᠵᠠᠢ᠃

ᠦᠵᠡᠰᠬᠦᠯᠡᠩ ᠤ᠋ᠨ ᠨᠢᠬᠡᠳᠦᠭᠡᠷ ᠪᠦᠯᠦᠭ ᠲᠦ᠍᠂ ᠱᠢᠨ᠎ᠡ ᠴᠢᠯᠠᠭᠤᠨ ᠵᠡᠪᠰᠡᠭ ᠤ᠋ᠨ ᠴᠠᠭ ᠦᠶ᠎ᠡ ᠪᠣᠯ ᠳᠤᠮᠳᠠᠳᠤ ᠶ᠋ᠢᠨ ᠬᠠᠰ ᠤ᠋ᠨ ᠰᠣᠶᠣᠯ ᠤ᠋ᠨ ᠰᠣᠶᠣᠭᠠᠯᠠᠯ ᠪᠠ ᠰᠠᠭᠤᠷᠢ ᠲᠠᠯᠪᠢᠬᠰᠠᠨ ᠴᠠᠭ ᠦᠶ᠎ᠡ᠂ ᠪᠠᠰᠠ ᠴᠤ᠌ ᠳᠣᠷᠣᠨᠠᠳᠠᠬᠢᠨ ᠤ᠋ ᠭᠤᠤ᠎ᠠ ᠲᠠᠭᠠᠱᠢᠶᠠᠯ ᠪᠠ ᠶᠣᠰᠣᠯᠠᠯ ᠤ᠋ᠨ ᠲᠦᠷᠢᠮ ᠤ᠋ᠨ ᠪᠣᠯᠪᠠᠰᠤᠨ ᠤ᠋ ᠴᠢᠬᠤᠯᠠ ᠡᠬᠢᠯᠡᠯᠲᠡ ᠵᠢᠨ ᠦᠶ᠎ᠠ ᠭᠡᠳᠡᠭ ᠢ᠋ ᠬᠠᠷᠠᠭᠤᠯᠵᠠᠢ; ᠬᠣᠶᠠᠳᠤᠭᠠᠷ ᠪᠦᠯᠦᠭ ᠲᠦ᠍᠂ ᠬᠦᠷᠡᠯ ᠵᠡᠪᠰᠡᠭ ᠤ᠋ᠨ ᠦᠶ᠎ᠡ ᠳ᠋ᠦ ᠬᠦᠷᠡᠯ ᠪᠣᠯᠤᠨ ᠬᠠᠰ ᠨᠢ ᠡᠷᠬᠡ ᠪᠠ ᠢᠲᠡᠭᠡᠯ ᠪᠢᠱᠢᠷᠡᠯ ᠤ᠋ᠨ ᠭᠤᠤᠯᠯᠠᠬᠤ ᠠᠴᠢᠶᠠᠯᠠᠭ᠍ᠴᠢ ᠪᠠᠢᠵᠦ᠂ ᠨᠢᠭ᠍ᠲᠠ ᠴᠢᠩᠭ᠎ᠠ ᠶᠣᠰᠣᠯᠠᠯ ᠬᠥᠭ᠌ᠵᠢᠮ ᠤ᠋ᠨ ᠲᠦᠷᠢᠮ ᠳ᠋ᠦ ᠣᠷᠣᠭᠤᠯᠤᠭᠰᠠᠨ ᠢ᠋ ᠦᠵᠡᠬᠦᠯᠦᠨ ᠳᠠᠢᠯᠪᠤᠷᠢᠯᠠᠵᠠᠢ; ᠭᠤᠷᠪᠠᠳᠤᠭᠠᠷ ᠪᠦᠯᠦᠭ ᠲᠦ᠍᠂ ᠴᠦᠨ ᠴᠢᠦ ᠪᠠᠢᠯᠳᠤᠭᠠᠨᠲᠤ ᠤᠯᠤᠰ ᠡᠴᠡ ᠴᠢᠨ ᠤᠯᠤᠰ ᠬᠠᠨ ᠤᠯᠤᠰ ᠤ᠋ᠨ ᠦᠶ᠎ᠡ ᠬᠦᠷᠲᠡᠯᠡᠬᠢ ᠬᠤᠭᠤᠴᠠᠭᠠᠨ ᠳ᠋ᠦ ᠠᠯᠳᠠ ᠪᠠ ᠬᠠᠰ ᠤ᠋ᠨ ᠠᠭᠤᠰᠤᠯᠴᠠᠨ ᠬᠦᠭᠵᠢᠭᠰᠡᠨ ᠪᠠᠢᠳᠠᠯ ᠢ᠋ ᠳᠠᠢᠯᠪᠤᠷᠢᠯᠠᠵᠦ᠂ ᠳᠤᠮᠳᠠᠳᠤ ᠤᠯᠤᠰ ᠤ᠋ᠨ ᠠᠯᠳᠠ ᠬᠠᠰ ᠤ᠋ᠨ ᠭᠠᠷ ᠤᠷᠠᠯᠠᠯ ᠶᠣᠰᠣᠯᠠᠯ ᠤ᠋ᠨ ᠳᠦᠷᠢᠮ ᠡᠴᠡ ᠣᠷᠭᠢᠯ ᠳ᠋ᠠᠭᠠᠨ ᠬᠦᠷᠴᠦ᠍᠂ ᠢᠯᠡ ᠲᠣᠳᠣ ᠴᠠᠭ ᠦᠶ᠎ᠡ ᠶ᠋ᠢᠨ ᠠᠭᠤᠷ ᠠᠮᠢᠰᠭᠤᠯ ᠢ᠋ ᠪᠤᠶ ᠪᠣᠯᠭᠠᠭᠰᠠᠨ ᠢ᠋ ᠦᠵᠡᠬᠦᠯᠵᠡᠢ; ᠳᠥᠷᠪᠡᠳᠦᠭᠡᠷ ᠪᠦᠯᠦᠭ ᠲᠦ᠍᠂ ᠳᠣᠷᠣᠨᠠᠳᠠᠬᠢᠨ ᠪᠠ ᠥᠷᠥᠨᠡᠳᠠᠬᠢᠨ ᠤ᠋ ᠰᠣᠶᠣᠯ ᠤ᠋ᠨ ᠶᠡᠬᠡ ᠰᠣᠯᠢᠯᠴᠠᠭ᠎ᠠ ᠶ᠋ᠢᠨ ᠠᠬᠤᠶ ᠪᠠᠢᠳᠠᠯ ᠳᠤᠤᠷ᠎ᠠ ᠳᠤᠮᠳᠠᠳᠤ ᠶ᠋ᠢᠨ ᠠᠯᠲᠠ ᠬᠠᠰ ᠤ᠋ᠨ ᠭᠠᠷ ᠤᠷᠠᠯᠠᠯ ᠣᠯᠠᠨ ᠡᠱᠢᠵᠢᠨ ᠠᠭᠤᠰᠤᠯᠴᠠᠵᠤ᠂ ᠬᠡᠪ ᠨᠠᠮᠪᠠ ᠨᠢ ᠲᠠᠰᠤᠷᠠᠯᠲᠠ ᠥᠬᠡᠶ ᠬᠤᠪᠢᠷᠠᠭᠰᠠᠨ ᠪᠠᠢᠳᠠᠯ ᠢ᠋ ᠦᠵᠡᠬᠦᠯᠵᠡᠢ; ᠲᠠᠪᠤᠳᠤᠭᠠᠷ ᠪᠦᠯᠦᠭ ᠲᠦ᠍᠂ ᠮᠢᠩ ᠤᠯᠤᠰ ᠴᠢᠩ ᠤᠯᠤᠰ ᠤ᠋ᠨ ᠦᠶ᠎ᠡ ᠳ᠋ᠦ ᠨᠢᠭᠡᠳᠦᠭ᠌ᠰᠡᠨ ᠣᠯᠠᠨ ᠦᠨᠳᠦᠰᠦᠲᠡᠨ ᠲᠡᠶ ᠤᠯᠤᠰ ᠤ᠋ᠨ ᠠᠬᠤᠶ ᠪᠠᠢᠳᠠᠯ ᠳᠤᠤᠷ᠎ᠠ ᠠᠯᠲᠠᠨ ᠡᠳ᠋ᠯᠡᠯ ᠪᠠ ᠬᠠᠰ ᠡᠳ᠋ᠯᠡᠯ ᠨᠢ ᠣᠷᠳᠣᠨ ᠤ᠋ ᠶᠣᠰᠣᠯᠠᠯ᠂ ᠦᠨᠳᠦᠰᠦᠲᠡᠨ ᠤ᠋ ᠶᠠᠪᠤᠯᠴᠠᠭ᠎ᠠ ᠪᠠ ᠡᠭᠡᠯ ᠠᠷᠠᠳ ᠤ᠋ᠨ ᠥᠯᠵᠡᠶ ᠪᠡᠯᠭᠡᠲᠦ ᠰᠣᠶᠣᠯ ᠤ᠋ᠨ ᠴᠢᠬᠤᠯᠠ ᠠᠴᠢᠶᠠᠯᠠᠭ᠍ᠴᠢ ᠪᠣᠯᠵᠣ᠂ ᠠᠯᠲᠠ ᠬᠠᠰ ᠤ᠋ᠨ ᠭᠠᠷ ᠤᠷᠠᠯᠠᠯ ᠨᠢ ᠦᠶ᠎ᠡ ᠦᠶ᠎ᠡ ᠶ᠋ᠢᠨ ᠶᠡᠬᠡ ᠠᠮᠵᠢᠯᠲᠠ ᠵᠢ ᠬᠤᠷᠠᠮᠳᠤᠭᠤᠯᠤᠭ᠍ᠰᠠᠨ ᠪᠠ ᠠᠯᠲᠠ ᠬᠠᠰ ᠨᠢ ᠪᠠᠭᠠᠵᠢ ᠬᠡᠷᠡᠭ᠌ᠰᠡᠯ ᠡᠴᠡ ᠪᠡᠨ ᠬᠣᠪᠣᠷ ᠨᠠᠨᠳᠢᠨ᠂ ᠰᠠᠢᠨ ᠰᠠᠢᠬᠠᠨ᠂ ᠪᠠᠲᠤ ᠪᠡᠬᠢ᠂ ᠠᠷᠢᠭᠤᠨ ᠴᠡᠪᠡᠷ ᠣᠶᠤᠨ ᠰᠠᠨᠠᠭᠠᠨ ᠤ᠋ ᠲᠡᠮᠳᠡᠭ ᠪᠣᠯᠵᠤ᠂ ᠡᠶ᠎ᠡ ᠨᠠᠢᠷᠲᠠᠶ ᠪᠠᠢᠬᠤ᠂ ᠭᠤᠤ᠎ᠠ ᠰᠠᠢᠬᠠᠨ ᠪᠦᠬᠦᠨ ᠢ᠋ ᠬᠠᠮᠲᠤ ᠪᠠᠷ ᠡᠳ᠋ᠯᠡᠬᠦ᠌ ᠬᠦᠰᠡᠯ ᠢ᠋ ᠰᠢᠩᠭᠡᠭᠡᠵᠦ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠰᠣᠶᠣᠯ ᠤ᠋ᠨ ᠲᠡᠮᠳᠡᠭ ᠪᠠ ᠭᠤᠤ᠎ᠠ ᠲᠠᠭᠠᠱᠢᠶᠠᠯ ᠤ᠋ᠨ ᠭᠧᠨ ᠪᠣᠯᠵᠣ᠂ ᠳᠣᠷᠣᠨᠠᠳᠠᠬᠢᠨ ᠤ᠋ ᠭᠤᠤ᠎ᠠ ᠰᠠᠢᠬᠠᠨ ᠤ᠋ ᠤᠬᠠᠭᠠᠨ ᠤ᠋ ᠬᠡᠪ ᠳᠠᠭᠤᠷᠢᠶᠠᠯ ᠪᠤᠯᠤᠭᠰᠠᠨ ᠢ᠋ ᠦᠵᠡᠬᠦᠯᠵᠠᠢ᠃

ᠤᠢᠯᠠᠭᠠᠭᠰᠠᠨ ᠵᠢᠡᠷ᠂ ᠲᠤᠰ ᠦᠵᠡᠰᠬᠦᠯᠡᠩ 8 ᠰᠠᠷ᠎ᠠ ᠶ᠋ᠢᠨ 31 ᠤ᠋ ᠡᠳᠦᠷ ᠪᠣᠯᠲᠠᠯ᠎ᠠ ᠦᠷᠬᠦᠯᠵᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号