ᠦᠪᠤᠷ ᠮᠤᠩᠭᠤᠯ ᠤ᠋ᠨ 12 ᠠᠢᠮᠠᠭ ᠬᠤᠳᠠ ᠵᠢᠨ ᠮᠦᠽᠸᠢ ᠵᠢᠨ ᠰᠤᠶᠤᠯ ᠦᠵᠡᠰᠬᠦᠯᠡᠡᠭ ᠤ᠋ᠨ ᠶᠡᠷᠤᠡᠭᠭᠡᠢᠯᠡᠭᠰᠡᠨ ᠦᠵᠡᠬᠦᠯᠭᠡ ᠶᠠᠪᠤᠭᠳᠠᠪᠠ
2026-05-19 10:54:22
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ 18 ᠤ᠋ ᠡᠳᠤᠷ ᠪᠤᠯ ᠤᠯᠠᠨ ᠤᠯᠤᠰ ᠤ᠋ᠨ ᠮᠦᠽᠸᠢ ᠵᠢᠨ ᠡᠳᠤᠷ ᠪᠤᠯᠤᠨ᠎ᠠ᠃ ᠲᠤᠰ ᠡᠳᠤᠷ ᠤᠯᠤᠰ ᠤ᠋ᠨ ᠲᠡᠤᠭᠡ ᠵᠢᠨ ᠲᠤᠷᠠᠰᠬᠠᠯᠳᠤ ᠵᠦᠢᠯᠡᠰ ᠤ᠋ᠨ ᠲᠤᠪᠴᠢᠶ᠎ᠠ ᠪᠤᠯᠤᠨ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠡᠴᠡ ᠭᠤᠤᠯᠯᠠᠨ ᠡᠷᠬᠢᠯᠡᠵᠤ᠂ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠡᠭᠭᠢᠮ᠂ ᠦᠪᠤᠷ ᠮᠤᠡᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠡᠤᠭᠡ ᠵᠢᠨ ᠲᠤᠷᠠᠰᠬᠠᠯᠳᠤ ᠵᠦᠢᠯᠡᠰ ᠤ᠋ᠨ ᠲᠤᠪᠴᠢᠶ᠎ᠠ᠂ ᠬᠦᠬᠡᠬᠤᠳᠠ ᠵᠢᠨ ᠠᠷᠠᠳ ᠤ᠋ᠨ ᠵᠠᠰᠠᠭ ᠤ᠋ᠨ ᠤᠷᠳᠤᠨ ᠪᠤᠯᠤᠨ ᠲᠤᠮᠳᠠᠳᠤ ᠤᠯᠤᠰ ᠤ᠋ᠨ ᠮᠦᠽᠸᠢ ᠵᠢᠨ ᠨᠡᠢᠭᠡᠮᠯᠢᠭ ᠡᠴᠡ ᠲᠠᠭᠠᠭᠠᠴᠢᠯᠠᠨ ᠡᠷᠬᠢᠯᠡᠭᠰᠡᠨ《ᠦᠪᠤᠷ ᠮᠤᠩᠭᠤᠯ ᠤ᠋ᠨ 12 ᠠᠢᠮᠠᠭ ᠬᠤᠳᠠ ᠵᠢᠨ ᠮᠦᠽᠸᠢ ᠵᠢᠨ ᠰᠤᠶᠤᠯ ᠦᠵᠡᠰᠬᠦᠯᠡᠡᠭ ᠤ᠋ᠨ ᠶᠡᠷᠤᠡᠭᠭᠡᠢᠯᠡᠭᠰᠡᠨ ᠦᠵᠡᠬᠦᠯᠭᠡ》 ᠬᠦᠬᠡᠬᠤᠳᠠ ᠵᠢᠨ ᠶᠡᠭᠡ ᠵᠤᠤ ᠠᠭᠤᠳᠠᠮ ᠲᠠᠯᠠᠪᠠᠢ ᠳ᠋ᠦ ᠨᠢᠵᠢᠬᠢᠷ ᠰᠠᠢᠬᠠᠨ ᠶᠠᠪᠤᠬᠳᠠᠪᠠ᠃

ᠦᠵᠡᠬᠦᠯᠭᠡ ᠨᠢ ᠲᠤᠮᠳᠠᠳᠤ ᠵᠢᠨ ᠦᠨᠳᠤᠰᠤᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠭᠤᠤᠯ ᠰᠢᠵᠢᠮ ᠤ᠋ᠨ ᠲᠤᠭᠤᠷᠢᠨ ᠳ᠋ᠦ 《ᠦᠪᠡᠷ ᠦᠪᠡᠷ ᠤ᠋ᠨ ᠢ᠋ᠶ᠋ᠡᠨ ᠪᠠᠬᠠᠷᠬᠠᠵᠤ᠂ ᠭᠤᠸ᠎ᠠ ᠰᠠᠢᠬᠠᠨ ᠪᠦᠬᠦᠨ ᠢ᠋ ᠬᠠᠮᠳᠤ ᠪᠡᠷ ᠡᠳ᠋ᠯᠠᠶ᠎ᠠ》 ᠪᠡᠷ ᠦᠢᠯᠠᠭᠠᠬᠳᠠᠬᠤᠨ ᠪᠤᠯᠭᠠᠵᠠᠢ᠃ 《ᠪᠢᠳᠡ ᠱᠠᠭᠠᠵᠠᠡᠭ ᠤᠷᠠᠯᠠᠯ ᠵᠢᠡᠷ ᠭᠤᠤᠯ ᠰᠡᠳᠤᠪ ᠪᠤᠯᠭᠠᠬᠰᠠᠨ ᠴᠤᠮᠤ᠂ ᠬᠤᠨᠳᠠᠭ᠎ᠠ ᠵᠢᠴᠢ ᠲᠡᠤᠭᠡ ᠵᠢᠨ ᠲᠤᠷᠠᠰᠬᠠᠯᠳᠤ ᠵᠦᠢᠯᠡᠰ ᠢ᠋ ᠲᠠᠭᠤᠷᠢᠶᠠᠵᠤ ᠬᠢᠭᠰᠡᠨ ᠪᠦᠳᠦᠬᠡᠯᠴᠢ ᠰᠤᠶᠤᠯ ᠤ᠋ᠨ ᠦᠢᠯᠡᠳᠬᠦᠨ ᠵᠢᠡᠨ ᠠᠪᠴᠢᠷᠠᠬᠰᠠᠨ ᠶᠤᠮ᠃ ᠡᠬᠦᠨ ᠳ᠋ᠦ ᠵᠢᠭᠤᠯᠴᠢᠯᠠᠬᠰᠠᠳ ᠭᠤᠤᠯᠳᠠᠭᠤ ᠲᠠᠯ᠎ᠠ ᠨᠤᠳᠤᠭ ᠤ᠋ᠨ ᠤᠨᠴᠠᠯᠢᠬᠳᠤ ᠦᠢᠯᠡᠳᠬᠦᠨ ᠢ᠋ ᠢᠯᠡᠬᠦᠤ ᠠᠡᠭᠬᠠᠷᠴᠤ ᠬᠤᠳᠠᠯᠳᠤᠨ ᠠᠪᠴᠤ ᠪᠤᠢ》 ᠬᠡᠵᠤ ᠤᠯᠠᠭᠠᠨᠴᠠᠪ ᠬᠤᠳᠠ ᠵᠢᠨ ᠮᠦᠽᠸᠢ ᠵᠢᠨ ᠠᠵᠢᠯᠳᠠᠨ ᠵᠠᠡᠭ ᡁᠢ ᠬᠤᠸᠠ ᠰᠤᠷᠪᠤᠯᠵᠢᠯᠠᠭᠴᠢ ᠳ᠋ᠤ ᠲᠠᠨᠢᠯᠴᠠᠭᠤᠯᠤᠨ᠎ᠠ᠃

ᠦᠵᠡᠬᠦᠯᠭᠡ ᠳ᠋ᠤ ᠦᠪᠤᠷ ᠮᠤᠩᠭᠤᠯ ᠤ᠋ᠨ 12 ᠠᠢᠮᠠᠭ ᠬᠤᠳᠠ ᠵᠢᠨ ᠮᠦᠽᠸᠢ ᠵᠢᠨ ᠬᠢᠨ ᠲᠦᠯᠤᠬᠡᠯᠡᠬᠦ ᠴᠢᠨᠡᠷᠳᠠᠢ ᠲᠡᠥᠭᠡ ᠵᠢᠨ ᠲᠤᠷᠠᠰᠬᠠᠯᠳᠤ ᠵᠦᠢᠯᠡᠰ ᠵᠢᠡᠨ ᠭᠤᠤᠯᠳᠠᠢ ᠲᠠᠯᠬᠡᠨ ᠦᠵᠡᠬᠦᠯᠵᠤ᠂ ᠪᠠᠰᠠ ᠬᠡᠳᠤᠨ ᠠᠷᠪᠠᠨ ᠲᠦᠷᠤᠯ ᠤ᠋ᠨ ᠲᠦᠮᠡ ᠰᠢᠬᠠᠮ ᠪᠦᠳᠦᠬᠡᠯᠴᠢ ᠰᠤᠶᠤᠯ ᠤ᠋ᠨ ᠦᠢᠯᠡᠳᠬᠦᠨ ᠵᠢᠡᠨ ᠲᠡᠯᠭᠡᠨ ᠪᠤᠷᠤᠯᠠᠭᠤᠯᠵᠠᠢ᠃ 《ᠡᠨᠡ ᠦᠵᠡᠬᠦᠯᠭᠡ ᠶᠡᠭᠡ ᠰᠠᠢᠬᠠᠨ ᠪᠤᠯᠤᠯ᠎ᠠ᠂ ᠨᠢᠬᠡ ᠯᠡ ᠲᠡᠬᠡᠷ᠎ᠠ ᠪᠦᠬᠦ ᠤᠷᠤᠨ ᠤ᠋ ᠡᠯ᠎ᠠ ᠠᠢᠮᠠᠭ ᠬᠤᠳᠠ ᠵᠢᠨ ᠮᠦᠽᠸᠢ ᠵᠢᠨ ᠲᠤᠢᠮᠤ ᠪᠠᠢᠳᠠᠯ ᠢ᠋ ᠦᠢᠯᠠᠭᠠᠴᠢᠬᠠᠨ᠎ᠠ᠃ ᠡᠯ᠎ᠠ ᠮᠦᠽᠸᠢ ᠵᠢᠨ ᠪᠦᠳᠦᠬᠡᠯᠴᠢ ᠰᠤᠶᠤᠯ ᠤ᠋ᠨ ᠦᠢᠯᠡᠳᠬᠦᠨ ᠴᠸ᠋ ᠦᠪᠡᠷ ᠦᠪᠡᠷ ᠤ᠋ᠨ ᠵᠢᠡᠨ ᠤᠨᠴᠠᠯᠢᠭ ᠲᠠᠢ᠂ ᠮᠠᠰᠢ ᠭᠤᠶᠤ ᠪᠠᠢᠨ᠎ᠠ᠃ ᠵᠢᠱ᠌ᠢᠶᠡᠯᠡᠪᠡᠯ᠂ ᠬᠦᠯᠤᠨ ᠪᠤᠢᠷ ᠤ᠋ᠨ ᠬᠢᠨ ᠨᠠᠷᠠᠨ ᠬᠡᠤᠭᠡᠨ ᠤ᠋ ᠵᠡᠬᠦᠯᠳᠡ ᠮᠡᠳᠤ ᠵᠢᠨ ᠵᠦᠢᠯᠡᠰ ᠵᠢᠡᠨ ᠲᠡᠯᠭᠡᠨ ᠦᠵᠡᠬᠦᠯᠵᠤ᠂ ᠤᠯᠠᠭᠠᠨᠬᠠᠳᠠ ᠵᠢᠨ ᠮᠦᠽᠸᠢ ᠨᠢ ᠬᠠᠰ ᠯᠤᠤ ᠵᠢᠨ ᠰᠤᠶᠤᠯ ᠵᠢᠡᠨ ᠭᠠᠢᠬᠠᠭᠤᠯᠵᠤ ᠪᠠᠢᠨ᠎ᠠ》 ᠬᠡᠵᠤ ᠦᠵᠡᠬᠦᠯᠬᠡ ᠵᠢ ᠰᠤᠨᠢᠷᠬᠠᠵᠤ ᠪᠠᠢᠭᠰᠠᠨ ᠬᠦᠬᠡᠬᠤᠳᠠ ᠵᠢᠨ ᠰᠠᠭᠤᠭᠠᠯᠢ ᠠᠷᠠᠳ ᠬᠦᠰᠡᠯᠳᠤ ᠰᠤᠷᠪᠤᠯᠵᠢᠯᠠᠬᠴᠢ ᠳ᠋ᠦ ᠶᠠᠷᠢᠨ᠎ᠠ᠃ ᠲᠤᠰ ᠦᠵᠡᠬᠦᠯᠭᠡ ᠨᠢ ᠪᠦᠬᠦ ᠤᠷᠤᠨ ᠪᠠ 12 ᠠᠢᠮᠠᠭ ᠬᠤᠳᠠ ᠵᠢᠨ ᠰᠤᠶᠤᠯ ᠦᠵᠡᠰᠬᠦᠯᠡᠡᠭ ᠤ᠋ᠨ ᠪᠠᠢᠳᠠᠯ᠂ ᠰᠤᠶᠤᠯ ᠵᠢᠭᠤᠯᠴᠢᠯᠠᠯ ᠤ᠋ᠨ ᠬᠦᠭᠵᠢᠯᠳᠡ ᠵᠢᠨ ᠦᠷ᠎ᠠ ᠪᠦᠳᠤᠭᠡᠯ ᠵᠢᠴᠢ ᠰᠤᠶᠤᠯ ᠤ᠋ᠨ ᠷᠢᠳᠢ ᠰᠢᠳᠢ ᠵᠢ ᠪᠦᠬᠦ ᠬᠠᠷᠠᠭᠠᠰᠤ ᠡᠴᠡ ᠬᠠᠷᠠᠭᠤᠯᠤᠬᠰᠠᠨ ᠢ᠋ᠶ᠋ᠡᠷ ᠲᠤᠭᠤᠷᠢᠨ ᠦᠵᠡᠭᠴᠢᠳ ᠤ᠋ᠨ ᠪᠠᠬ᠎ᠠ ᠵᠢ ᠳᠠᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号