ᠮᠦ᠍ ᠨᠢᠭᠡᠴᠢ ᠵᠢᠨ ᠤᠨᠠᠯᠲᠠ᠎ᠵᠢ ᠨᠡᠮᠡᠭᠳᠡᠭᠦᠯᠤᠨ ᠦᠷ᠎ᠡ᠎ᠵᠢᠨ ᠢᠯᠳᠡᠰᠦ᠎ᠵᠢ ᠠᠳᠭᠤᠵᠦ ᠡᠳ᠋ᠰᠢᠭᠦᠯᠤᠯᠳᠠ᠎ᠵᠢ ᠴᠢᠨᠭᠭᠠᠳᠬᠠᠨ ᠲᠦᠷᠦᠯ ᠲᠡᠮᠳᠡᠭ᠌᠎ᠢ ᠱᠤᠭᠤᠵᠦ ᠥᠪᠥᠷ ᠮᠣᠩᠭᠣᠯ ᠮᠠᠯ ᠠᠵᠤ ᠠᠬᠤᠶ᠎ᠲᠠᠷᠢᠶᠠᠯᠠᠩ᠎ᠤᠨ ᠲᠤᠮᠤ ᠡᠴᠡ ᠬᠦᠴᠦᠷᠬᠡᠭ ᠲᠡᠢᠰᠢᠬᠢ᠎ᠳᠠᠪᠠᠯᠲᠠ᠎ᠵᠢ ᠠᠬᠢᠭᠤᠯᠵᠤ ᠪᠣᠶ
2026-05-19 10:31:23
ᠵᠣᠬᠢᠶᠠᠭ᠍ᠴᠢ᠄
​ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠲᠠᠷᠢᠶᠠᠯᠠᠩ᠎ᠤᠨ ᠮᠠᠱᠢᠨ ᠬᠦᠷᠴᠢᠭᠢᠨᠡᠭᠰᠡᠨ ᠬᠠᠪᠤᠷ᠎ᠤᠨ ᠲᠠᠷᠢᠶᠠᠯᠠᠭ᠎ᠠ᠎ᠶ᠋ᠢᠨ ᠶᠠᠭᠠᠷᠠᠤ ᠴᠠᠭ᠎ᠲᠤ᠂ ᠲᠦᠮᠡᠳ ᠵᠡᠭᠦᠨ ᠬᠣᠱᠢᠭᠤᠨ᠎ᠤ ᠱᠠᠩᠳᠠ ᠪᠠᠯᠭᠠᠰᠤᠨ᠎ᠤ ᠪᠠᠭ᠎ᠠ ᠯᠤᠤᠰ ᠲᠣᠰᠭᠣᠨ᠎ᠤ ᠲᠠᠷᠢᠶᠠᠨ ᠠᠵᠢᠯ ᠶᠠᠭᠠᠷᠠᠯᠲᠠᠢ ᠶᠠᠪᠤᠭ᠍ᠳᠠᠵᠤ ᠪᠠᠢᠯ᠎ᠠ᠃ ᠥᠩᠭᠡᠷᠡᠭ᠌ᠰᠡᠨ ᠵᠢᠯ᠎ᠦᠳ᠎ᠲᠡᠶ ᠠᠳᠠᠯᠢ ᠥᠬᠡᠶ ᠨᠢ ᠭᠡᠪᠡᠯ᠂ ᠡᠨᠡ ᠵᠢᠯ ᠡᠨᠳᠡ ᠨᠢᠭᠡ ᠵᠦᠶ᠋ᠯ᠎ᠦᠨ ᠱᠢᠨ᠎ᠡ ᠳᠠᠷᠢᠬᠤ ᠮᠡᠷᠭᠡᠵᠢᠯ᠎ᠢ ᠬᠡᠷᠡᠭᠯᠡᠵᠠᠢ — ᠡᠷᠳᠡᠨᠢ ᠱᠢᠰᠢ᠎ᠶ᠋ᠢᠨ ᠲᠠᠷᠢᠶᠠᠨ ᠭᠠᠵᠠᠷ᠎ᠲᠦ ᠳᠠᠯᠠᠩ ᠪᠤᠰᠬᠠᠬᠤ ᠮᠡᠷᠭᠡᠵᠢᠯ ᠨᠢ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌ ᠱᠢᠨ᠎ᠡ ᠵᠠᠭ᠍ᠪᠤᠷ ᠪᠤᠯᠤᠭᠰᠠᠨ ᠪᠠᠢᠨ᠎ᠠ᠃

ᠡᠨᠡ ᠬᠦ᠌ ᠮᠡᠷᠭᠡᠵᠢᠯ ᠨᠢ ᠤᠯᠠᠮᠵᠢᠯᠠᠯᠲᠤ ᠲᠡᠭ᠌ᠰᠢᠬᠡᠨ ᠳᠠᠷᠢᠬᠤ ᠠᠷᠭ᠎ᠠ ᠮᠠᠶᠢᠭ᠎ᠢ ᠬᠤᠪᠢᠷᠠᠭᠤᠯᠵᠦ᠂ ᠥᠨᠳᠥᠷ ᠳᠠᠯᠠᠩ᠂ ᠥᠷᠭᠡᠨ ᠳᠠᠯᠠᠩ  ᠪᠤᠰᠬᠠᠬᠤ᠎ᠪᠠᠷ ᠳᠠᠮᠵᠢᠭᠤᠯᠤᠨ᠂ ᠲᠠᠷᠢᠮᠠᠯ᠎ᠤᠨ ᠤᠷᠭᠤᠯᠲᠠ᠎ᠶ᠋ᠢᠨ ᠪᠤᠰᠤᠭᠠᠯᠵᠢᠨ ᠣᠷᠣᠨ ᠵᠠᠶ᠎ᠶ᠋ᠢ ᠪᠠᠢᠭᠤᠯᠵᠤ᠂ ᠬᠡᠷᠡᠯ᠎ᠦᠨ ᠨᠡᠢᠯᠡᠯᠭᠡ᠎ᠶ᠋ᠢᠨ ᠦᠶ᠋ᠯᠡᠳᠦᠯ᠎ᠦᠨ ᠲᠠᠯᠠᠪᠠᠶ᠎ᠶ᠋ᠢ ᠢᠯᠡᠳᠲᠡ ᠨᠡᠮᠡᠭ᠌ᠳᠡᠭᠦᠯᠵᠦ᠍᠂ ᠲᠠᠷᠢᠶᠠᠨ ᠭᠠᠵᠠᠷ᠎ᠤᠨ ᠰᠠᠯᠬᠢ ᠬᠡᠷᠡᠯ ᠨᠡᠪᠲᠡᠷᠡᠬᠦ᠌ ᠨᠥᠬᠥᠴᠡᠯ᠎ᠢ ᠰᠠᠢᠵᠢᠷᠠᠭᠤᠯᠵᠠᠢ᠃ ᠤᠯᠠᠮᠵᠢᠯᠠᠯᠲᠤ ᠲᠠᠷᠢᠮᠠᠯ᠎ᠤᠨ ᠵᠠᠭ᠍ᠪᠤᠷ᠎ᠲᠠᠶ ᠬᠠᠷᠢᠴᠠᠭᠤᠯᠪᠠᠯ᠂ ᠲᠠᠷᠢᠶᠠᠨ ᠭᠠᠵᠠᠷ᠎ᠲᠤ ᠳᠠᠯᠠᠩ ᠪᠤᠰᠬᠠᠬᠤ ᠮᠡᠷᠭᠡᠵᠢᠯ᠎ᠨᠢ ᠬᠥᠷᠥᠰᠥᠨ᠎ᠦ ᠤᠰᠤ ᠬᠠᠳᠠᠭᠠᠯᠠᠵᠤ ᠴᠢᠭᠢᠭ᠎ᠢ ᠬᠠᠮᠠᠭᠠᠯᠠᠬᠤ ᠴᠢᠳᠠᠮᠵᠢ ᠪᠣᠯᠤᠨ ᠪᠣᠷᠲᠣᠭᠣᠷ᠎ᠤᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠤᠰᠤᠲᠤᠯ᠎ᠢ ᠰᠡᠷᠭᠡᠢᠯᠡᠬᠦ᠌᠂ ᠲᠠᠷᠢᠶᠠᠨ ᠭᠠᠵᠠᠷ᠎ᠤᠨ ᠡᠪᠡᠳᠴᠢᠨ ᠬᠣᠷᠣᠬᠠᠶ᠎ᠶ᠋ᠢᠨ ᠬᠥᠨᠥᠭᠡᠯ ᠡᠭᠦᠰᠭᠦ᠎ᠶ᠋ᠢ ᠪᠠᠭᠠᠰᠭᠠᠬᠤ ᠵᠡᠷᠭᠡ ᠣᠯᠠᠨ ᠵᠦᠶ᠋ᠯ᠎ᠦᠨ ᠳᠠᠪᠠᠭᠤᠯᠢᠭ᠎ᠲᠠᠶ ᠶᠤᠮ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠡᠷᠡᠭ᠌ᠴᠡᠭᠡ᠎ᠶ᠋ᠢ ᠣᠨᠢᠯᠠᠵᠤ᠂ ᠲᠠᠷᠢᠶᠠᠯᠠᠩ᠎ᠤᠨ ᠮᠡᠷᠭᠡᠵᠢᠯ ᠱᠢᠮᠡᠳᠦ ᠬᠥᠷᠥᠰᠥᠨ᠎ᠳᠦ ᠦᠨᠳᠦᠰᠦᠯᠡᠪᠡ᠃ ᠡᠨᠡ ᠵᠢᠯ ᠲᠦᠮᠡᠳ ᠵᠡᠭᠦᠨ ᠬᠣᠱᠢᠭᠤᠨ᠎ᠤ ᠮᠠᠯ ᠠᠵᠤ ᠠᠬᠤᠶ᠎ᠲᠠᠷᠢᠶᠠᠯᠠᠩ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ 《ᠲᠠᠯᠠᠪᠠᠶ᠎ᠶ᠋ᠢ ᠲᠣᠭ᠍ᠲᠠᠪᠤᠷᠢᠵᠢᠭᠤᠯᠬᠤ᠂ ᠮᠦ᠍ ᠨᠢᠭᠡᠴᠢ ᠵᠢᠨ ᠤᠨᠠᠯᠲᠠ᠎ᠶ᠋ᠢ ᠳᠡᠭᠡᠭᠰᠢᠯᠡᠭᠦᠯᠬᠦ᠂ ᠮᠡᠷᠭᠡᠵᠢᠯ᠎ᠢ ᠳᠡᠯᠭᠡᠷᠡᠭᠦᠯᠬᠦ᠌ 》 ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠶᠡᠬᠡ ᠬᠡᠪᠴᠢᠶᠡᠨ᠎ᠦ ᠡᠷᠳᠡᠨᠢ ᠱᠢᠰᠢ᠎ᠶ᠋ᠢᠨ ᠮᠦ᠍ ᠨᠢᠭᠡᠴᠢ ᠵᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠤᠭ᠍ᠰᠠᠨ ᠰᠠᠭᠤᠷᠢᠨ ᠳᠡᠭᠡᠷ᠎ᠡ᠂ ᠲᠣᠰ ᠭᠠᠵᠠᠷ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ 6 ᠱᠢᠶᠠᠩ ᠪᠠᠯᠭᠠᠰᠤ᠂ 15 ᠬᠣᠷᠱᠢᠶ᠎ᠠ᠎ᠲᠠᠶ ᠬᠠᠮᠲᠤᠷᠠᠨ ᠡᠷᠳᠡᠨᠢ ᠱᠢᠰᠢ᠎ᠶ᠋ᠢᠨ ᠲᠠᠷᠢᠶᠠᠨ ᠭᠠᠵᠠᠷ᠎ᠲᠤ ᠳᠠᠯᠠᠩ ᠪᠤᠰᠬᠠᠬᠤ ᠮᠡᠷᠭᠡᠵᠢᠯ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠣᠭ᠍ᠲᠠᠭᠤᠨ ᠤᠨᠠᠯᠲᠠ᠎ᠲᠠᠶ ᠡᠯᠪᠡᠭ ᠬᠤᠷᠢᠶᠠᠯᠲᠠ᠎ᠶ᠋ᠢᠨ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠪᠡ᠃

ᠪᠣᠷᠣᠲᠣᠬᠣᠶ᠎ᠶ᠋ᠢᠨ ᠲᠠᠯ᠎ᠠ ᠭᠠᠵᠠᠷ᠎ᠤᠨ ᠲᠦᠮᠡᠨ ᠮᠥ᠍ ᠰᠠᠢᠨ ᠲᠠᠷᠢᠶ᠎ᠠ᠎ᠠᠴᠠ ᠲᠠᠯ᠎ᠠ ᠨᠤᠲᠤᠭ᠎ᠤᠨ ᠭᠦᠨ᠎ᠳᠡᠬᠢ ᠤᠶᠤᠨᠲᠤ ᠲᠠᠷᠢᠶᠠᠯᠠᠩ᠎ᠤᠨ ᠲᠠᠯᠠᠪᠠᠶ ᠬᠦᠷᠲᠡᠯ᠎ᠡ᠂ 《ᠲᠡᠮᠦᠷ ᠦᠬᠡᠷ》 ᠳᠠᠪᠬᠢᠵᠤ ᠪᠠᠢᠭ᠎ᠠ ᠬᠠᠷ᠎ᠠ ᠬᠥᠷᠥᠰᠥᠲᠦ ᠭᠠᠵᠠᠷ᠎ᠡᠴᠡ ᠲᠠᠷᠢᠮᠠᠯ ᠳᠠᠷᠢᠵᠤ ᠪᠣᠢᠵᠢᠭᠤᠯᠬᠤ ᠲᠤᠷᠱᠢᠯᠲᠠ᠎ᠶ᠋ᠢᠨ ᠲᠠᠷᠢᠶ᠎ᠠ ᠬᠦᠷᠲᠡᠯ᠎ᠡ᠂ ᠲᠠᠷᠢᠶᠠᠨ ᠭᠠᠵᠠᠷ᠎ᠲᠤ ᠦᠨᠳᠦᠰᠦᠯᠡᠭ᠌ᠰᠡᠨ ᠵᠢᠵᠢᠭ ᠰᠠᠵᠢᠭ ᠦᠶ᠋ᠯᠡᠳᠦᠯᠭᠡ ᠨᠢ ᠶᠠᠭ ᠤᠮᠠᠷᠠᠲᠤ ᠬᠢᠯᠢ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠦᠴᠦᠲᠦ ᠳᠠᠪᠠᠯᠭᠠᠨ᠎ᠢ ᠪᠣᠶ ᠪᠣᠯᠭᠠᠵᠤ ᠪᠠᠢᠨ᠎ᠠ᠃

ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠮᠠᠯ ᠠᠵᠤ ᠠᠬᠤᠶ᠎ᠲᠠᠷᠢᠶᠠᠯᠠᠩ᠎ᠤᠨ ᠰᠠᠭᠤᠷᠢ ᠶᠠᠪᠤᠬᠤ ᠲᠤᠲᠤᠮ ᠪᠡᠬᠢᠵᠢᠪᠡ᠃ 2025 ᠣᠨ᠎ᠳᠤ᠂ ᠠᠮᠤ ᠪᠤᠳᠠᠭᠠᠨ᠎ᠤ ᠦᠶ᠋ᠯᠡᠳᠪᠦᠷᠢᠯᠡᠯ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠦ》᠂ ᠤᠨᠠᠯᠲᠠ᠎ᠨᠢ 840.7 ᠳ᠋ᠦᠩᠱᠢᠭᠤᠷ ᠵᠢᠩ᠎ᠳᠦ ᠬᠦᠷᠴᠦ᠍᠂ ᠪᠥᠬᠥ᠌ ᠤᠯᠤᠰ᠎ᠤᠨ ᠲᠠᠪᠤᠳᠤᠭᠠᠷ᠎ᠲᠤ ᠣᠷᠣᠪᠠ; ᠦᠬᠡᠷ᠎ᠦᠨ ᠮᠢᠬ᠎ᠠ᠂ ᠬᠣᠨᠢᠨ ᠮᠢᠬ᠎ᠠ᠂ ᠦᠨᠢᠶᠡᠨ ᠰᠦ᠂ ᠲᠡᠵᠢᠭᠡᠯ ᠡᠪᠡᠰᠦ᠂ ᠢᠮᠠᠭᠠᠨ ᠨᠣᠤᠯᠤᠭᠤᠷ᠎ᠤᠨ ᠭᠠᠷᠤᠯᠲᠠ ᠴᠥᠮ ᠪᠥᠬᠥ᠌ ᠤᠯᠤᠰ ᠲᠦ᠍ ᠲᠦᠷᠦᠬᠦᠯᠡᠪᠡ; ᠨᠡᠷᠡᠨ ᠬᠤᠸᠠᠷ᠂ ᠨᠠᠷᠢᠮᠤ᠂ ᠱᠢᠷ᠎ᠠ ᠪᠤᠷᠴᠠᠭ ᠵᠡᠷᠭᠡ ᠡᠭᠦᠯᠳᠡᠷ ᠰᠣᠩᠭᠣᠨ ᠪᠣᠢᠵᠢᠭᠤᠯᠬᠤ ᠲᠠᠯ᠎ᠠ᠎ᠪᠠᠷ ᠪᠥᠬᠥ᠌ ᠤᠯᠤᠰ᠎ᠲᠤ ᠲᠦᠷᠦᠬᠦᠯᠡᠵᠦ᠍᠂ ᠤᠯᠤᠰ᠎ᠤᠨ ᠲᠠᠰ᠎ᠤᠨ ᠦᠬᠡᠷ ᠬᠣᠨᠢᠨ᠎ᠤ ᠡᠭᠦᠯᠳᠡᠷ ᠪᠣᠢᠵᠢᠭᠤᠯᠬᠤ ᠭᠤᠤᠯ ᠲᠠᠯᠠᠪᠠᠶ 21 ᠪᠣᠯᠵᠣ᠂ ᠲᠣᠭ᠎ᠠ ᠬᠡᠮᠵᠢᠶ᠎ᠡ᠎ᠨᠢ ᠪᠥᠬᠥ᠌ ᠤᠯᠤᠰ᠎ᠲᠤ ᠲᠦᠷᠦᠭᠦᠯᠡᠪᠡ᠃

ᠲᠣᠭᠠᠴᠢᠯᠠᠭ᠍ᠰᠠᠨ ᠮᠡᠷᠭᠡᠵᠢᠯ ᠦᠶ᠋ᠯᠡᠳᠪᠦᠷᠢᠯᠡᠯ᠎ᠦᠨ ᠪᠥᠬᠥ᠌ ᠬᠡᠯᠬᠢᠶ᠎ᠡ᠎ᠳᠦ ᠭᠦᠨᠵᠡᠭᠡᠶ ᠠᠭᠤᠰᠤᠯᠴᠠᠵᠤ᠂ ᠤᠶᠤᠨᠲᠤ ᠮᠠᠯᠵᠢᠯ᠎ᠤᠨ ᠲᠠᠯᠠᠪᠠᠶ᠂ ᠳᠠᠭᠠᠭᠤᠯᠢ ᠣᠳᠣᠨ᠎ᠤ ᠠᠯᠤᠰ ᠰᠡᠷᠡᠯ᠎ᠢᠶᠡᠷ ᠳᠠᠮᠵᠢᠭᠤᠯᠤᠨ ᠲᠠᠷᠢᠶᠠᠨ ᠭᠠᠵᠠᠷ᠎ᠢᠶᠠᠷ ᠲᠣᠭᠣᠷᠢᠨ ᠦᠵᠡᠬᠦ᠌᠂ ᠴᠦᠷᠬᠡᠯᠡᠭᠡ ᠳ᠋ᠠᠢᠲ᠋ᠠ ᠪᠡᠷ ᠡᠬᠢ ᠡᠭᠦᠰᠦᠯ᠎ᠢ ᠡᠷᠢᠬᠦ᠌ ᠵᠡᠷᠭᠡ ᠱᠢᠨ᠎ᠡ ᠠᠬᠤᠶ ᠪᠠᠢᠳᠠᠯ ᠲᠦᠷᠭᠡᠨ ᠪᠤᠢ ᠪᠤᠯᠪᠠ; ᠡᠪᠡᠰᠦ ᠪᠣᠷᠳᠣᠭ᠎ᠠ᠎ᠶ᠋ᠢ ᠡᠷᠭᠢᠯᠳᠦᠭᠦᠯᠦᠨ ᠠᠱᠢᠭ᠍ᠯᠠᠬᠤ᠂ ᠢᠯᠭᠠᠳᠠᠰᠤ ᠪᠣᠬᠢᠷᠲᠤᠯ᠎ᠢ ᠡᠬᠢ ᠪᠠᠶᠠᠯᠢᠭ᠍ᠵᠢᠭᠤᠯᠤᠨ ᠱᠢᠢᠳᠪᠦᠷᠢᠯᠡᠬᠦ᠌᠂ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ ᠵᠡᠷᠭᠡ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠠᠬᠢᠭᠤᠯᠪᠠ; ᠨᠡᠩ ᠴᠤ᠌ ᠬᠥᠳᠡᠭᠡ ᠠᠵᠤ ᠠᠬᠤᠢ᠎ᠶ᠋ᠢ ᠰᠠᠢᠨ ᠮᠡᠳᠡᠳᠡᠭ᠂ ᠬᠥᠳᠡᠭᠡ ᠲᠣᠰᠭᠣᠨ᠎ᠳᠤ ᠬᠠᠢᠷᠠᠲᠠᠢ᠂ ᠲᠠᠷᠢᠶᠠᠴᠢᠳ᠎ᠲᠦ ᠬᠠᠢᠷᠠᠲᠠᠢ 《ᠱᠢᠨ᠎ᠡ ᠲᠠᠷᠢᠶᠠᠴᠢᠨ》᠎ᠤ᠋ ᠡᠩᠨᠡᠭᠡ ᠥᠷᠨᠢᠨ ᠪᠤᠵᠠᠭᠠᠢᠷᠠᠵᠦ᠂ ᠠᠵᠤ ᠦᠢᠯᠡᠰ᠎ᠲᠦ ᠲᠠᠰᠤᠷᠠᠯᠳᠠ ᠦᠭᠡᠢ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠣᠯᠤᠨ ᠳᠣᠲᠣᠭᠠᠳᠤ ᠬᠥᠳᠡᠯᠭᠡᠬᠦ᠌ ᠬᠦᠴᠦᠨ ᠨᠡᠮᠡᠷᠢᠯᠡᠪᠡ᠃

ᠱᠢᠨ᠎ᠡ ᠬᠥᠭ᠌ᠵᠢᠯᠲᠡ᠎ᠶ᠋ᠢᠨ ᠭᠠᠷᠤᠭ᠎ᠠ᠎ᠳᠤ ᠵᠣᠭ᠍ᠰᠣᠵᠤ᠂ ᠮᠠᠯ ᠠᠵᠤ ᠠᠬᠤᠢ ᠲᠠᠷᠢᠶᠠᠯᠠᠩ᠎ᠤᠨ 《ᠲᠣᠭ᠎ᠠ ᠬᠡᠮᠵᠢᠶᠡᠨ᠎ᠦ ᠬᠤᠷᠠᠮᠳᠤᠭᠤᠯᠤᠯ》 ᠡᠴᠡ 《ᠶᠠᠰᠤ ᠴᠢᠨᠠᠷ᠎ᠤᠨ ᠦᠰᠦᠷᠦᠯᠲᠡ》 ᠲᠡᠢᠰᠢ ᠱᠢᠯᠵᠢᠬᠦ᠌᠎ᠶ᠋ᠢ ᠬᠡᠷᠬᠢᠨ ᠠᠬᠢᠭᠤᠯᠬᠤ ᠪᠤᠢ? 

《ᠠᠷᠪᠠᠨ ᠲᠠᠪᠤᠳᠤᠭᠠᠷ ᠲᠠᠪᠤᠨ ᠵᠢᠯ》 ᠎ᠳ᠋ᠤ ᠬᠠᠨᠳᠤᠵᠦ᠂ ᠥᠪᠥᠷ ᠮᠣᠩᠭᠣᠯ ᠦᠷ᠎ᠡ᠎ᠶ᠋ᠢᠨ ᠢᠯᠳᠡᠰᠦ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠥᠲᠥᠭᠡᠨ ᠪᠠᠢᠭᠤᠯᠤᠯᠲᠠ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠ᠎ᠶ᠋ᠢ ᠨᠡᠮᠡᠭ᠌ᠳᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠵᠡᠷᠭᠡ 《ᠠᠷᠪᠠᠨ ᠶᠡᠬᠡ ᠢᠨᠵᠧᠨᠧᠷᠢᠩ》 ᠢ᠋ ᠪᠠᠢᠷᠢᠯᠠᠭᠤᠯᠤᠨ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠎ᠢ ᠲᠤᠮᠤ᠎ᠡᠴᠡ ᠬᠦᠴᠦᠷᠬᠡᠭ᠌ ᠲᠡᠢᠰᠢ ᠬᠤᠪᠢᠷᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠦ ᠪᠠᠢᠨ᠎ᠠ᠃

ᠥᠷᠭᠡᠨ ᠠᠭᠤᠳᠠᠮ ᠲᠠᠷᠢᠶᠠᠨ ᠭᠠᠵᠠᠷ᠎ᠲᠤ᠂ 《ᠨᠢᠭᠡ ᠮᠥᠬᠥᠯᠢᠭ ᠦᠷ᠎ᠡ》 ᠠᠵᠤ ᠦᠢᠯᠡᠰ᠎ᠦᠨ ᠰᠠᠭᠤᠷᠢ᠎ᠶ᠋ᠢ ᠪᠡᠬᠢᠵᠢᠭᠦᠯᠵᠦ᠍᠂ 《ᠰᠠᠢ᠌ᠨ ᠦᠷ᠎ᠡ ᠡᠴᠡ ᠰᠠᠢ᠌ᠨ ᠠᠮᠤ ᠤᠨᠠᠵᠤ᠂ ᠰᠠᠢ᠌ᠨ ᠡᠭᠦᠯᠳᠡᠷ ᠡᠴᠡ ᠰᠠᠢ᠌ᠨ ᠮᠠᠯ ᠪᠣᠢᠵᠢᠭᠤᠯᠬᠤ》 ᠵᠢ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ ᠪᠣᠯᠭᠠᠵᠤ᠂ ᠦᠷ᠎ᠡ᠎ᠵᠢᠨ ᠢᠯᠳᠡᠰᠦ᠎ᠵᠢᠨ ᠢᠨᠵᠧᠨᠧᠷᠢᠩ ᠲᠦᠷᠭᠡᠨ ᠱᠢᠪᠲᠤᠯᠤᠯᠲᠠ᠎ᠲᠠᠶ ᠪᠣᠯᠪᠠ;

ᠮᠠᠱᠢᠨ ᠬᠦᠷᠴᠢᠭᠢᠨᠡᠭ᠌ᠰᠡᠨ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ᠂ 《ᠨᠢᠭᠡ ᠬᠣᠨᠢ》 ᠥᠷᠲᠡᠭ᠎ᠦᠨ ᠬᠤᠪᠢᠷᠠᠯᠲᠠ᠎ᠶ᠋ᠢ ᠪᠡᠶᠡᠯᠡᠭᠦᠯᠵᠦ᠍᠂ ᠨᠠᠷᠢᠯᠢᠭ ᠭᠦᠨᠵᠡᠭᠡᠢ ᠡᠳ᠋ᠱᠢᠭᠦᠯᠬᠦ᠌᠎ᠪᠡᠷ ᠦᠷᠭᠦᠯᠵᠢᠯᠡᠨ ᠬᠦᠴᠦᠯᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ 《ᠲᠦᠭᠦᠬᠡᠶ ᠠᠮᠤ ᠠᠮᠢᠳᠤ ᠮᠠᠯ》 ᠪᠠᠢᠭ᠍ᠰᠠᠨ᠎ᠠᠴᠠ 《ᠬᠣᠭᠣᠯᠠᠨ ᠱᠢᠷᠡᠭᠡᠨ᠎ᠳᠡᠬᠢ ᠠᠮᠲᠠᠲᠤ ᠢᠳᠡᠭᠡᠨ》 ᠲᠡᠢᠰᠢ ᠲᠠᠰ ᠳᠡᠪᠱᠢᠭᠦᠯᠬᠦ᠌᠎ᠶ᠋ᠢ ᠠᠬᠢᠭᠤᠯᠪᠠ;

ᠬᠣᠯᠪᠣᠯᠳᠤᠨ ᠨᠡᠪᠲᠡᠷᠡᠯᠴᠡᠭ᠌ᠰᠡᠨ ᠵᠠᠬ᠎ᠠ ᠳᠡᠯᠭᠡᠭᠦᠷ ᠳᠡᠭᠡᠷ᠎ᠡ᠂ 《ᠨᠢᠭᠡ ᠲᠦᠷᠦᠯ ᠲᠡᠮᠳᠡᠭ》᠎ᠤ᠋ᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠪᠡᠬᠢᠯᠡᠯᠲᠡ᠎ᠶ᠋ᠢ ᠨᠡᠪᠲᠡᠷᠡᠭᠦᠯᠵᠦ᠍᠂ ᠲᠦᠷᠦᠯ ᠲᠡᠮᠳᠡᠭ᠎ᠦᠨ ᠵᠢᠭ᠍ᠰᠠᠭᠠᠯ᠎ᠢ ᠦᠷᠭᠦᠯᠵᠢᠯᠡᠨ ᠪᠤᠵᠠᠭᠠᠢᠷᠠᠭᠤᠯᠵᠤ᠂ 《ᠥᠪᠥᠷ ᠮᠣᠩᠭᠣᠯ᠎ᠤᠨ ᠦᠨᠦᠷ ᠠᠮᠲᠠ 》᠎ᠶ᠋ᠢ ᠪᠦᠬᠦ᠌ ᠤᠯᠤᠰ᠎ᠲᠤ ᠳᠠᠭᠤᠷᠢᠰᠤᠭᠤᠯᠵᠤ᠂ ᠳᠡᠯᠡᠬᠡᠢ ᠳ᠋ᠠᠬᠢᠨ᠎ᠳᠤ ᠭᠠᠢᠬᠠᠭᠤᠯᠪᠠ᠃

ᠲᠠᠷᠢᠶᠠᠯᠠᠩ᠎ᠪᠤᠯ ᠤᠯᠤᠰ᠎ᠤᠨ ᠦᠨᠳᠦᠰᠦ ᠮᠦᠨ᠃ 4 ᠰᠠᠷ᠎ᠠ᠎ᠶ᠋ᠢᠨ 21 ᠤ᠋ ᠡᠳᠦᠷ ᠬᠤᠷᠠᠯᠳᠤᠭᠤᠯᠤᠭ᠍ᠰᠠᠨ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠠᠢᠨ ᠡᠬᠢᠯᠡᠯᠳᠡ ᠲᠤᠷᠪᠢᠯᠢᠭ ᠠᠯᠬᠤᠭ᠎ᠠ — ᠱᠢᠨ᠎ᠡ ᠠᠶᠠᠨ ᠳ᠋ᠤ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ》 ᠳᠡᠭᠡᠷ᠎ᠡ᠂ ᠥᠪᠥᠷ ᠮᠣᠩᠭᠣᠯ ᠮᠠᠯ ᠠᠵᠤ ᠠᠬᠤᠶ ᠲᠠᠷᠢᠶᠠᠯᠠᠩ᠎ᠢ ᠲᠤᠮᠤ᠎ᠡᠴᠡ ᠬᠦᠴᠦᠷᠬᠡᠭ  ᠲᠡᠢᠰᠢ ᠬᠡᠯᠪᠡᠷᠢ ᠪᠡᠨ ᠬᠤᠪᠢᠷᠠᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠣᠨᠢᠨ ᠳᠡᠭᠡᠷ᠎ᠡ᠎ᠨᠢ ᠬᠦᠴᠦᠯᠡᠵᠦ᠍᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠬᠠᠲᠠᠭᠤ᠎ᠲᠠᠶ᠎ᠨᠢ ᠬᠠᠯᠳᠠᠬᠤ ᠬᠠᠷᠢᠭᠤᠴᠠᠯᠭ᠎ᠠ ᠡᠭᠦᠷᠭᠡᠯᠡᠯ ᠵᠢᠡᠷ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠨ᠎ᠠ ᠭᠡᠪᠡ᠃

— ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ ᠵᠢ ᠠᠳᠬᠤᠨ ᠦᠢᠯᠡᠳᠪᠦᠷᠢᠯᠡᠬᠦ᠌ ᠴᠢᠳᠠᠪᠤᠷᠢ᠎ᠶ᠋ᠢ ᠥᠷᠭᠡᠳᠭᠡᠵᠦ᠂ 《ᠠᠮᠤ ᠵᠢᠨ ᠰᠠᠩ》 ᠤ᠋ᠨ ᠰᠠᠭᠤᠷᠢ᠎ᠶ᠋ᠢ ᠪᠠᠲᠤ ᠴᠣᠭ᠍ᠴᠠᠯᠠᠨ᠎ᠠ᠃ ᠠᠮᠤ ᠪᠤᠳᠠᠭᠠᠨ᠎ᠤ ᠲᠠᠯ᠎ᠠ᠎ᠪᠠᠷ᠂ ᠶᠡᠬᠡ ᠬᠡᠪᠴᠢᠶᠡᠨ᠎ᠦ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 《ᠬᠣᠶᠠᠷ ᠮᠢᠩᠭᠠᠨ ᠲᠦᠮᠡᠨ ᠮᠥ᠍》 ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠣᠶ ᠪᠣᠯᠭᠠᠵᠤ᠂ ᠵᠢᠯ ᠪᠦᠷᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 500 ᠲᠦᠮᠡᠨ ᠮᠤ᠌᠎ᠡᠴᠡ ᠳᠡᠭᠡᠭ᠌ᠰᠢ ᠪᠠᠢᠭᠤᠯᠵᠤ᠂ ᠲᠠᠷᠢᠶᠠᠯᠠᠩ᠎ᠤᠨ ᠮᠠᠱᠢᠨ᠎ᠤ ᠬᠣᠷᠱᠢᠶ᠎ᠠ ᠵᠡᠷᠭᠡ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠶᠡᠬᠡ ᠪᠡᠷ ᠬᠥᠭ᠌ᠵᠢᠭᠦᠯᠵᠦ᠍᠂ 《ᠨᠠᠢᠳᠠᠨ ᠬᠠᠮᠢᠶᠠᠷᠤᠭᠤᠯᠵᠤ ᠣᠷᠣᠯᠠᠨ ᠳᠠᠷᠢᠬᠤ》ᠵᠡᠷᠭᠡ ᠡᠵᠡᠩᠨᠡᠯᠲᠡ᠎ᠶ᠋ᠢᠨ ᠵᠠᠭ᠍ᠪᠤᠷ᠎ᠢ ᠳᠡᠯᠭᠡᠷᠡᠭᠦᠯᠵᠦ᠍᠂ ᠠᠮᠤ ᠪᠤᠳᠠᠭᠠᠨ᠎ᠤ ᠤᠨᠠᠯᠲᠠ᠎ᠶ᠋ᠢ 900 ᠳ᠋ᠦᠩᠱᠢᠭᠤᠷ ᠵᠢᠩ᠎ᠡᠴᠡ ᠳᠠᠪᠠᠭᠤᠯᠬᠤ᠎ᠪᠠᠷ ᠴᠢᠷᠮᠠᠢᠨ᠎ᠠ᠃ ᠮᠠᠯ ᠠᠵᠤ ᠠᠬᠤᠢ ᠵᠢᠨ ᠲᠠᠯ᠎ᠠ᠎ᠪᠠᠷ᠂ ᠳᠠᠷᠢᠵᠤ ᠲᠡᠵᠢᠭᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠭᠠᠷᠤᠯᠳᠠ ᠨᠡᠮᠡᠭ᠌ᠳᠡᠭᠦᠯᠬᠦ᠌ ᠭᠤᠤᠯᠳᠠᠯᠭ᠎ᠠ᠎ᠶ᠋ᠢ ᠲᠠᠷᠢᠶᠠᠯᠠᠬᠤ ᠣᠷᠣᠨ ᠳᠠᠢᠰᠢ ᠱᠢᠯᠵᠢᠭᠦᠯᠦᠨ᠂ ᠦᠬᠡᠷ ᠬᠣᠨᠢ᠎ᠶ᠋ᠢ ᠲᠦᠷᠭᠡᠨ ᠪᠣᠷᠳᠣᠬᠤ ᠮᠡᠷᠭᠡᠵᠢᠯ᠎ᠢ ᠤᠯᠠᠮ ᠨᠢᠭᠡ ᠠᠯᠬᠤᠮ ᠳᠡᠯᠭᠡᠷᠡᠭᠦᠯᠵᠦ᠍᠂ ᠥᠨᠳᠥᠷ ᠤᠨᠠᠯᠲᠠ᠎ᠲᠠᠶ ᠰᠠᠭᠠᠯᠢ᠎ᠶ᠋ᠢᠨ ᠦᠨᠢᠶᠡᠨ᠎ᠦ ᠡᠭᠦᠯᠳᠡᠷ᠎ᠦᠨ ᠰᠦᠷᠦᠭ᠎ᠦᠨ ᠲᠣᠭ᠎ᠠ ᠬᠡᠮᠵᠢᠶ᠎ᠡ᠎ᠶ᠋ᠢ ᠥᠷᠭᠡᠳᠭᠡᠨ᠂ ᠪᠠᠷᠢᠮᠵᠢᠶᠠᠵᠢᠭᠤᠯᠤᠭ᠍ᠰᠠᠨ ᠲᠡᠵᠢᠭᠡᠨ ᠦᠷᠡᠵᠢᠭᠦᠯᠬᠦ᠌᠎ᠶ᠋ᠢ ᠬᠡᠷᠡᠭ᠌ᠵᠢᠭᠦᠯᠵᠦ᠍᠂ ᠦᠬᠡᠷ ᠬᠣᠨᠢᠨ᠎ᠤ ᠮᠢᠬ᠎ᠠ ᠪᠠ ᠰᠦ ᠶ᠋ᠢᠨ ᠭᠠᠷᠤᠯᠲᠠ᠎ᠶ᠋ᠢᠨ ᠪᠥᠬᠥ᠌ ᠤᠯᠤᠰ᠎ᠲᠤ ᠲᠦᠷᠦᠭᠦᠯᠡᠬᠦ᠌᠎ᠶ᠋ᠢ ᠦᠨᠡᠨ ᠬᠦ᠌ ᠪᠠᠲᠤᠯᠠᠨ᠎ᠠ᠃

— ᠦᠷ᠎ᠡ ᠵᠢᠨ ᠢᠯᠳᠡᠰᠦ ᠵᠢᠨ ᠢᠨᠵᠧᠨᠧᠷᠢᠩ᠎ᠢ ᠠᠳᠭᠤᠨ ᠰᠠᠭᠤᠷᠢ᠎ᠪᠠᠨ ᠪᠠᠲᠤᠳᠭᠠᠵᠤ᠂ ᠮᠠᠯ ᠠᠵᠤ ᠠᠬᠤᠢ ᠲᠠᠷᠢᠶᠠᠯᠠᠩ᠎ᠤᠨ 《ᠢᠯᠳᠡᠰᠦ》 ᠵᠢ ᠴᠢᠩᠭ᠎ᠠ ᠡᠵᠡᠮᠳᠡᠨ᠎ᠡ᠃ ᠰᠠᠢᠨ ᠦᠷ᠎ᠡ ᠡᠭᠦᠯᠳᠡᠷ ᠢ᠋ ᠪᠣᠢᠵᠢᠭᠤᠯᠵᠤ᠂ ᠡᠷᠳᠡᠨᠢ ᠱᠢᠰᠢ᠂ ᠮᠢᠬᠠᠨ ᠤ᠋ ᠦᠬᠡᠷ ᠵᠡᠷᠭᠡ ᠳᠠᠪᠠᠭᠤᠯᠢᠭ ᠠᠵᠤ ᠦᠶ᠋ᠯᠡᠰ ᠪᠣᠯᠤᠨ ᠰᠠᠭᠠᠯᠢ᠎ᠶ᠋ᠢᠨ ᠦᠨᠢᠶ᠎ᠡ᠂ ᠮᠢᠬᠠᠨ ᠤ᠋ ᠬᠣᠨᠢ᠂ ᠱᠢᠷ᠎ᠠ ᠪᠤᠷᠴᠠᠭ᠂ ᠨᠡᠷᠡᠨ ᠬᠤᠸᠠᠷ᠂ ᠲᠥᠮᠥᠰᠥ᠍ ᠵᠡᠷᠭᠡ ᠳᠠᠪᠠᠭᠤᠯᠢᠭ ᠲᠠᠷᠢᠮᠠᠯ᠎ᠤᠨ ᠲᠣᠭᠣᠷᠢᠨ᠎ᠳᠤ᠂ ᠤᠯᠤᠰ᠎ᠤᠨ ᠳᠣᠲᠣᠭᠠᠳᠤ᠎ᠳᠤ ᠲᠦᠷᠦᠭᠦᠯᠡᠭ᠌ᠰᠡᠨ ᠱᠢᠪᠲᠤᠯᠤᠯᠲᠠ᠎ᠶ᠋ᠢᠨ ᠴᠢᠨᠠᠷᠲᠠᠶ ᠨᠢᠭᠡ ᠪᠦᠯᠦᠭ ᠦᠷ᠎ᠡ ᠡᠭᠦᠯᠳᠡᠷ᠎ᠢ ᠪᠣᠢᠵᠢᠭᠤᠯᠵᠤ᠂ ᠤᠯᠤᠰ᠎ᠤᠨ ᠰᠠᠢᠨ ᠦᠷ᠎ᠡ ᠦᠷᠡᠵᠢᠭᠦᠯᠦᠨ ᠪᠣᠢᠵᠢᠭᠤᠯᠬᠤ ᠨᠢᠭᠡ ᠪᠦᠯᠦᠭ ᠰᠠᠭᠤᠷᠢᠨ ᠪᠠ ᠦᠬᠡᠷ ᠬᠣᠨᠢᠨ᠎ᠤ ᠡᠭᠦᠯᠳᠡᠷ᠎ᠦᠨ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠰᠠᠢᠨ ᠦᠷ᠎ᠡ ᠡᠭᠦᠯᠳᠡᠷ ᠢ᠋ ᠬᠡᠷᠡᠭ᠌ᠯᠡᠵᠦ᠍᠂ 《ᠲᠠᠷᠢᠶᠠᠨ ᠴᠢᠬᠢ ᠵᠢ ᠦᠵᠡᠵᠦ᠍ ᠦᠷ᠎ᠡ ᠰᠣᠩᠭᠣᠬᠤ》 ᠲᠠᠪᠴᠠᠩ᠎ᠳᠤ ᠲᠦᠱᠢᠭ᠌ᠯᠡᠨ ᠱᠢᠯᠢᠳᠡᠭ ᠲᠠᠷᠢᠮᠠᠯ᠎ᠤᠨ ᠦᠷ᠎ᠡ ᠵᠢ ᠤᠯᠠᠮ ᠨᠢᠭᠡ ᠠᠯᠬᠤᠮ ᠳᠡᠯᠭᠡᠨ ᠲᠠᠨᠢᠯᠴᠠᠭᠤᠯᠵᠤ᠂ ᠴᠢᠨᠠᠷ ᠰᠠᠢᠲᠠᠶ ᠮᠠᠯ ᠵᠢᠭᠦᠷᠲᠡᠨ᠎ᠦ ᠱᠢᠨ᠎ᠡ ᠡᠭᠦᠯᠳᠡᠷ᠎ᠢ ᠶᠡᠬᠡ ᠪᠡᠷ ᠳᠡᠯᠭᠡᠷᠡᠭᠦᠯᠦᠨ᠂ ᠦᠷ᠎ᠡ᠎ᠶ᠋ᠢᠨ ᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠬᠠᠵᠤ᠂ ᠲᠠᠷᠢᠮᠠᠯ ᠪᠠ ᠮᠠᠯ ᠵᠢᠭᠦᠷᠲᠡᠨ᠎ᠦ ᠰᠠᠢᠨ ᠦᠷ᠎ᠡ ᠡᠭᠦᠯᠳᠡᠷ᠎ᠦᠨ ᠪᠦᠷᠬᠦᠴᠡ᠎ᠶ᠋ᠢᠨ ᠨᠣᠷᠮ᠎ᠠ᠎ᠶ᠋ᠢ ᠲᠣᠰ ᠲᠣᠰ 98% ᠪᠠ 95% ᠎ᠡᠴᠡ ᠳᠡᠭᠡᠭ᠌ᠰᠢ᠎ᠳᠦ ᠲᠣᠭ᠍ᠲᠠᠭᠤᠨ ᠪᠠᠢᠯᠭᠠᠬᠤ᠎ᠶ᠋ᠢ ᠦᠨᠡᠨ ᠬᠦ᠌ ᠪᠠᠲᠤᠯᠠᠨ᠎ᠠ᠃   

— ᠨᠠᠷᠢᠯᠢᠭ ᠭᠦᠨᠵᠡᠭᠡᠶ ᠡᠳ᠋ᠱᠢᠭᠦᠯᠬᠦ ᠵᠢ ᠠᠳᠬᠤᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂《ᠬᠡᠯᠬᠢᠶ᠎ᠡ》 ᠶ᠋ᠢᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠨ᠎ᠡ᠃ ᠮᠠᠨ᠎ᠤ ᠣᠷᠣᠨ᠎ᠤ ᠠᠮᠤ ᠪᠤᠳᠠᠭ᠎ᠠ᠂ ᠮᠢᠬ᠎ᠠ ᠰᠦ᠎ᠶ᠋ᠢᠨ ᠭᠠᠷᠤᠯᠲᠠ᠎ᠶ᠋ᠢᠨ ᠳᠠᠪᠠᠭᠤᠯᠢᠭ᠎ᠲᠤ ᠰᠠᠭᠤᠷᠢᠯᠠᠨ᠂ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌᠎ᠶ᠋ᠢ ᠶᠡᠬᠡ᠎ᠪᠡᠷ ᠬᠥᠭ᠌ᠵᠢᠭᠦᠯᠵᠦ᠍᠂ ᠥᠪᠥᠷ ᠮᠣᠩᠭᠣᠯ᠎ᠢ ᠪᠦᠬᠦ ᠤᠯᠤᠰ᠎ᠤᠨ 《ᠲᠦᠪ ᠦᠢᠯᠡᠳᠭᠡᠪᠦᠷᠢ》 ᠪᠣᠯᠭᠠᠬᠤ᠎ᠪᠠᠷ ᠴᠢᠷᠮᠠᠢᠨ᠎ᠠ᠃ ᠡᠷᠳᠡᠨᠢ ᠱᠢᠰᠢ ᠵᠢ ᠨᠡᠢᠯᠡᠮᠡᠯ ᠠᠮᠢᠳᠤ ᠪᠣᠳᠠᠰ ᠦᠶ᠋ᠯᠡᠳᠬᠦ ᠳ᠋ᠤ  ᠭᠤᠤᠯᠯᠠᠨ ᠬᠡᠷᠡᠭᠯᠡᠵᠦ᠂ ᠰᠦ ᠶ᠋ᠢᠨ ᠦᠶ᠋ᠯᠡᠰ ᠬᠠᠲᠠᠭᠤ ᠲᠦᠯᠦᠪᠲᠦ ᠴᠠᠭᠠᠨ ᠢᠳᠡᠭᠡᠨ ᠢ᠋ ᠭᠤᠤᠯᠯᠠᠨ ᠦᠢᠯᠡᠳᠪᠦᠷᠢᠯᠡᠵᠦ᠂ ᠮᠢᠬᠠᠨ ᠤ᠋ ᠦᠬᠡᠷ᠂ ᠮᠢᠬᠠᠨ ᠤ᠋ ᠬᠣᠨᠢ ᠵᠢᠨ ᠱᠢᠯᠢᠳᠡᠭ ᠪᠦᠲᠦᠭᠡᠭ᠌ᠳᠡᠬᠦᠨ᠎ᠦ ᠬᠡᠰᠡᠭ᠌ᠯᠡᠯ ᠪᠠ ᠳᠠᠭᠠᠯᠲᠠ ᠪᠦᠲᠦᠭᠡᠭ᠌ᠳᠡᠬᠦᠨ᠎ᠬᠢᠬᠦ ᠪᠡᠷ ᠭᠤᠤᠯᠯᠠᠨ ᠶᠡᠷᠦᠩᠬᠡᠢᠯᠡᠭ᠌ᠰᠡᠨ ᠠᠱᠢᠭ᠍ᠯᠠᠵᠤ᠂ ᠡᠪᠡᠰᠦᠨ᠎ᠦ ᠦᠶ᠋ᠯᠡᠰ ᠨᠢ ᠬᠡᠪᠢᠬᠦ᠌ ᠪᠣᠷᠳᠣᠭ᠎ᠠ ᠵᠢᠴᠢ 《ᠬᠣᠯᠢᠮᠠᠭ ᠲᠡᠵᠢᠭᠡᠯ》 ᠢ᠋ ᠭᠤᠤᠯᠯᠠᠨ ᠦᠢᠯᠡᠳᠪᠦᠷᠢᠯᠡᠵᠦ᠂ ᠮᠢᠩᠭᠠᠨ ᠳ᠋ᠦᠩᠱᠢᠭᠤᠷ ᠲᠠᠰ᠎ᠤᠨ ᠠᠵᠤ ᠦᠶ᠋ᠯᠡᠰ᠎ᠦᠨ ᠪᠦᠯᠦᠭᠵᠢᠯ᠎ᠢ 5 ᠎ᠡᠴᠡ ᠳᠡᠭᠡᠭ᠌ᠰᠢ᠎ᠪᠤᠯᠭᠠᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ᠎ᠶ᠋ᠢ 6000 ᠳ᠋ᠦᠩᠱᠢᠭᠤᠷ ᠲᠥᠭᠥᠷᠢᠭ᠎ᠢ ᠳᠠᠪᠠᠭᠤᠯᠬᠤ᠎ᠪᠠᠷ ᠴᠢᠷᠮᠠᠢᠨ᠎ᠠ᠃

— ᠲᠦᠷᠦᠯ ᠲᠡᠮᠳᠡᠭ᠎ᠤ᠋ᠨ ᠪᠦᠲᠦᠭᠡᠨ ᠪᠠᠢᠭᠤᠯᠤᠯᠳᠠ ᠵᠢ ᠠᠳᠭᠤᠨ ᠪᠣᠷᠣᠯᠠᠭᠤᠯᠭ᠎ᠠ ᠵᠢᠨ ᠵᠠᠮ ᠢ᠋ ᠰᠢᠯᠤᠭᠤᠳᠬᠠᠨ᠎ᠠ᠃ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠂ ᠪᠢᠱᠢᠯᠠᠭ᠂ ᠢᠳᠡᠱᠢᠨ ᠨᠣᠭᠣᠭ᠎ᠠ᠂ ᠡᠯᠳᠡᠪ ᠠᠮᠤ ᠵᠡᠷᠭᠡ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌᠎ᠢ ᠭᠤᠤᠯᠳᠠᠯᠭ᠎ᠠ᠎ᠲᠠᠶ ᠴᠤᠬᠴᠠᠯᠠᠬᠤ᠎ᠶ᠋ᠢᠨ ᠬᠠᠮᠲᠤ ᠠᠢᠮᠠᠭ ᠬᠣᠲᠠ᠎ᠶ᠋ᠢ ᠬᠥᠲᠥᠯᠦᠨ ᠵᠢᠯᠣᠭᠣᠳᠴᠤ᠌ ᠪᠠᠢᠭᠠᠳ《ᠨᠢᠭᠡ ᠭᠠᠵᠠᠷ᠎ᠲᠤ ᠨᠢᠭᠡ ᠲᠥᠷᠥᠯ ᠲᠡᠮᠳᠡᠭ᠌᠎ᠲᠡᠶ ᠪᠤᠯᠬᠤ》 ᠶ᠋ᠢ ᠪᠡᠶᠡᠯᠡᠭᠦᠯᠵᠦ᠍᠂ ᠬᠣᠷᠴᠢᠨ ᠦᠬᠡᠷ᠎ᠦᠨ ᠮᠢᠬ᠎ᠠ᠂ ᠬᠢᠩᠭᠠᠨ ᠠᠢᠮᠠᠭ᠎ᠤᠨ ᠲᠤᠲᠤᠷᠭ᠎ᠠ᠂ ᠤᠯᠠᠭᠠᠨᠬᠠᠳᠠ᠎ᠶ᠋ᠢᠨ ᠨᠠᠷᠢᠮᠤ᠂ ᠪᠣᠷᠣᠲᠣᠬᠣᠶ᠎ᠶ᠋ᠢᠨ ᠪᠤᠭᠤᠳᠠᠢ ᠵᠢᠨ ᠭᠤᠯᠢᠷ ᠵᠡᠷᠭᠡ ᠣᠷᠣᠨ ᠪᠦᠰᠡ᠎ᠶ᠋ᠢᠨ ᠲᠥᠷᠥᠯ ᠲᠡᠮᠳᠡᠭ᠌᠎ᠢ ᠠᠯᠳᠠᠷᠱᠢᠭᠤᠯᠤᠨ᠂ ᠥᠪᠥᠷ ᠮᠣᠩᠭᠣᠯ᠎ᠤᠨ ᠲᠥᠷᠥᠯ ᠲᠡᠮᠳᠡᠭ᠌᠎ᠤᠨ ᠨᠥᠯᠥᠭᠡᠯᠡᠬᠦ᠌ ᠬᠦᠴᠦᠨ ᠪᠠ ᠥᠷᠢᠰᠦᠯᠳᠦᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ ᠪᠠ ᠰᠦ ᠶ᠋ᠢᠨ ᠦᠶ᠋ᠯᠡᠰ᠎ᠦᠨ ᠠᠷᠠᠯᠵᠢᠶᠠᠨ᠎ᠤ ᠲᠥᠪ᠎ᠢ ᠪᠠᠢᠭᠤᠯᠤᠨ ᠬᠦᠴᠦᠷᠬᠡᠭ᠌ᠵᠢᠭᠦᠯᠵᠦ᠍᠂ ᠣᠷᠣᠨ᠎ᠤ ᠳᠣᠲᠣᠷᠠᠬᠢ ᠲᠥᠪᠯᠡᠷᠡᠩᠭᠦᠶ ᠬᠥᠮᠥᠷᠭᠡ᠂ ᠣᠷᠣᠨ᠎ᠤ ᠭᠠᠳᠠᠨᠠᠬᠢ ᠤᠷᠢᠳᠠᠴᠢ ᠬᠥᠮᠥᠷᠭᠡ ᠪᠠ ᠪᠥᠬᠥ᠌ ᠤᠯᠤᠰ᠎ᠤᠨ ᠦᠵᠦᠭᠦᠷᠯᠢᠭ᠎ᠦᠨ ᠪᠣᠷᠣᠯᠠᠭᠤᠯᠭ᠎ᠠ᠎ᠶ᠋ᠢᠨ ᠲᠤᠤᠷ᠎ᠢ ᠨᠢᠭᠡᠳᠦᠯᠲᠡᠶ ᠲᠥᠯᠥᠪᠯᠡᠨ ᠪᠠᠢᠷᠢᠱᠢᠭᠤᠯᠵᠤ᠂ ᠲᠥᠷᠥᠯ ᠲᠡᠮᠳᠡᠭ᠌᠎ᠤᠨ ᠭᠡᠷᠡᠴᠢᠯᠡᠭᠡ ᠪᠠ ᠪᠥᠬᠥ᠌ ᠬᠡᠯᠬᠢᠶᠡᠨ᠎ᠦ ᠡᠬᠢ ᠡᠭᠦᠰᠦᠯ ᠢ᠋ ᠮᠥᠷᠳᠡᠬᠦ᠌᠎ᠶ᠋ᠢ ᠤᠯᠠᠮ ᠨᠢᠭᠡ ᠠᠯᠬᠤᠮ ᠴᠢᠩᠭᠠᠷᠠᠭᠤᠯᠤᠨ᠂ ᠨᠠᠩ ᠣᠯᠠᠨ ᠪᠣᠬᠢᠷᠲᠤᠯ ᠥᠬᠡᠶ ᠴᠢᠨᠠᠷ ᠰᠠᠢᠲᠠᠶ ᠦᠶ᠋ᠯᠡᠳᠬᠦᠨ᠎ᠢ ᠪᠥᠬᠥ᠌ ᠤᠯᠤᠰ᠎ᠤᠨ ᠠᠷᠠᠳ ᠲᠦᠮᠡᠨ᠎ᠦ ᠬᠣᠭᠣᠯᠠᠨ ᠱᠢᠷᠡᠭᠡᠨ᠎ᠳᠦ ᠭᠠᠷᠭᠠᠨ᠎ᠠ᠃

ᠠᠮᠤ ᠵᠢᠨ ᠰᠠᠩ ᠡᠯᠪᠡᠭ ᠪᠤᠯ ᠠᠷᠠᠳ ᠲᠠᠢᠪᠤᠩ᠂ ᠲᠠᠪᠤᠨ ᠲᠠᠷᠢᠶ᠎ᠠ ᠡᠯᠪᠡᠭ ᠬᠤᠷᠢᠶᠠᠪᠠᠯ ᠤᠯᠤᠰ ᠣᠷᠣᠨ᠎ᠤ ᠦᠨᠳᠦᠰᠦ ᠪᠠᠳᠤ᠃ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠬᠦᠴᠦᠨ᠎ᠢᠶᠡᠨ ᠲᠥᠪᠯᠡᠷᠡᠭᠦᠯᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠵᠦ᠍᠂ ᠮᠠᠯ ᠠᠵᠤ ᠠᠬᠤᠶ᠎ᠲᠠᠷᠢᠶᠠᠯᠠᠩ ᠤ᠋ᠨ 《ᠬᠡᠪᠴᠢᠶᠡᠵᠢᠯ᠎ᠦᠨ ᠳᠠᠭᠠᠭᠤᠯᠤᠭ᠍ᠴᠢ》 ᠡᠴᠡ 《ᠶᠠᠰᠤ ᠴᠢᠨᠠᠷ᠎ᠤᠨ ᠬᠡᠪ ᠳᠠᠭᠤᠷᠢᠶᠠᠯ》 ᠳᠠᠢᠰᠢ ᠤᠷᠤᠭ᠍ᠰᠢᠯᠠᠬᠤ ᠵᠢ ᠠᠬᠢᠭᠤᠯᠵᠤ᠂ ᠨᠢᠭᠡᠨ ᠬᠥᠳᠡᠯᠭᠡᠬᠦ᠌ ᠡᠨᠧᠷᠭᠢ ᠭᠦᠶ᠋ᠴᠡᠳ᠂ ᠣᠨᠴᠠᠯᠢᠭ᠎ᠨᠢ ᠢᠯᠡ ᠲᠣᠳᠣ᠂ ᠨᠠᠩ ᠠᠮᠢᠵᠢᠷᠠᠯ᠎ᠤᠨ ᠬᠦᠴᠦᠨ᠎ᠲᠡᠶ ᠣᠳᠣᠬᠢᠴᠢᠯᠠᠭ᠍ᠰᠠᠨ ᠮᠠᠯ ᠠᠵᠤ ᠠᠬᠤᠶ᠎ᠲᠠᠷᠢᠶᠠᠯᠠᠩ ᠤ᠋ᠨ ᠬᠦᠴᠦᠷᠬᠡᠭ ᠣᠷᠣᠨ ᠶᠠᠭ ᠲᠣᠮᠣ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号