— ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠨᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠪᠡ
ᠣᠢᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠢ ᠲᠦᠷᠭᠡᠳᠬᠡᠨ ᠪᠠᠢᠭᠤᠯᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠨᠠᠩ ᠰᠠᠢᠨ ᠬᠠᠷᠢᠭᠤᠯᠲᠠ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃
ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠹᠷᠣᠨᠲ᠎ᠤᠨ ᠬᠢᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠨᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠭᠦᠢᠴᠡᠳ ᠬᠠᠷᠠᠭᠤᠯᠵᠤ᠂ ᠰᠢᠨ᠎ᠡ ᠠᠶᠠᠨ᠎ᠳᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠦᠨᠳᠦᠰᠦᠨ ᠪᠠᠲᠤᠯᠠᠭ᠎ᠠ᠂ ᠬᠠᠷᠠᠯᠲᠠ ᠡᠭᠦᠷᠭᠡ ᠪᠣᠯᠣᠨ ᠬᠥᠭᠵᠢᠯᠲᠡ᠎ᠶᠢᠨ ᠴᠢᠭᠯᠡᠯ᠎ᠢ ᠭᠦᠨᠵᠡᠭᠡᠢ ᠲᠣᠳᠣᠷᠬᠠᠢᠯᠠᠵᠠᠢ᠃ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠡᠬᠡ ᠤᠯᠤᠰ᠂ ᠠᠷᠠᠳ ᠲᠦᠮᠡᠨ᠎ᠦ ᠲᠥᠯᠥᠭᠡ ᠶᠣᠰᠣ᠌ ᠰᠤᠷᠲᠠᠬᠤᠨ ᠰᠤᠷᠭᠠᠯ᠎ᠢ ᠪᠤᠢ ᠪᠣᠯᠭᠠᠬᠤ ᠳᠤᠮᠳᠠ ᠦᠨ᠎ᠡ ᠦᠷᠳᠡᠭ᠎ᠢᠶᠡᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠨᠡᠮᠡᠷᠢᠯᠡᠬᠦ᠎ᠪᠡᠷ ᠴᠢᠷᠮᠠᠢᠨ᠎ᠡ ᠭᠡᠵᠦ ᠢᠯᠡᠳᠬᠡᠪᠡ᠃
2016 ᠣᠨ᠎ᠤ 5 ᠰᠠᠷ᠎ᠠ᠎ᠶᠢᠨ 17᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠢ ᠪᠠᠶ᠋ᠢᠭᠤᠯᠬᠤ ᠠᠤᠭ᠎ᠠ ᠲᠥᠰᠥᠪ᠎ᠢ ᠰᠢᠰᠲ᠋ᠸᠮ ᠲᠠᠢ ᠵᠢᠷᠤᠭᠯᠠᠵᠤ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠡᠴᠡᠭᠯᠡᠯ ᠬᠥᠭᠵᠢᠯᠳᠦ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃
10 ᠵᠢᠯ᠎ᠦᠨ ᠲᠤᠷᠰᠢ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠹᠷᠣᠨᠲ᠎ᠤᠨ ᠬᠢᠨ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ᠂ ᠮᠡᠳᠡᠯᠭᠡ᠎ᠶᠢᠨ ᠰᠢᠨ᠎ᠡ᠎ᠶᠢ ᠡᠭᠦᠳᠬᠦ᠂ ᠤᠨᠤᠯ᠎ᠤᠨ ᠰᠢᠨ᠎ᠡ᠎ᠶᠢ ᠡᠭᠦᠳᠬᠦ᠂ ᠠᠷᠭ᠎ᠠ᠎ᠶᠢᠨ ᠰᠢᠨ᠎ᠡ᠎ᠶᠢ ᠡᠭᠦᠳᠬᠦ᠎ᠶᠢ ᠯᠠᠪᠳᠠᠭᠤᠨ ᠪᠠᠲᠤᠲᠠᠢ ᠠᠬᠢᠭᠤᠯᠵᠤ᠂ 《ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ》᠂《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ》᠂ 《ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ》᠂ 《ᠰᠣᠶᠣᠯ ᠢᠷᠭᠡᠨᠰᠢᠯ᠎ᠦᠨ ᠠᠵᠤ ᠠᠬᠤᠢ᠎ᠶᠢᠨ ᠤᠬᠠᠭᠠᠨ》᠂ 《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ》 ᠵᠡᠷᠭᠡ ᠨᠢᠭᠡ ᠪᠦᠯᠦᠭ ᠤᠤᠭᠠᠯ ᠡᠭᠦᠳᠦᠯᠲᠡ᠎ᠶᠢᠨ ᠴᠢᠨᠠᠷᠲᠠᠢ᠂ ᠢᠯᠡᠳᠬᠡᠯᠳᠡ ᠴᠢᠨᠠᠷᠲᠠᠢ ᠤᠨᠤᠯ᠎ᠤᠨ ᠬᠦᠷᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠪᠦᠯᠦᠭ ᠦᠨ᠎ᠡ ᠦᠷᠳᠡᠭ᠎ᠲᠠᠢ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠵᠤ᠂ ᠨᠠᠮ ᠪᠣᠯᠣᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠬᠦᠴᠦᠲᠡᠢ ᠦᠢᠯᠡᠴᠢᠯᠡᠪᠡ᠃
《ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ ᠨᠢ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠣᠯᠣᠭᠰᠠᠨ ᠢᠯᠡᠷᠬᠡᠢ ᠠᠮᠵᠢᠯᠲᠠ᠎ᠶᠢ ᠭᠦᠢᠴᠡᠳ ᠨᠤᠲᠠᠯᠠᠪᠠ᠂ ᠡᠨᠡ ᠨᠢ ᠪᠢᠳᠡᠨ᠎ᠳᠦ ᠲᠤᠢᠯ᠎ᠤᠨ ᠶᠡᠬᠡ ᠵᠣᠷᠢᠭ᠍ᠵᠢᠭᠤᠯᠤᠯ ᠪᠠ ᠬᠦᠴᠦᠲᠡᠢ ᠲᠦᠯᠬᠢᠴᠡ ᠪᠣᠯᠪᠠ》᠃ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠷᠳᠡᠮ ᠰᠢᠨᠵᠢᠯᠡᠭᠡᠨ᠎ᠦ ᠬᠡᠯᠲᠡᠰ᠎ᠦᠨ ᠭᠡᠰᠢᠭᠦᠨ ᠵᠠᠩ ᠢ ᠲᠡᠷᠡ ᠳᠠᠷᠤᠢ ᠳ᠋ᠤᠨᠢ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠶᠢ ᠰᠤᠷᠤᠯᠴᠠᠵᠤ᠂ ᠰᠣᠶᠣᠯ᠎ᠤᠨ ᠢᠲᠡᠭᠡᠯ᠎ᠢᠶᠡᠨ ᠪᠠᠲᠤᠳᠬᠠᠬᠤ᠂ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠢ ᠪᠣᠯᠪᠠ᠃
ᠵᠠᠩ ᠢ᠎ᠶᠢᠨ ᠦᠵᠡᠬᠦ᠎ᠪᠡᠷ᠂ ᠴᠢᠨᠠᠷ ᠰᠠᠢᠲᠠᠢ ᠬᠥᠭᠵᠢᠯᠲᠡ᠎ᠶᠢᠨ 《ᠰᠠᠢᠲᠠᠢ》 ᠨᠢ ᠤᠯᠤᠰ ᠲᠦᠷᠦ᠎ᠶᠢᠨ ᠵᠣᠭᠰᠣᠴᠠ ᠳᠡᠭᠡᠷ᠎ᠡ ᠢᠯᠡᠷᠡᠵᠦ᠂ ᠤᠯᠤᠰ ᠪᠣᠯᠣᠨ ᠬᠥᠮᠥᠨ ᠲᠥᠷᠥᠯᠬᠢᠲᠡᠨ᠎ᠦ ᠬᠥᠭᠵᠢᠯᠲᠡ᠎ᠳᠦ ᠤᠨᠤᠯ᠎ᠤᠨ ᠲᠤᠯᠭᠠᠭᠤᠷᠢᠯᠠᠯ ᠬᠠᠩᠭᠠᠬᠤ᠎ᠪᠠᠷ ᠵᠣᠷᠢᠯᠭ᠎ᠠ᠎ᠪᠠᠨ ᠪᠣᠯᠭᠠᠪᠡ; ᠤᠤᠭᠠᠯ ᠡᠭᠦᠳᠦᠯᠲᠡ᠎ᠶᠢᠨ ᠲᠦᠪᠰᠢᠨ ᠳᠡᠭᠡᠷ᠎ᠡ ᠢᠯᠡᠷᠡᠵᠦ᠂ 《ᠥᠷᠥᠨᠡᠳᠠᠬᠢᠨ ᠵᠢᠡᠷ ᠭᠣᠣᠯᠯᠠᠬᠤ ᠦᠵᠡᠯ》 ᠦ᠋ᠨ ᠡᠷᠳᠡᠮ ᠰᠢᠨᠵᠢᠯᠡᠭᠡᠨ᠎ᠦ ᠲᠦᠰᠢᠭᠯᠡᠯᠢ ᠡᠪᠳᠡᠬᠦ᠎ᠪᠡᠷ ᠴᠢᠷᠮᠠᠢᠪᠠ; ᠦᠢᠯᠡᠳᠦᠯᠭᠡ᠎ᠶᠢᠨ ᠦᠷᠳᠡᠭᠳᠡᠭᠡᠷᠡ ᠢᠯᠡᠷᠡᠵᠦ᠂ ᠴᠢᠬᠤᠯᠠ ᠶᠡᠬᠡ ᠪᠣᠳᠠᠲᠤ ᠥᠷᠢᠰᠦᠯᠳᠦᠭᠡᠨ᠎ᠢ ᠦᠨᠡᠨ ᠬᠦ᠌ ᠲᠤᠯᠵᠤ ᠠᠷᠭᠠᠴᠠᠭᠠᠪᠠ; ᠤᠯᠠᠨ ᠤᠯᠤᠰ᠎ᠤᠨ ᠪᠠᠢᠷᠢᠰᠢᠯ ᠳᠡᠭᠡᠷ᠎ᠡ ᠢᠯᠡᠷᠡᠵᠦ᠂ ᠳᠤᠮᠳᠠᠳᠤ ᠤᠯᠤᠰ᠎ᠤᠨ ᠡᠷᠳᠡᠮ ᠰᠢᠨᠵᠢᠯᠡᠭᠡᠨ᠎ᠦ ᠦᠭᠡ ᠶᠠᠷᠢᠶᠠᠨ᠎ᠤ ᠳᠡᠯᠡᠬᠡᠢ᠎ᠳᠡᠬᠢ ᠨᠥᠯᠥᠭᠡᠯᠡᠬᠦ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠭᠦᠯᠪᠡ ᠭᠡᠵᠡᠢ᠃
ᠮᠠᠨ᠎ᠤ ᠤᠯᠤᠰ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠨᠢᠭᠡᠨ ᠴᠢᠬᠤᠯᠠ ᠡᠭᠦᠷᠭᠡ ᠪᠣᠯ ᠳᠠᠷᠤᠢ 21 ᠳ᠋ᠤᠭᠡᠷ ᠵᠠᠭᠤᠨ᠎ᠤ ᠮᠠᠷᠺᠰ᠎ᠤᠨ ᠦᠵᠡᠯ᠂ ᠤᠳᠦ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠢ ᠦᠷᠭᠦᠯᠵᠢᠯᠡᠨ ᠬᠥᠭᠵᠢᠭᠦᠯᠬᠦ ᠶᠠᠪᠤᠳᠠᠯ ᠮᠦᠨ᠃
ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠰᠢᠨ᠎ᠡ ᠡᠭᠦᠳᠤᠯᠲᠡ ᠵᠢᠨ ᠤᠨᠤᠯ᠎ᠤᠨ ᠰᠢᠰᠲ᠋ᠸᠮᠴᠢᠯᠠᠯᠳᠡ ᠶᠤᠰᠤᠴᠢᠯᠠᠯᠲᠠᠶᠢᠨ ᠰᠤᠳᠤᠯᠭᠠᠨ᠎ᠤ ᠲᠠᠢᠯᠪᠤᠷᠢᠯᠠᠯᠲᠠ᠎ᠶᠢ ᠭᠦᠨᠵᠡᠭᠡᠢᠷᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠡᠭᠡᠵᠢᠩ ᠶᠡᠬᠡ ᠰᠤᠷᠭᠠᠭᠤᠯᠢ ᠵᠢᠨᠰᠢᠶᠢᠨ ᠫᠢᠩ ᠦ᠋ᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠬᠠᠨ ᠢᠦᠢ ᠬᠠᠢ ᠡᠭᠦᠨ᠎ᠦ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠢ ᠪᠠᠢᠯ᠎ᠠ᠃
《ᠤᠳᠤ ᠦᠶ᠎ᠡ᠎ᠶᠢᠨ ᠳᠤᠮᠳᠠᠳᠤ ᠤᠯᠤᠰ᠎ᠲᠤ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠠᠷᠢᠮᠲᠠᠯᠠᠨ ᠬᠥᠭᠵᠢᠭᠦᠯᠬᠦ ᠪᠣᠯ ᠳᠠᠷᠤᠢ ᠮᠠᠷᠺᠰ᠎ᠤᠨ ᠦᠵᠡᠯ᠎ᠢ ᠵᠢᠩᠬᠢᠨᠢ᠎ᠪᠡᠷ ᠪᠠᠷᠢᠮᠲᠠᠯᠠᠨ ᠬᠥᠭᠵᠢᠭᠦᠯᠵᠦ ᠪᠠᠢᠭ᠎ᠠ ᠶᠠᠪᠤᠳᠠᠯ ᠮᠦᠨ》᠃ ᠬᠠᠨ ᠢᠦᠢ ᠬᠠᠢ᠂ ᠨᠠᠮ᠎ᠤᠨ ᠰᠢᠨ᠎ᠠ ᠡᠭᠦᠳᠦᠯᠳᠡ ᠵᠢᠨ ᠤᠨᠤᠯ᠎ᠢᠶᠡᠷ ᠬᠦᠳᠦᠯᠦᠨ ᠲᠠᠭᠠᠭᠤᠯᠬᠤ᠎ᠶᠢ ᠪᠠᠷᠢᠮᠲᠠᠯᠠᠵᠤ᠂ ᠴᠠᠭ ᠦᠶ᠎ᠡ᠎ᠶᠢᠨ ᠠᠭᠤᠯᠬᠤᠨ᠂ ᠰᠢᠰᠲ᠋ᠸᠮᠳᠤ ᠪᠦᠲᠦᠴᠡ᠂ ᠳᠣᠲᠣᠭᠠᠳᠤ ᠭᠣᠣᠯ ᠴᠢᠮᠦᠭᠡ᠂ ᠪᠣᠳᠠᠲᠤ ᠴᠢᠭᠯᠡᠯ᠎ᠡᠴᠡ ᠭᠠᠷᠳᠠᠵᠤ᠂ ᠰᠤᠳᠤᠯᠭᠠᠨ᠎ᠢ ᠭᠦᠨᠴᠡ᠎ᠲᠠᠢ᠂ ᠲᠠᠢᠯᠪᠤᠷᠢᠯᠠᠯᠲᠠ᠎ᠶᠢ ᠡᠷᠴᠢᠮ᠎ᠲᠠᠢ᠂ ᠲᠠᠨᠢᠯᠲᠠ᠎ᠶᠢ ᠥᠨᠳᠥᠷᠴᠡ᠎ᠲᠠᠢ ᠪᠠᠢᠯᠭᠠᠬᠤ ᠪᠡᠷ ᠴᠢᠷᠮᠠᠢᠵᠤ᠂ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢᠨ ᠰᠢᠨ᠎ᠡ ᠳᠡᠭᠡᠭᠰᠢᠯᠡᠯᠲᠡ᠎ᠶᠢ ᠪᠡᠶᠡᠯᠡᠭᠦᠯᠬᠦ ᠬᠡᠷᠡᠭᠲᠡᠢ ᠭᠡᠪᠡ᠃
ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠮᠠᠨ᠎ᠤ ᠤᠯᠤᠰ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠢ ᠴᠡᠴᠡᠭᠯᠡᠭᠦᠯᠦᠨ ᠬᠥᠭᠵᠢᠭᠦᠯᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠪᠠ ᠦᠨᠳᠦᠰᠦᠨ ᠪᠠᠲᠤᠯᠠᠭ᠎ᠠ ᠮᠥᠨ᠃
ᠵᠤᠨ᠎ᠤ ᠡᠬᠢᠨ ᠤ᠋ ᠶᠠᠨ ᠠᠨ ᠠᠮᠢᠵᠢᠷᠠᠯ᠎ᠢᠶᠡᠷ ᠪᠢᠯᠬᠠᠨ᠎ᠠ᠃ ᠡᠨᠡ ᠬᠦ᠌ ᠬᠤᠪᠢᠰᠭᠠᠯ᠎ᠤᠨ ᠬᠠᠯᠠᠭᠤᠨ ᠬᠥᠷᠥᠰᠥ᠍ ᠨᠢ ᠮᠠᠨ᠎ᠤ ᠨᠠᠮ᠎ᠤᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭ᠌ᠰᠡᠨ ᠭᠡᠷᠡᠯ ᠰᠠᠴᠤᠷᠠᠩᠭᠤᠢ ᠥᠩᠭᠡᠷᠡᠯᠲᠡ᠎ᠶ᠋ᠢ ᠭᠡᠷᠡᠴᠢᠯᠡᠭᠰᠡᠨ ᠪᠢᠯᠡ᠃
《ᠤᠢ᠍ᠢᠷ᠎ᠠ᠎ᠶ᠋ᠢᠨ ᠵᠢᠯ᠎ᠡᠴᠡ᠂ ᠶᠠᠨ ᠠᠨ ᠬᠤᠳᠠ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠤᠨ ᠪᠦᠬᠦ᠌ ᠶᠠᠪᠤᠴᠠ ᠡᠯ᠎ᠡ ᠬᠦᠷᠢᠶᠡᠨ᠎ᠳᠦ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠬᠤᠳᠠ᠎ᠶ᠋ᠢᠨ ᠨᠠᠮ᠎ᠤᠨ ᠬᠤᠷᠢᠶ᠎ᠠ᠎ᠶᠢᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠲᠤᠰᠭᠠᠢ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠪᠠᠢᠳᠠᠯ᠎ᠢ ᠰᠤᠳᠤᠯᠤᠨ ᠮᠠᠭᠠᠳᠯᠠᠵᠤ᠂ ᠭᠣᠣᠯᠳᠠᠯᠭ᠎ᠠ᠎ᠲᠠᠶ ᠡᠭᠦᠷᠭᠡ᠎ᠶ᠋ᠢ ᠨᠢᠭᠡᠳᠦᠯᠲᠡᠢ ᠲᠥᠯᠥᠪᠵᠢᠭᠦᠯᠵᠡᠢ》᠃ ᠶᠠᠨ ᠠᠨ ᠬᠤᠳᠠ᠎ᠶ᠋ᠢᠨ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠶᠠᠩ ᠬᠣᠩ ᠯᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠬᠤ᠎ᠳᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠡᠷᠳᠡᠮ ᠱᠢᠨᠵᠢᠯᠡᠭᠡᠨ᠎ᠦ ᠠᠮᠢ ᠠᠬᠤᠢ᠎ᠶ᠋ᠢ ᠱᠢᠯᠢᠳᠡᠭ᠌ᠵᠢᠭᠦᠯᠵᠦ᠍᠂ ᠨᠡᠩ ᠤᠯᠠᠨ ᠬᠤᠪᠢ᠎ᠶ᠋ᠢᠨ ᠵᠢᠩ᠎ᠲᠡᠶ᠂ ᠦᠨ᠎ᠡ ᠦᠷᠳᠡᠭ᠎ᠲᠡᠶ ᠰᠤᠳᠤᠯᠭᠠᠨ᠎ᠤ ᠦᠷ᠎ᠡ ᠪᠦᠲᠦᠭᠡᠯ᠎ᠢᠶᠡᠷ ᠶᠠᠨ ᠠᠨ᠎ᠤ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠢᠯᠡᠳᠭᠡᠪᠡ᠃
ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ ᠪᠣᠯ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠮᠥᠨ᠃
《ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠭᠣᠣᠯ ᠴᠣᠭ᠍ᠴᠠᠲᠤ ᠴᠢᠨᠠᠷ ᠪᠣᠯ ᠳᠤᠮᠳᠠᠳᠤ᠎ᠶ᠋ᠢᠨ ᠰᠣᠶᠣᠯ᠎ᠤᠨ ᠭᠣᠣᠯ ᠴᠣᠭ᠍ᠴᠠᠲᠤ ᠴᠢᠨᠠᠷ᠎ᠤᠨ ᠴᠢᠬᠤᠯᠠ ᠠᠭᠤᠯᠭ᠎ᠠ ᠪᠣᠯᠤᠨ᠎ᠠ᠃ ᠡᠭᠦᠨ᠎ᠡᠴᠡ ᠡᠮᠦᠨ᠎ᠡ ᠶᠡᠷᠦᠩᠬᠡᠢ ᠱᠦᠵᠢ ᠰᠢ ᠵᠢᠨ ᠫᠢᠩ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠶᠠᠷᠢᠯᠴᠠᠬᠤ ᠬᠤᠷᠠᠯ ᠳᠡᠭᠡᠷ᠎ᠡ᠂ 〈ᠰᠣᠶᠣᠯ᠎ᠤᠨ ᠭᠣᠣᠯ ᠴᠣᠭ᠍ᠴᠠᠲᠤ ᠴᠢᠨᠠᠷᠲᠠᠶ ᠪᠣᠯᠪᠠᠯ ᠳᠠᠷᠤᠢ ᠰᠣᠶᠣᠯ᠎ᠤᠨ ᠤᠳᠭ᠎ᠠ ᠠᠭᠤᠯᠭ᠎ᠠ ᠳᠡᠭᠡᠷᠡᠬᠢ ᠡᠷᠡᠰ ᠪᠠᠲᠤ ᠥᠪᠡᠷ ᠪᠢᠲᠡᠶ ᠪᠣᠯᠤᠨ᠎ᠠ〉 ᠭᠡᠵᠦ᠍ ᠵᠢᠭᠠᠵᠤ ᠭᠠᠷᠭᠠᠪᠠ᠃ ᠲᠣᠰ ᠤᠳᠠᠭᠠᠨ᠎ᠤ ᠴᠢᠬᠤᠯᠠ ᠵᠢᠭᠠᠪᠤᠷᠢ᠎ᠶ᠋ᠢ ᠰᠤᠷᠤᠯᠴᠠᠬᠤ᠎ᠪᠠᠷ ᠳᠡᠮᠵᠢᠨ᠂ ᠪᠢ 〈ᠡᠵᠡᠨ ᠮᠡᠳᠡᠬᠦ᠌〉 ᠭᠡᠬᠦ᠌ ᠬᠣᠶᠠᠷ ᠥᠰᠥᠭᠲᠦ ᠱᠢᠨ᠎ᠡ ᠲᠠᠨᠢᠯᠲᠠ᠎ᠲᠠᠶ ᠪᠣᠯᠵᠠᠶ》᠃ ᠱᠠᠨᠳᠦ᠋ᠩ ᠶᠡᠬᠡ ᠰᠤᠷᠭᠠᠭᠤᠯᠢ᠎ᠶ᠋ᠢᠨ 《ᠰᠣᠶᠣᠯ ᠲᠡᠦᠬᠡ ᠬᠦᠨ ᠤᠬᠠᠭᠠᠨ》 ᠤ᠋ ᠨᠠᠢᠷᠠᠭᠤᠯᠬᠤ ᠬᠡᠯᠲᠡᠰ᠎ᠦᠨ ᠨᠠᠢᠷᠠᠭᠤᠯᠤᠭ᠍ᠴᠢ ᠰᠦᠨ ᠴᠢ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠳᠬᠡᠨ ᠪᠠᠢᠭᠤᠯᠬᠤ᠎ᠶ᠋ᠢᠨ ᠵᠠᠢᠯᠠᠰᠢ ᠥᠬᠡᠶ ᠶᠠᠪᠤᠬᠤ ᠵᠠᠮ ᠮᠥᠨ ᠭᠡᠪᠡ᠃
《ᠪᠢᠳᠡ ᠰᠣᠶᠣᠯ ᠲᠡᠦᠬᠡ᠎ᠶ᠋ᠢᠨ ᠮᠠᠲ᠋ᠧᠷᠢᠶᠠᠯ᠎ᠢ ᠠᠭᠤᠳᠠᠯᠬᠤ᠂ ᠰᠣᠶᠣᠯ ᠲᠡᠦᠬᠡ᠎ᠶ᠋ᠢᠨ ᠠᠰᠠᠭᠤᠳᠠᠯ᠎ᠢ ᠢᠯᠡᠷᠡᠭᠦᠯᠬᠦ᠂ ᠰᠣᠶᠣᠯ ᠲᠡᠦᠬᠡ᠎ᠶ᠋ᠢᠨ ᠬᠠᠷᠠᠭ᠎ᠠ᠎ᠶ᠋ᠢ ᠥᠷᠭᠡᠳᠭᠡᠬᠦ᠂ ᠰᠣᠶᠣᠯ ᠲᠡᠦᠬᠡ᠎ᠶ᠋ᠢᠨ ᠲᠠᠨᠢᠯᠲᠠ ᠪᠠᠨ ᠬᠦᠨᠵᠡᠭᠡᠢᠷᠡᠬᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠭᠦᠨᠵᠡᠭᠡᠶ ᠪᠥᠭᠡᠳ ᠣᠢᠯᠠᠭᠠᠮᠵᠢᠲᠠᠶ ᠠᠷᠭ᠎ᠠ ᠬᠡᠯᠪᠡᠷᠢ᠎ᠪᠡᠷ ᠡᠷᠳᠡᠮ ᠱᠢᠨᠵᠢᠯᠡᠭᠡᠨ ᠬᠢᠭᠡᠳ ᠣᠯᠠᠨ ᠨᠡᠢᠲᠡ᠎ᠶ᠋ᠢᠨ ᠬᠣᠭᠣᠷᠣᠨᠳᠣᠬᠢ ᠬᠥᠭᠥᠷᠭᠡ᠎ᠶ᠋ᠢ ᠪᠤᠰᠭᠠᠵᠤ᠂ ᠣᠯᠠᠨ ᠨᠡᠢᠲᠡ ᠪᠡᠷ᠎ᠢᠶᠡᠨ ᠣᠢᠯᠠᠭᠠᠵᠤ᠂ ᠴᠡᠭᠡᠵᠢᠯᠡᠵᠦ ᠳᠡᠢᠯᠬᠦ ᠰᠤᠳᠤᠯᠭᠠᠨ ᠬᠢᠨ᠎ᠠ》 ᠭᠡᠵᠦ᠍ ᠰᠦᠨ ᠴᠢ ᠬᠡᠯᠡᠪᠡ᠃
《ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠨ ᠪᠠᠢᠭᠤᠯᠬᠤ᠎ᠳᠤ ᠡᠷᠬᠡᠪᠰᠢ ᠲᠤᠰ ᠭᠠᠵᠠᠷ ᠣᠷᠣᠨ᠎ᠳᠠᠭᠠᠨ ᠰᠠᠭᠤᠷᠢᠯᠠᠵᠤ᠂ ᠦᠢᠯᠡᠳᠦᠯᠭᠡ᠎ᠳᠦ ᠦᠨᠳᠦᠰᠦᠯᠡᠬᠦ᠌ ᠬᠡᠷᠡᠭ᠌ᠲᠡᠢ》᠃ ᠵᠧᠵᠢᠶᠠᠩ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠳᠡᠳ᠋ ᠰᠤᠳᠤᠯᠤᠭ᠍ᠴᠢ ᠶᠠᠩ ᡁᠢ ᠸᠸᠨ ᠡᠴᠡ ᠢ ᠦ᠋᠎ᠶ᠋ᠢᠨ ᠥᠭᠡᠷᠡᠴᠢᠯᠡᠯᠲᠡ ᠪᠠ ᠬᠥᠭ᠌ᠵᠢᠯᠲᠡ ᠵᠢ ᠬᠣᠷᠢ ᠭᠠᠷᠤᠢ ᠵᠢᠯ ᠮᠦᠷᠳᠡᠨ ᠰᠤᠳᠤᠯᠵᠤ᠂ ᠤᠯᠠᠨ ᠰᠤᠳᠤᠯᠭᠠᠨ᠎ᠤ ᠦᠷ᠎ᠡ ᠪᠦᠲᠦᠭᠡᠯ ᠨᠢ《ᠢ ᠦ᠋᠎ᠶ᠋ᠢᠨ ᠬᠥᠭ᠌ᠵᠢᠯᠲᠡ᠎ᠶ᠋ᠢᠨ ᠲᠤᠷᠱᠢᠯᠭ᠎ᠠ》ᠵᠢ ᠪᠠᠶᠠᠯᠢᠭ᠍ᠵᠢᠭᠤᠯᠬᠤ᠎ᠳᠤ ᠠᠱᠢᠭ᠍ᠲᠠᠢ ᠯᠠᠪᠯᠠᠯᠲᠠ ᠬᠠᠩᠭᠠᠪᠠ᠂ 《ᠪᠢ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠣᠳᠠᠲᠤ ᠠᠵᠢᠯᠯᠠᠭ᠎ᠠ ᠪᠣᠯᠭᠠᠨ ᠤᠨᠳᠤᠤᠰᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠤᠯᠠᠨ ᠤᠯᠤᠰ᠎ᠤᠨ ᠠᠷᠠᠯᠵᠢᠶᠠᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ ᠵᠡᠷᠭᠡ ᠬᠣᠱᠢᠭᠤᠷᠠᠯ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠭᠠᠨ ᠥᠷᠨᠢᠭᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠳᠦ ᠦᠢᠯᠡᠴᠢᠯᠡᠬᠦ᠌ ᠳᠤᠮᠳᠠ ᠵᠢᠩᠬᠢᠨᠢ ᠴᠢᠳᠠᠪᠤᠷᠢ ᠭᠠᠷᠭᠠᠵᠤ᠂ ᠰᠠᠢ᠌ᠨ ᠦᠷ᠎ᠡ ᠪᠦᠲᠦᠭᠡᠯ ᠤᠯᠤᠨ᠎ᠠ》᠃
《ᠢᠯᠡᠳᠭᠡᠯᠳᠡ ᠴᠢᠨᠠᠷᠲᠠᠶ ᠤᠬᠠᠭ᠍ᠳᠠᠬᠤᠨ᠎ᠢ ᠪᠣᠯᠪᠠᠰᠤᠷᠠᠭᠤᠯᠵᠤ᠂ ᠳᠡᠯᠡᠬᠡᠶ ᠨᠡᠢᠲᠡ᠎ᠪᠡᠷ ᠠᠮᠠᠷᠬᠠᠨ ᠣᠢᠯᠠᠭᠠᠬᠤ ᠪᠠ ᠭᠥᠯᠢᠶᠡᠨ ᠠᠪᠬᠤ ᠱᠢᠨ᠎ᠡ ᠤᠬᠠᠭ᠍ᠳᠠᠬᠤᠨ᠂ ᠱᠢᠨ᠎ᠡ ᠠᠶ᠂ ᠱᠢᠨ᠎ᠡ ᠥᠭᠦᠯᠡᠯᠲᠡ᠎ᠶ᠋ᠢ ᠪᠣᠶ ᠪᠣᠯᠭᠠᠬᠤ ᠪᠣᠯ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ᠎ᠶ᠋ᠢᠨ ᠰᠡᠳᠦᠪ᠎ᠦᠨ ᠳᠣᠲᠣᠷᠠᠬᠢ ᠤᠳᠭ᠎ᠠ ᠪᠣᠯᠤᠨ᠎ᠠ》᠃ ᠰᠸᠴᠤᠸᠠᠨ ᠶᠡᠬᠡ ᠰᠤᠷᠭᠠᠭᠤᠯᠢ᠎ᠶ᠋ᠢᠨ ᠤᠯᠠᠨ ᠤᠯᠤᠰ᠎ᠤᠨ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶ᠋ᠢᠨ ᠵᠠᠬᠢᠷᠤᠯ ᠳ᠋ᠢᠩ ᠵᠦᠩ ᠢ᠂ 《ᠤᠢ᠍ᠢᠷ᠎ᠠ᠎ᠶ᠋ᠢᠨ ᠵᠢᠯ᠎ᠡᠴᠡ᠂ ᠪᠢᠳᠡ ᠡᠮᠦᠨᠡᠲᠦ ᠠᠽᠢᠶ᠎ᠠ᠎ᠶ᠋ᠢᠨ ᠭᠠᠵᠠᠷ ᠣᠷᠣᠨ᠎ᠳᠡᠬᠢ ᠳᠤᠬᠠᠢ᠎ᠶᠢᠨ ᠭᠠᠵᠠᠷᠱᠢᠭᠤᠯᠬᠤ ᠰᠤᠳᠤᠯᠭᠠᠨ ᠳᠤᠮᠳᠠ᠂ 〈ᠪᠤᠰᠤᠳ᠎ᠤᠨ ᠬᠠᠷᠠᠭᠠᠰᠤ〉 ᠪᠡᠷ ᠥᠪᠡᠷ᠎ᠦᠨ ᠬᠦᠦᠷᠨᠢᠯ᠎ᠢᠶᠡᠨ ᠬᠢᠨᠠᠨ ᠬᠠᠷᠭᠤᠭᠤᠯᠵᠤ᠂ ᠳᠠᠮᠵᠢᠭᠤᠯᠭ᠎ᠠ᠎ᠶ᠋ᠢᠨ ᠠᠭᠤᠯᠭ᠎ᠠ᠎ᠶ᠋ᠢᠨ ᠳᠣᠲᠣᠨᠣᠰᠣᠭ ᠴᠢᠨᠠᠷ᠎ᠢ ᠬᠦᠴᠦᠯᠡᠨ ᠳᠡᠭᠡᠭ᠌ᠰᠢᠯᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ 〈ᠳᠣᠲᠣᠭ᠍ᠰᠢ ᠬᠦᠨ ᠬᠠᠭᠠᠯᠪᠤᠷᠢᠯᠠᠬᠤ〉 ᠪᠠ 〈ᠭᠠᠳᠠᠭᠠᠳᠤ ᠨᠡᠬᠡᠬᠡᠯᠳᠡ〉 ᠵᠢ ᠨᠡᠪᠲᠡᠷᠡᠭᠦᠯᠵᠦ᠍᠂ ᠳᠤᠮᠳᠠᠳᠤ ᠡᠨᠡᠳᠭᠡᠭ᠂ ᠳᠤᠮᠳᠠᠳᠤ ᠨᠸᠫᠠᠯ ᠵᠡᠷᠭᠡ ᠵᠠᠯᠠᠭᠤ ᠡᠷᠳᠡᠮᠲᠡᠳ᠎ᠦᠨ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠢ ᠳᠡᠯᠡᠬᠡᠢ᠎ᠳᠦ ᠨᠡᠩ ᠰᠠᠢ᠌ᠨ᠎ᠢᠶᠠᠷ ᠤᠷᠤᠭᠰᠢᠯᠠᠭᠤᠯᠤᠨ᠎ᠠ》 ᠭᠡᠪᠡ᠃
《ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ᠎ᠳᠤ ᠤᠳᠤᠷᠢᠳᠤᠮᠵᠢ ᠢᠯᠡ ᠲᠣᠳᠣ᠂ ᠵᠢᠮ᠎ᠡ ᠶᠣᠰᠣᠨ᠎ᠳᠤ ᠨᠡᠢᠴᠡᠭ᠌ᠰᠡᠨ᠂ ᠱᠢᠨᠵᠢᠯᠡᠬᠦ᠌ ᠤᠬᠠᠭᠠᠨ᠎ᠤ ᠡᠷᠬᠡ ᠰᠦᠷ᠎ᠲᠡᠶ᠂ ᠢᠯᠡ ᠲᠣᠳᠣ ᠡᠷᠳᠡᠮ ᠱᠢᠨᠵᠢᠯᠡᠭᠡᠨ᠎ᠦ ᠦᠨᠡᠯᠡᠯᠲᠡ᠎ᠶ᠋ᠢᠨ ᠱᠢᠰᠲ᠋ᠧᠮ᠎ᠢᠶᠡᠷ ᠲᠦᠱᠢᠭ ᠲᠤᠯᠭᠠᠭᠤᠷᠢ ᠪᠣᠯᠭᠠᠬᠤ ᠡᠴᠡ ᠰᠠᠯᠵᠤ ᠴᠢᠳᠠᠬᠤ ᠥᠬᠡᠶ ᠶᠤᠮ》᠃ ᠭᠤᠸᠠᠩᠳᠦ᠋ᠩ ᠮᠤᠵᠢ᠎ᠶ᠋ᠢᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠣᠯᠪᠣᠭᠠᠲᠤ ᠬᠤᠷᠠᠯ᠎ᠤᠨ ᠲᠤᠰᠭᠠᠶ ᠲᠤᠱᠢᠶᠠᠯᠲᠤ ᠳᠡᠳ᠋ ᠲᠡᠷᠢᠭᠦᠯᠡᠭ᠌ᠴᠢ ᠱᠢᠤᠢ ᠳ᠋ᠸ ᠶᠢᠦ᠂ 《ᠪᠢᠳᠡ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠲᠥᠯᠥᠪᠵᠢᠭᠦᠯᠭᠡ᠂ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠱᠠᠩᠨᠠᠯ ᠱᠢᠯᠭᠠᠷᠠᠭᠤᠯᠬᠤ ᠤᠳᠤᠷᠢᠳᠤᠮᠵᠢ᠎ᠶ᠋ᠢᠨ ᠴᠢᠳᠠᠮᠵᠢ᠎ᠶ᠋ᠢ ᠰᠠᠢᠲᠤᠷ ᠪᠠᠳᠠᠷᠠᠭᠤᠯᠵᠤ᠂ ᠰᠤᠳᠤᠯᠤᠭ᠍ᠴᠢᠳ᠎ᠤᠨ ᠦᠨᠡᠨ ᠬᠦ᠌ ᠰᠡᠳᠭᠢᠯ ᠱᠢᠭᠤᠳᠤᠨ᠂ ᠦᠨᠡᠨ ᠬᠦ᠌ ᠡᠷᠳᠡᠮ ᠮᠡᠳᠡᠯᠭᠡ ᠰᠤᠷᠴᠤ᠌᠂ ᠰᠠᠢᠨ ᠦᠷ᠎ᠡ ᠪᠦᠲᠦᠭᠡᠯ ᠭᠠᠷᠭᠠᠬᠤ᠎ᠳᠤ ᠬᠦᠴᠦᠨ ᠨᠡᠮᠡᠷᠢᠯᠡᠨ᠎ᠡ》 ᠭᠡᠵᠡᠶ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠤᠷᠢᠳᠤ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠃ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠹᠷᠣᠨᠲ᠎ᠤᠨ ᠬᠢᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠨ᠎ᠡ ᠪᠠᠢᠳᠠᠯ᠎ᠳᠤ ᠲᠠᠰᠤᠷᠠᠯᠳᠠ ᠦᠭᠡᠢ ᠵᠣᠬᠢᠴᠠᠵᠤ᠂ ᠱᠢᠨ᠎ᠡ ᠥᠷᠢᠰᠥᠯᠳᠦᠭᠡᠨ᠎ᠢ ᠤᠭ᠍ᠲᠤᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶ᠋ᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶ᠋ᠢᠨ ᠠᠰᠠᠭᠤᠯᠲᠠ ᠵᠢ ᠨᠡᠩ ᠰᠠᠢᠳᠤᠷ ᠬᠠᠷᠢᠭᠤᠯᠬᠤ ᠬᠡᠷᠡᠭᠳᠡᠢ ᠭᠡᠵᠦ ᠢᠯᠡᠳᠬᠡᠪᠡ᠃
《〈ᠳᠦᠷᠪᠡᠨ ᠠᠰᠠᠭᠤᠯᠲᠠ〉 ᠵᠢ ᠰᠠᠢᠲᠤᠷ ᠬᠠᠷᠢᠭᠤᠯᠬᠤ᠎ᠳᠤ ᠪᠣᠳᠠᠲᠠᠢ ᠪᠠᠢᠳᠠᠯ᠎ᠳᠤ ᠰᠠᠭᠤᠷᠢᠯᠠᠵᠤ᠂ ᠥᠭᠦᠯᠡᠯ᠎ᠢᠶᠡᠨ ᠡᠬᠡ ᠤᠯᠤᠰ᠎ᠤᠨ᠎ᠢᠶᠠᠨ ᠨᠤᠲᠤᠭ ᠳᠡᠪᠢᠰᠭᠡᠷ ᠳᠡᠭᠡᠷ᠎ᠡ ᠪᠢᠴᠢᠬᠦ᠌ ᠬᠡᠷᠡᠭ᠌ᠲᠡᠢ; ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠡᠨ ᠬᠦ᠌ ᠬᠡᠷᠡᠭ᠌ᠵᠢᠭᠦᠯᠵᠦ᠍ ᠪᠣᠯᠬᠤᠢᠴᠠ ᠳᠤᠮᠳᠠᠳᠤ ᠤᠯᠤᠰ᠎ᠤᠨ ᠲᠥᠰᠦᠯ᠎ᠢ ᠳᠤᠷᠠᠳᠬᠤ ᠬᠡᠷᠡᠭᠳᠡᠢ; ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌᠂ ᠰᠤᠳᠤᠯᠭᠠᠨ᠎ᠤ ᠦᠷ᠎ᠡ ᠪᠦᠲᠦᠭᠡᠯ᠎ᠢ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯᠡᠰ᠎ᠢ ᠱᠢᠢᠳᠪᠦᠷᠢᠯᠡᠬᠦ᠌ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠨᠳᠤᠤᠰᠢᠭᠤᠯᠬᠤ ᠬᠡᠷᠡᠭ᠌ᠲᠡᠢ; ᠪᠣᠳᠠᠲᠤ ᠥᠷᠢᠰᠥᠯᠳᠦᠭᠡᠨ᠎ᠳᠦ ᠱᠢᠭᠤᠳ ᠬᠠᠨᠳᠤᠵᠤ᠂ ᠦᠶ᠋ᠯᠡᠳᠦᠯᠭᠡ᠎ᠶ᠋ᠢᠨ ᠳᠤᠮᠳᠠ ᠡᠴᠡ ᠱᠢᠨ᠎ᠡ ᠬᠠᠷᠢᠭᠤᠯᠲᠠ ᠵᠢ ᠬᠠᠢᠬᠤ ᠬᠡᠷᠡᠭᠳᠡᠢ》᠃ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠴᠢᠨ ᠱᠢᠤᠸᠠᠨ᠂ ᠡᠭᠦᠨ᠎ᠢᠶᠡᠷ ᠬᠠᠷᠠᠯᠲᠠ ᠪᠣᠯᠭᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠨᠡᠩ ᠤᠯᠠᠨ ᠡᠷᠳᠡᠮ ᠱᠢᠨᠵᠢᠯᠡᠭᠡᠨ᠎ᠦ ᠦᠷ᠎ᠡ ᠪᠦᠲᠦᠭᠡᠯ᠎ᠢ ᠭᠠᠷᠭᠠᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠡᠩ ᠤᠯᠠᠨ ᠤᠶᠤᠨ ᠤᠬᠠᠭᠠᠨ ᠪᠡ ᠬᠦᠴᠦᠨ ᠴᠢᠳᠠᠯᠨᠡᠮᠡᠷᠢᠯᠡᠨᠡ ᠭᠡᠵᠦ᠍ ᠢᠯᠡᠳᠭᠡᠪᠡ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 17᠎ᠤ᠋ ᠴᠠᠬᠢᠯᠭᠠᠨ ᠮᠡᠳᠡᠭᠡ )