ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠶ ᠰᠠᠢᠳ ᠳ᠋ᠢᠩ ᠱᠢᠤᠸᠠᠢ ᠱᠢᠶᠠᠩ ᠤᠷᠢᠳ ᠬᠣᠵᠢᠳ ᠪᠡᠭᠡᠵᠢᠩ᠂ ᠾᠸᠪᠸᠢ᠂ ᠥᠪᠥᠷ ᠮᠣᠩᠭᠣᠯ᠎ᠳᠤ ᠪᠤᠳᠤᠯᠲᠠ᠎ᠶ᠋ᠢᠨ ᠬᠦᠴᠦᠨ᠎ᠦ ᠲᠣᠣᠷ᠎ᠤᠨ ᠪᠥᠲᠥᠭᠡᠨ ᠪᠠᠢᠭᠤᠯᠤᠯᠲᠠ᠎ᠶ᠋ᠢ ᠪᠠᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠪᠠᠢᠷᠢᠯᠠᠭᠤᠯᠤᠯᠲᠠ ᠶᠣᠰᠣᠭᠠᠷ᠂ ᠦᠵᠦ᠍ ᠲᠥᠯᠥᠪᠯᠡᠭᠡ ᠪᠣᠯᠤᠨ ᠱᠢᠨᠵᠢᠯᠡᠬᠦ᠌ ᠤᠬᠠᠭᠠᠨᠴᠢ ᠲᠥᠯᠥᠪᠵᠢᠭᠦᠯᠭᠡ᠎ᠪᠡᠨ ᠴᠢᠩᠭᠠᠳᠭᠠᠵᠤ᠂ ᠪᠦᠬᠦ᠌ ᠤᠯᠤᠰ᠎ᠤᠨ ᠨᠢᠭᠡ ᠴᠤᠬ᠍ᠴᠠᠵᠢᠬ᠍ᠰᠠᠨ ᠪᠤᠳᠤᠯᠲᠠ᠎ᠶ᠋ᠢᠨ ᠬᠦᠴᠦᠨ᠎ᠦ ᠲᠣᠣᠷ᠎ᠤᠨ ᠪᠦᠳᠦᠭᠡᠨ ᠪᠠᠢᠭᠤᠯᠤᠯᠲᠠ ᠪᠣᠯᠤᠨ ᠡᠷᠴᠢᠮᠵᠢᠭᠰᠡᠨ ᠥᠨᠳᠥᠷ ᠪᠦᠲᠦᠮᠵᠢᠲᠡᠢ ᠠᠱᠢᠭ᠍ᠯᠠᠯᠲᠠ᠎ᠶ᠋ᠢ ᠠᠬᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠤᠯᠭᠤᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠪᠡᠭᠡᠵᠢᠩ᠎ᠦᠨ ᠵᠣᠬᠢᠶᠠᠮᠠᠯ ᠤᠶᠤᠨ ᠴᠢᠳᠠᠪᠤᠷᠢ᠎ᠶ᠋ᠢᠨ ᠤᠯᠠᠨ ᠨᠡᠢᠲᠡ᠎ᠶ᠋ᠢᠨ ᠪᠤᠳᠤᠯᠲᠠ᠎ᠶ᠋ᠢᠨ ᠬᠦᠴᠦᠨ᠎ᠦ ᠲᠥᠪ ᠪᠣᠯᠤᠨ ᠥᠪᠥᠷ ᠮᠣᠩᠭᠣᠯ᠎ᠤᠨ ᠤᠯᠠᠨ ᠡᠭᠦᠯᠡᠨ ᠪᠤᠳᠤᠯᠳᠠ᠎ᠶ᠋ᠢᠨ ᠬᠦᠴᠦᠨ᠎ᠦ ᠡᠬᠢ ᠪᠠᠶᠠᠯᠢᠭ᠎ᠢ ᠬᠢᠨᠠᠨ ᠬᠡᠮᠵᠢᠬᠦ᠌ ᠪᠠ ᠲᠤᠬᠢᠷᠠᠭᠤᠯᠬᠤ ᠲᠠᠪᠴᠠᠩ᠎ᠳᠤ᠂ ᠳ᠋ᠢᠩ ᠱᠢᠤᠸᠠᠢ ᠱᠢᠶᠠᠩ ᠪᠤᠳᠤᠯᠲᠠ᠎ᠶ᠋ᠢᠨ ᠬᠦᠴᠦᠨ᠎ᠦ ᠲᠥᠬᠥᠭᠡᠷᠦᠮᠵᠢ᠎ᠶ᠋ᠢᠨ ᠲᠥᠯᠥᠪᠵᠢᠭᠦᠯᠭᠡ᠎ᠶ᠋ᠢᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠤᠳᠤᠯᠲᠠ᠎ᠶ᠋ᠢᠨ ᠬᠦᠴᠦᠨ᠎ᠦ ᠡᠬᠢ ᠪᠠᠶᠠᠯᠢᠭ᠎ᠤᠨ ᠲᠤᠬᠢᠷᠠᠭᠤᠯᠤᠯᠳᠠ ᠵᠡᠷᠭᠡ ᠪᠠᠢᠳᠠᠯ᠎ᠢ ᠨᠠᠷᠢᠯᠢᠬ ᠣᠢᠯᠠᠭᠠᠪᠠ᠃ ᠲᠡᠷᠡ᠂ ᠪᠤᠳᠤᠯᠲᠠ᠎ᠶ᠋ᠢᠨ ᠬᠦᠴᠦᠨ ᠪᠣᠯ ᠤᠯᠤᠰ᠎ᠤᠨ ᠶᠡᠷᠦᠩᠬᠡᠢᠯᠡᠭ᠌ᠰᠡᠨ ᠤᠯᠤᠰ᠎ᠤᠨ ᠬᠦᠴᠦᠨ᠎ᠦ ᠴᠢᠬᠤᠯᠠ ᠢᠯᠡᠷᠡᠯ ᠮᠥᠨ᠂ ᠨᠢᠭᠡᠳᠦᠯᠲᠡᠶ ᠲᠥᠯᠥᠪᠵᠢᠭᠦᠯᠦᠨ ᠪᠠᠢᠷᠢᠱᠢᠭᠤᠯᠵᠤ᠂ ᠡᠮᠬᠢ ᠵᠢᠷᠤᠮ᠎ᠲᠠᠶ ᠪᠥᠲᠥᠭᠡᠨ ᠪᠠᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠰᠲᠠᠶ ᠲᠣᠬᠢᠷᠠᠭᠤᠯᠬᠤ᠂ ᠪᠤᠳᠤᠯᠲᠠ᠎ᠶᠢᠨ ᠬᠦᠴᠦᠨ ᠪᠠ ᠴᠠᠬᠢᠯᠭᠠᠨ ᠬᠦᠴᠦᠨ᠎ᠢ ᠬᠠᠮᠵᠢᠯᠴᠠᠭᠤᠯᠬᠤ᠎ᠶ᠋ᠢ ᠴᠢᠬᠤᠯᠠᠴᠢᠯᠠᠵᠤ᠂ ᠪᠥᠬᠥ᠌ ᠤᠯᠤᠰ ᠵᠢᠡᠷ ᠵᠢᠡᠨ ᠨᠢᠭᠡ ᠲᠤᠤᠷ ᠪᠤᠯᠬᠤ ᠵᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠶ᠃ ᠪᠤᠳᠤᠯᠲᠠ᠎ᠶᠢᠨ ᠬᠦᠴᠦᠨ᠎ᠢ ᠬᠢᠨᠠᠨ ᠬᠡᠮᠵᠢᠵᠦ᠍ ᠲᠣᠬᠢᠷᠠᠭᠤᠯᠬᠤ᠎ᠶ᠋ᠢ ᠴᠢᠩᠭᠠᠳᠭᠠᠨ᠂ ᠪᠤᠳᠤᠯᠲᠠ᠎ᠶᠢᠨ ᠬᠦᠴᠦᠨ᠎ᠢ ᠵᠠᠯᠭᠠᠨ ᠣᠷᠣᠭᠤᠯᠬᠤ ᠪᠠ ᠨᠠᠷᠢᠯᠢᠭ ᠣᠨᠣᠪᠴᠢᠲᠠᠶ᠎ᠪᠠᠷ ᠵᠣᠬᠢᠴᠠᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠠᠷᠠᠬᠠᠶ ᠪᠤᠲᠠᠷᠬᠠᠶ ᠪᠠᠢᠭ᠎ᠠ ᠡᠬᠢ ᠪᠠᠶᠠᠯᠢᠭ᠎ᠢ ᠨᠡᠢᠳᠭᠡᠨ ᠠᠱᠢᠭ᠍ᠯᠠᠵᠤ᠂ ᠣᠯᠠᠨ ᠡᠱᠢᠵᠢᠭ᠌ᠰᠡᠨ ᠪᠤᠳᠤᠯᠲᠠ᠎ᠶᠢᠨ ᠬᠦᠴᠦᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠶ ᠬᠠᠩᠭᠠᠬᠤ ᠬᠡᠷᠡᠭᠲᠡᠢ᠃ ᠣᠳᠣᠬᠠᠨ᠎ᠳᠤ ᠡᠯ᠎ᠡ ᠵᠦᠢᠯ᠎ᠦᠨ ᠤᠯᠠᠮᠵᠢᠯᠠᠯᠲᠤ ᠪᠠ ᠱᠢᠨ᠎ᠡ ᠮᠠᠶᠢᠭ᠎ᠤᠨ ᠠᠶᠤᠯ ᠲᠦᠭ᠌ᠰᠢᠭᠦᠷᠢ ᠰᠣᠯᠪᠢᠴᠠᠨ ᠳᠠᠪᠬᠤᠴᠠᠵᠤ ᠪᠠᠢᠨ᠎ᠠ᠂ ᠬᠤᠷᠢᠭ᠎ᠠ ᠱᠤᠭᠤᠮ᠎ᠤᠨ ᠰᠡᠳᠭᠢᠬᠦᠢ᠎ᠪᠡᠨ ᠴᠢᠩᠭᠠᠳᠭᠠᠵᠤ᠂ ᠲᠥᠬᠥᠭᠡᠷᠦᠮᠵᠢ᠂ ᠵᠠᠭ᠍ᠪᠤᠷ᠂ ᠲᠣᠭ᠎ᠠ ᠪᠠᠷᠢᠮᠲᠠ᠂ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠪᠤᠳᠤᠯᠲᠠ᠎ᠶᠢᠨ ᠬᠦᠴᠦᠨ᠎ᠤ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠬᠡᠷᠡᠭ᠌ᠲᠡᠢ ᠭᠡᠵᠦ ᠢᠯᠡᠳᠭᠡᠪᠡ᠃

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠶ ᠰᠠᠢᠳ ᠳ᠋ᠢᠩ ᠱᠢᠤᠸᠠᠢ ᠱᠢᠶᠠᠩ ᠤᠷᠢᠳ ᠬᠣᠵᠢᠳ ᠪᠡᠭᠡᠵᠢᠩ᠂ ᠾᠸᠪᠸᠢ᠂ ᠥᠪᠥᠷ ᠮᠣᠩᠭᠣᠯ᠎ᠳᠤ ᠪᠤᠳᠤᠯᠲᠠ᠎ᠶ᠋ᠢᠨ ᠬᠦᠴᠦᠨ᠎ᠦ ᠲᠣᠣᠷ᠎ᠤᠨ ᠪᠥᠲᠥᠭᠡᠨ ᠪᠠᠢᠭᠤᠯᠤᠯᠲᠠ᠎ᠶ᠋ᠢ ᠪᠠᠢᠴᠠᠭᠠᠨ ᠰᠤᠳᠤᠯᠪᠠ᠃ ᠵᠢᠷᠤᠬ ᠪᠤᠯ 5 ᠰᠠᠷ᠎ᠠ ᠵᠢᠨ 17᠎ᠤ᠋ ᠡᠳᠦᠷ᠂ ᠳ᠋ᠢᠩ ᠱᠢᠤᠸᠠᠢ ᠱᠢᠶᠠᠩ ᠥᠪᠥᠷ ᠮᠣᠩᠭᠣᠯ᠎ᠤᠨ ᠤᠯᠠᠨ ᠡᠭᠦᠯᠡᠨ ᠪᠤᠳᠤᠯᠳᠠ᠎ᠶ᠋ᠢᠨ ᠬᠦᠴᠦᠨ᠎ᠦ ᠡᠬᠢ ᠪᠠᠶᠠᠯᠢᠭ᠎ᠢ ᠬᠢᠨᠠᠨ ᠬᠡᠮᠵᠢᠬᠦ᠌ ᠪᠠ ᠲᠤᠬᠢᠷᠠᠭᠤᠯᠬᠤ ᠲᠠᠪᠴᠠᠩ᠎ᠳᠤ ᠪᠤᠳᠤᠯᠲᠠ᠎ᠶ᠋ᠢᠨ ᠬᠦᠴᠦᠨ᠎ᠦ ᠲᠥᠬᠥᠭᠡᠷᠦᠮᠵᠢ᠎ᠶ᠋ᠢᠨ ᠲᠥᠯᠥᠪᠵᠢᠭᠦᠯᠭᠡ᠎ᠶ᠋ᠢᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠤᠳᠤᠯᠲᠠ᠎ᠶ᠋ᠢᠨ ᠬᠦᠴᠦᠨ᠎ᠦ ᠡᠬᠢ ᠪᠠᠶᠠᠯᠢᠭ᠎ᠤᠨ ᠲᠤᠬᠢᠷᠠᠭᠤᠯᠤᠯᠳᠠ ᠵᠡᠷᠭᠡ ᠪᠠᠢᠳᠠᠯ᠎ᠢ ᠨᠠᠷᠢᠯᠢᠬ ᠣᠢᠯᠠᠭᠠᠵᠦ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠸᠠᠩ ᠶᠧ ᠰᠡᠬᠦᠳᠡᠷᠯᠡᠪᠡ
ᠳ᠋ᠢᠩ ᠱᠢᠤᠸᠠᠢ ᠱᠢᠶᠠᠩ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠎ᠶ᠋ᠢᠨ ᠺᠤᠮᠫᠠᠨᠢ ᠵᠢᠨ ᠤᠮᠠᠷᠠᠲᠤ ᠣᠷᠣᠨ (ᠯᠠᠩᠹᠠᠩ) ᠤ᠋ ᠳ᠋ᠠᠢᠲ᠋ᠠ᠎ᠶ᠋ᠢᠨ ᠲᠥᠪ᠂ ᠳᠤᠮᠳᠠᠳᠤ ᠤᠯᠤᠰ᠎ᠤᠨ ᠰᠢᠯᠵᠢᠬᠡ ᠬᠣᠯᠪᠣᠭ᠎ᠠ ᠵᠢᠨ ᠺᠤᠮᠫᠠᠨᠢ ᠵᠢᠨ ᠬᠥᠬᠡᠬᠣᠲᠠ᠎ᠶ᠋ᠢᠨ ᠤᠶᠤᠨᠲᠤ ᠪᠣᠳᠣᠯᠲᠠ᠎ᠶ᠋ᠢᠨ ᠬᠦᠴᠦᠨ᠎ᠤ ᠲᠥᠪ ᠪᠣᠯᠤᠨ ᠾᠸᠹᠸᠢᠶ᠋ᠢᠨ ᠤᠶᠤᠨᠲᠤ ᠪᠣᠳᠣᠯᠲᠠ᠎ᠶ᠋ᠢᠨ ᠬᠦᠴᠦᠨ᠎ᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ᠎ᠤᠨ ᠬᠢᠵᠠᠭᠠᠷᠳᠤ ᠺᠤᠮᠫᠠᠨᠢ ᠵᠢᠨ ᠬᠥᠬᠡᠬᠣᠲᠠ᠎ᠳᠡᠬᠢ ᠰᠠᠭᠤᠷᠢᠨ᠎ᠳᠤ ᠬᠦᠷᠴᠦ᠍᠂ ᠠᠵᠤ ᠠᠬᠤᠢᠯᠠᠯ᠎ᠤᠨ ᠪᠤᠳᠤᠯᠲᠠ᠎ᠶᠢᠨ ᠬᠦᠴᠦᠨ᠎ᠦ ᠲᠤᠤᠷ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠵᠤ ᠬᠡᠷᠡᠭ᠌ᠯᠡᠵᠦ᠍ ᠪᠠᠢᠭ᠎ᠠ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠮᠠᠨ᠎ᠤ ᠤᠯᠤᠰ᠎ᠤᠨ ᠳ᠋ᠠᠢᠲ᠋ᠠ᠎ᠶ᠋ᠢᠨ ᠡᠬᠢ ᠪᠠᠶᠠᠯᠢᠭ ᠡᠯᠪᠡᠭ᠂ ᠬᠡᠷᠡᠭ᠌ᠯᠡᠭᠡᠨ᠎ᠤ ᠠᠬᠤᠢ ᠪᠠᠢᠳᠠᠯ ᠥᠷᠭᠡᠨ ᠠᠭᠤᠳᠠᠮ ᠶᠤᠮ᠂ ᠡᠳᠡᠭᠡᠷ ᠳᠠᠪᠠᠭᠤᠯᠢᠭ᠎ᠢ ᠰᠠᠢᠲᠤᠷ ᠠᠱᠢᠭ᠍ᠯᠠᠵᠤ᠂ ᠪᠤᠳᠤᠯᠲᠠ ᠵᠢᠨ ᠬᠦᠴᠦᠨ᠎ᠤ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠵᠠᠭ᠍ᠪᠤᠷ᠎ᠤᠨ ᠪᠤᠳᠤᠯᠲᠠ ᠵᠢᠨ ᠠᠷᠭ᠎ᠠ᠎ᠶ᠋ᠢᠨ ᠬᠥᠭ᠌ᠵᠢᠯᠲᠡ ᠪᠣᠯᠤᠨ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠵᠣᠬᠢᠴᠠᠭᠤᠯᠤᠨ ᠠᠬᠢᠭᠤᠯᠵᠤ᠂ ᠲᠣᠭᠠᠴᠢᠯᠠᠭ᠍ᠰᠠᠨ ᠤᠶᠤᠨᠴᠢᠯᠠᠬ᠍ᠰᠠᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠠᠮᠢ ᠠᠬᠤᠢ᠎ᠶ᠋ᠢ ᠪᠤᠢ ᠪᠣᠯᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨᠬᠡᠷᠡᠭᠯᠡᠯᠲᠡ ᠵᠢᠨ ᠬᠠᠮᠵᠢᠯᠴᠠᠭᠤᠯᠤᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠬᠦᠴᠢᠷ ᠠᠰᠠᠭᠤᠳᠠᠯ᠎ᠢ ᠲᠦᠷᠭᠡᠨ ᠱᠢᠢᠳᠪᠦᠷᠢᠯᠡᠵᠦ᠍᠂ ᠪᠠᠷᠢᠮᠵᠢᠶ᠎ᠠ ᠵᠢᠷᠤᠮᠵᠢᠯ᠎ᠢ ᠲᠣᠭ᠍ᠲᠠᠭᠠᠨ ᠲᠡᠭᠦᠯᠳᠡᠷᠵᠢᠭᠦᠯᠵᠦ᠍᠂ ᠤᠯᠤᠰ᠎ᠲᠠᠭᠠᠨ ᠦᠢᠯᠡᠳᠪᠦᠷᠢᠯᠡᠭ᠌ᠰᠡᠨ ᠵᠥᠭᠡᠯᠡᠨ ᠲᠤᠨᠤᠭ᠎ᠢ 《ᠬᠡᠷᠡᠭ᠌ᠯᠡᠵᠦ᠍ ᠪᠣᠯᠬᠤ》 ᠡᠴᠡ 《ᠬᠡᠷᠡᠭ᠌ᠯᠡᠬᠦ᠌᠎ᠳᠦ ᠰᠠᠢᠨ》 ᠲᠡᠢᠰᠢ ᠲᠦᠷᠭᠡᠨ ᠠᠬᠢᠭᠤᠯᠵᠤ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌ ᠬᠡᠷᠡᠭ᠌ᠲᠡᠢ᠃ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠭᠤᠯᠬᠤ᠎ᠶ᠋ᠢ ᠪᠠᠷᠢᠮᠲᠠᠯᠠᠵᠤ᠂ ᠭᠡᠷᠡᠭᠯᠡᠭᠡᠨ᠎ᠤ ᠤᠳᠤᠷᠢᠳᠤᠮᠵᠢ᠎ᠶ᠋ᠢ ᠳᠣᠪᠣᠢᠯᠭᠠᠨ᠂ ᠦᠶ᠋ᠯᠡᠴᠢᠯᠡᠭᠡᠨ᠎ᠦ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠪᠤᠳᠤᠯᠲᠠ ᠵᠢᠨ ᠬᠦᠴᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠲᠦᠭᠡᠮᠡᠯ ᠠᠱᠢᠭ ᠬᠦᠷᠲᠡᠭᠡᠨ ᠬᠡᠷᠡᠭ᠌ᠯᠡᠬᠦ᠌ ᠳ᠋ᠤ ᠳᠦᠭᠦᠮ ᠪᠤᠯᠭᠠᠬᠤ ᠵᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠥᠪᠥᠷ ᠮᠣᠩᠭᠣᠯ᠎ᠤᠨ ᠰᠠᠯᠬᠢ ᠭᠡᠷᠡᠯ᠎ᠦᠨ ᠡᠬᠢ ᠪᠠᠶᠠᠯᠢᠭ ᠡᠯᠪᠡᠭ᠂ ᠪᠣᠬᠢᠷᠲᠤᠯ ᠦᠭᠡᠢ ᠴᠠᠬᠢᠯᠭᠠᠨ ᠬᠦᠴᠦᠨ᠎ᠦ ᠡᠵᠡᠯᠡᠬᠦ᠌ ᠬᠠᠷᠢᠴᠠᠯ ᠥᠨᠳᠥᠷ ᠶᠤᠮ᠃ ᠳ᠋ᠢᠩ ᠱᠢᠤᠸᠠᠢ ᠱᠢᠶᠠᠩ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠪᠣᠯᠤᠨ ᠵᠦᠩ ᠵᠢᠨ ᠳ᠋ᠠᠢᠲ᠋ᠠ ᠵᠢᠨ ᠪᠦᠯᠦᠭ᠌ᠯᠡᠯ ᠺᠤᠮᠫᠠᠨᠢ ᠵᠢᠨ ᠤᠯᠠᠭᠠᠨᠴᠠᠪ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠤᠳᠤᠯᠲᠠ ᠵᠢᠨ ᠬᠦᠴᠦᠨ᠎ᠦ ᠰᠠᠭᠤᠷᠢᠨ᠎ᠳᠤ ᠬᠦᠷᠴᠦ᠍᠂ ᠪᠤᠳᠤᠯᠲᠠ ᠵᠢᠨ ᠬᠦᠴᠦᠨ ᠬᠢᠭᠡᠳ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠠᠭ᠎ᠠ ᠨᠡᠭᠦᠷᠡᠰᠦᠲᠥ᠋ᠷᠥᠭ᠌ᠴᠢᠲᠦ ᠪᠤᠳᠤᠯᠲᠠ ᠵᠢᠨ ᠬᠦᠴᠦᠨ᠎ᠤ ᠬᠥᠭ᠌ᠵᠢᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠪᠤᠳᠤᠯᠲᠠ ᠵᠢᠨ ᠬᠦᠴᠦᠨ᠎ᠦ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠲᠦᠷᠭᠡᠨ ᠨᠡᠮᠡᠭ᠌ᠳᠡᠬᠦ᠌ ᠨᠢ ᠡᠨᠧᠷᠭᠢ᠎ᠶ᠋ᠢᠨ ᠬᠠᠩᠭᠠᠯᠭ᠎ᠠ᠎ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠂ ᠡᠨᠧᠷᠭᠢᠡᠬᠢ ᠪᠠᠶᠠᠯᠢᠭ᠎ᠤᠨ ᠲᠤᠬᠢᠷᠠᠭᠤᠯᠤᠯᠳᠠ ᠪᠣᠯᠤᠨ ᠪᠤᠳᠤᠯᠲᠠ ᠵᠢᠨ ᠬᠦᠴᠦᠨ᠎ᠦ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠴᠠᠬᠢᠯᠭᠠᠨᠬᠦᠴᠦᠨ ᠵᠢᠡᠷ ᠪᠤᠳᠤᠯᠲᠠ ᠵᠢᠨ ᠬᠦᠴᠦᠨ᠎ᠢ ᠬᠦᠴᠦᠷᠬᠡᠭᠵᠢᠭᠦᠯᠬᠦ᠂ ᠪᠤᠳᠤᠯᠲᠠ ᠵᠢᠨ ᠬᠦᠴᠦᠨ ᠵᠢᠡᠷ ᠴᠠᠬᠢᠯᠭᠠᠨ ᠬᠦᠴᠦᠨ᠎ᠢ ᠠᠬᠢᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃《ᠡᠨᠧᠷᠭᠢ ᠲᠣᠣᠷ ᠳᠠᠭᠠᠭᠠᠴᠠ ᠨᠥᠭᠡᠴᠡ》 ᠵᠡᠷᠭᠡ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠵᠠᠭ᠍ᠪᠤᠷ᠎ᠢ ᠠᠱᠢᠭ᠍ᠯᠠᠬᠤ᠎ᠶ᠋ᠢ ᠳᠠᠮᠵᠢᠵᠤ᠂ ᠪᠣᠬᠢᠷᠲᠤᠯ ᠦᠭᠡᠢ ᠴᠠᠬᠢᠯᠭᠠᠨ᠎ᠢ ᠱᠢᠭᠤᠳ ᠬᠣᠯᠪᠣᠬᠤ᠎ᠶ᠋ᠢ ᠰᠦᠪᠡᠭ᠌ᠴᠢᠯᠡᠨ ᠠᠬᠢᠭᠤᠯᠵᠤ᠂ ᠡᠨᠧᠷᠭᠢ ᠠᠷᠪᠢᠯᠠᠬᠤ ᠮᠡᠷᠭᠡᠵᠢᠯ᠎ᠢ ᠢᠳᠡᠪᠬᠢᠲᠡᠢ ᠳᠡᠯᠭᠡᠷᠡᠭᠦᠯᠦᠨ᠂ ᠣᠶᠤᠨᠴᠢ ᠡᠨᠧᠷᠭᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠨᠢᠭᠡ ᠴᠣᠭ᠍ᠴᠠᠵᠢᠭᠤᠯᠤᠭ᠍ᠰᠠᠨ ᠪᠣᠳᠣᠯᠳᠠ ᠵᠢᠨ ᠬᠦᠴᠦᠨ᠎ᠦ ᠲᠣᠣᠷ᠎ᠤᠨ ᠬᠥᠭ᠌ᠵᠢᠯᠲᠡ᠎ᠶ᠋ᠢᠨ ᠪᠣᠬᠢᠷᠲᠤᠯ ᠦᠭᠡᠢ ᠳᠡᠪᠢᠰᠭᠡᠷ ᠥᠩᠭᠡ᠎ᠶ᠋ᠢ ᠦᠳᠬᠡᠷᠡᠭᠦᠯᠬᠦ ᠬᠡᠷᠡᠭᠳᠡᠢ᠃ ᠵᠢᠯ᠎ᠤᠨ ᠡᠬᠢᠨ᠎ᠡᠴᠡ ᠨᠠᠭᠠᠰᠢ ᠤᠯᠠᠨ ᠤᠯᠤᠰ᠎ᠤᠨ ᠡᠨᠧᠷᠭᠢ᠎ᠶ᠋ᠢᠨ ᠵᠠᠬ᠎ᠠ ᠳᠡᠯᠭᠡᠭᠦᠷ᠎ᠲᠦ ᠨᠡᠯᠢᠶᠡᠳ ᠶᠡᠬᠡ ᠬᠡᠯᠪᠡᠯᠵᠡᠯᠳᠡ ᠭᠠᠷᠪᠠ᠂ ᠤᠯᠤᠰ᠎ᠤᠨ ᠳᠣᠲᠣᠭᠠᠳᠤ᠎ᠶ᠋ᠢᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠦᠢᠯᠡᠳᠪᠦᠷᠢᠯᠡᠯ ᠠᠮᠢᠳᠤᠷᠠᠯ᠎ᠤᠨ ᠡᠨᠧᠷᠭᠢ ᠬᠡᠷᠡᠭ᠌ᠯᠡᠬᠦ᠌ ᠬᠡᠷᠡᠭ᠌ᠴᠡᠭᠡ᠎ᠶ᠋ᠢ ᠬᠠᠩᠭᠠᠵᠤ᠂ ᠠᠵᠤ ᠠᠬᠤᠢ ᠨᠡᠢᠭᠡᠮ᠎ᠦᠨ ᠲᠣᠭ᠍ᠲᠠᠭᠤᠨ ᠡᠷᠭᠢᠯᠲᠡ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
(ᠱᠢᠨᠬᠤᠸᠠ ᠬᠣᠷᠢᠶ᠎ᠠ᠎ᠶᠢᠨ ᠬᠥᠬᠡᠬᠣᠲᠠ᠎ᠶ᠋ᠢᠨ 5 ᠰᠠᠷ᠎ᠠ᠎ᠶ᠋ᠢᠨ 18 ᠤ᠋ ᠴᠠᠬᠢᠯᠭᠠᠨ ᠮᠡᠳᠡᠭᠡ)