ᠷᠤᠤ ᠴᠢᠤᠸᠠᠨ ᠪᠦᠦ ᠭᠠᠩ ᠪᠠᠶᠠᠷ᠎ᠤᠨ ᠦᠭᠡ ᠬᠡᠯᠡᠪᠡ
5 ᠰᠠᠷ᠎ᠠ᠎ᠶ᠋ᠢᠨ 18 ᠤ᠋ ᠡᠳᠦᠷ᠂ 2026 ᠣᠨ᠎ᠤ ᠣᠯᠠᠨ ᠤᠯᠤᠰ᠎ᠤᠨ ᠮᠦᠽᠧᠶ᠎ᠶ᠋ᠢᠨ ᠡᠳᠦᠷ᠎ᠦᠨ ᠳᠤᠮᠳᠠᠳᠤ ᠤᠯᠤᠰ᠎ᠤᠨ ᠭᠤᠤᠯ ᠬᠤᠷᠠᠯ᠎ᠤᠨ ᠲᠠᠯᠠᠪᠠᠢ ᠵᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃ ᠲᠤᠰ ᠤᠳᠠᠭᠠᠨ᠎ᠤ ᠠᠵᠢᠯᠯᠠᠭ᠎ᠠ ᠨᠢ 《ᠮᠦᠽᠧᠶ᠄ ᠳᠡᠯᠡᠬᠡᠶ᠎ᠶ᠋ᠢ ᠬᠣᠯᠪᠣᠬᠤ ᠬᠥᠭᠥᠷᠭᠡ》 ᠪᠡᠷ ᠭᠣᠣᠯ ᠰᠡᠳᠦᠪ ᠪᠤᠯᠭᠠᠵᠠᠢ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢᠳ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠳᠠᠷᠤᠭ᠎ᠠ ᠷᠤᠤ ᠴᠢᠤᠸᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠪᠠᠶᠠᠷ᠎ᠤᠨ ᠦᠭᠡ ᠬᠡᠯᠡᠵᠡᠢ᠃
ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠤᠯᠠᠨ ᠤᠯᠤᠰ᠎ᠤᠨ ᠮᠦᠽᠧᠢ᠎ᠶ᠋ᠢᠨ ᠨᠡᠢᠭᠡᠮᠯᠢᠭ᠎ᠦᠨ ᠲᠡᠷᠢᠭᠦᠯᠡᠭ᠌ᠴᠢ ᠠᠨᠳᠦᠨᠢᠣ᠋· ᠯᠦᠸᠸᠳ᠋ᠸᠯᠢᠭᠸᠰ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ 2025 ᠣᠨ᠎ᠤ ᠪᠥᠬᠥ᠌ ᠤᠯᠤᠰ᠎ᠤᠨ ᠮᠦᠽᠧᠶ᠎ᠶ᠋ᠢᠨ ᠠᠷᠪᠠᠨ ᠶᠡᠬᠡ ᠳᠡᠯᠭᠡᠨ ᠦᠵᠡᠭᠦᠯᠭᠡ᠎ᠶ᠋ᠢᠨ ᠰᠣᠳᠣᠨ ᠪᠦᠲᠦᠭᠡᠯ ᠢ᠋ ᠨᠡᠢᠳᠡᠯᠡᠵᠤ᠂ ᠥᠪᠥᠷ ᠮᠣᠩᠭᠣᠯ᠎ᠤᠨ ᠮᠦᠽᠧᠶ᠎ᠶ᠋ᠢᠨ ᠬᠦᠷᠢᠶᠡᠯᠡᠩ᠎ᠤᠨ 《ᠥᠪᠥᠷ ᠮᠣᠩᠭᠣᠯ᠎ᠤᠨ ᠨᠡᠪᠲᠡᠷᠬᠡᠶ ᠲᠡᠦᠬᠡ᠎ᠶ᠋ᠢᠨ ᠳᠡᠯᠭᠡᠨ ᠦᠵᠡᠭᠦᠯᠭᠡ》 ᠰᠣᠳᠣᠨ ᠪᠦᠲᠦᠭᠡᠯ ᠵᠢᠡᠷ ᠦᠨᠡᠯᠡᠭᠳᠡᠪᠡ᠃ ᠠᠵᠢᠯᠯᠠᠭ᠎ᠠ ᠳᠤᠮᠳᠠ ᠪᠠᠰᠠ ᠥᠪᠥᠷ ᠮᠣᠩᠭᠣᠯ᠎ᠤᠨ 《ᠴᠠᠬᠢᠯᠭᠠᠨ ᠬᠦᠴᠦ᠍ + ᠲᠡᠦᠬᠡ᠎ᠶ᠋ᠢᠨ ᠳᠤᠷᠠᠰᠭᠠᠯᠲᠤ ᠵᠦᠢᠯᠡᠰ》 ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠦᠷ᠎ᠡ ᠪᠦᠲᠦᠭᠡᠯ᠎ᠢ ᠲᠠᠨᠢᠯᠴᠠᠭᠤᠯᠵᠤ᠂ 2026 ᠣᠨ᠎ᠤ 《ᠪᠣᠯᠪᠠᠰᠤᠨ ᠤ᠋ ᠬᠥᠭᠥᠷᠭᠡ᠎ᠶ᠋ᠢᠨ ᠲᠥᠯᠥᠪᠯᠡᠭᠡ — ᠲᠡᠦᠬᠡ᠎ᠶ᠋ᠢᠨ ᠳᠤᠷᠠᠰᠭᠠᠯᠲᠤ ᠵᠦᠢᠯᠡᠰ ᠤ᠋ᠨ ᠬᠢᠯᠢ ᠵᠢᠨ ᠭᠠᠳᠠᠨᠠᠬᠢ ᠦᠵᠡᠰᠭᠦᠯᠡᠩ᠎ᠦᠨ ᠰᠣᠳᠣᠨ ᠪᠦᠲᠦᠭᠡᠯ》 ᠤ᠋ᠨ ᠲᠦᠷᠦᠯ ᠵᠦᠢᠯ᠎ᠢ ᠡᠬᠢᠯᠡᠭᠦᠯᠵᠦ᠍᠂ ᠳᠤᠮᠳᠠ ᠪᠠᠭ᠎ᠠ ᠮᠦᠽᠧᠢ ᠵᠢ ᠠᠵᠢᠯ ᠲᠦᠷᠦᠯ᠎ᠢᠶᠡᠷ ᠬᠠᠪᠰᠤᠷᠤᠨ ᠲᠡᠳᠬᠦᠬᠦ᠌ ᠭᠡᠷ᠎ᠡ ᠲᠤᠬᠳᠠᠬᠤ ᠶᠣᠰᠣᠯᠠᠯ ᠶᠠᠪᠤᠬᠳᠠᠭᠤᠯᠵᠤ᠂ 2027 ᠣᠨ᠎ᠤ ᠤᠯᠠᠨ ᠤᠯᠤᠰ᠎ᠤᠨ ᠮᠦᠽᠧᠢ᠎ᠶ᠋ᠢᠨ ᠡᠳᠦᠷ᠎ᠦᠨ ᠳᠤᠮᠳᠠᠳᠤ ᠤᠯᠤᠰ᠎ᠤᠨ ᠭᠣᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠵᠢ ᠵᠧᠵᠢᠶᠠᠩ ᠮᠤᠵᠢ᠎ᠶ᠋ᠢᠨ ᠬᠠᠩᠵᠧᠦ ᠬᠤᠳᠠ᠎ᠳᠤ ᠶᠠᠪᠤᠭ᠍ᠳᠠᠭᠤᠯᠬᠤ ᠪᠡᠷ ᠨᠡᠢᠲᠡᠯᠡᠪᠡ᠃
ᠲᠣᠰ ᠡᠳᠦᠷ᠂ 1 ᠵᠢᠯ ᠱᠢᠬᠠᠮ ᠲᠤᠷᠱᠢᠨ ᠠᠵᠢᠯᠯᠠᠭᠤᠯᠤᠭᠰᠠᠨ ᠥᠪᠥᠷ ᠮᠣᠩᠭᠣᠯ᠎ᠤᠨ ᠮᠦᠽᠧᠶ ᠵᠢᠨ ᠬᠦᠷᠢᠶᠡᠯᠡᠩ ᠵᠢᠩᠬᠢᠨᠢ᠎ᠪᠡᠷ ᠡᠭᠦᠳᠡ᠎ᠪᠡᠨ ᠨᠡᠭᠡᠭᠡᠵᠦ᠍᠂ ᠷᠤᠤ ᠴᠢᠤᠸᠠᠨ᠂ ᠪᠦᠦ ᠭᠠᠩ 《ᠡᠯᠲᠡᠪ ᠡᠷᠲᠡᠨᠢᠰ ᠥᠨᠭᠬᠡ ᠢᠯᠭᠠᠷᠠᠬᠰᠠᠨ ᠥᠨᠢᠷ ᠪᠠᠶᠠᠯᠢᠬ ᠳᠤᠮᠳᠠᠳᠤ ᠤᠯᠤᠰ》 ᠭᠤᠤᠯ ᠰᠡᠳᠦᠪᠲᠦ ᠦᠵᠡᠰᠭᠦᠯᠡᠩ᠎ᠦᠨ ᠬᠥᠱᠢᠭᠡ ᠵᠢ ᠰᠡᠬᠦᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠱᠢᠶᠠᠨ ᠬᠤᠸᠠ᠂ ᠰᠦᠬᠡ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠳᠡᠳ᠋ ᠳᠠᠷᠤᠭ᠎ᠠ ᠲᠠᠩ ᠸᠧᠢ ᠠᠵᠢᠯᠯᠠᠭ᠎ᠠ᠎ᠳᠤ ᠣᠷᠣᠯᠴᠠᠵᠠᠢ᠃