ᠮᠡᠳᠡᠭᠡ ᠵᠠᠩᠭᠢ᠎ᠶ᠋ᠢᠨ ᠴᠢᠬᠤᠯᠠ ᠵᠠᠮ᠎ᠢ᠋ ᠨᠡᠪᠳᠡᠷᠡᠬᠦᠯᠦᠨ᠎ᠡ
2026-05-19 10:39:25
ᠵᠣᠬᠢᠶᠠᠭ᠍ᠴᠢ᠄
ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠵᠸᠦ ᠶᠤᠸᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 17 ᠎ᠤ᠋ ᠡᠳᠦᠷ ᠪᠣᠯ ᠳᠡᠯᠡᠬᠡᠶ᠎ᠶ᠋ᠢᠨ ᠴᠠᠬᠢᠯᠭᠠᠨ ᠬᠣᠯᠪᠣᠭ᠎ᠠ ᠪᠠ ᠮᠡᠳᠡᠭᠡ ᠵᠠᠩᠭᠢ᠎ᠶᠢᠨ ᠨᠡᠢᠭᠡᠮ᠎ᠦᠨ ᠡᠳᠦᠷ ᠪᠣᠯᠤᠨ᠎ᠠ᠃ ᠡᠨᠡ ᠵᠢᠯ 《ᠲᠣᠭᠠᠴᠢᠯᠠᠭ᠍ᠰᠠᠨ ᠠᠮᠢᠨ ᠰᠤᠳᠠᠰᠤ᠄ ᠬᠠᠷᠢᠯᠴᠠᠨ ᠬᠣᠯᠪᠣᠯᠳᠤᠭᠰᠠᠨ ᠳᠡᠯᠡᠬᠡᠶ ᠶᠢᠷᠲᠢᠨᠴᠦ᠍᠎ᠳᠦ ᠰᠡᠷᠭᠦᠯᠳᠡ᠎ᠶᠢᠨ ᠬᠦᠴᠦᠨ᠎ᠢ ᠴᠢᠩᠭᠠᠳᠭᠠᠶ᠎ᠠ》 ᠭᠡᠳᠡᠭ ᠵᠢᠠᠷ ᠭᠤᠤᠯ ᠰᠡᠳᠦᠪ ᠪᠤᠯᠭᠠᠵᠤ᠂ ᠪᠥᠬᠥ᠌ ᠪᠥᠮᠪᠥᠷᠴᠡᠭ᠎ᠢᠶᠡᠷ᠎ᠢᠶᠡᠨ ᠨᠠᠩ ᠪᠠᠲᠤ ᠪᠠᠬᠢ᠂ ᠨᠠᠩ ᠣᠶᠤᠨᠴᠢ᠂ ᠨᠠᠩ ᠲᠦᠭᠡᠮᠡᠯ ᠬᠠᠷᠠᠭᠠᠯᠵᠠᠯᠲᠤ ᠲᠣᠭᠠᠴᠢᠯᠠᠯᠳᠠ᠎ᠶᠢᠨ ᠰᠠᠭᠤᠷᠢ ᠲᠥᠬᠥᠭᠡᠷᠦᠮᠵᠢ᠎ᠶ᠋ᠢ ᠬᠠᠮᠲᠤ᠎ᠪᠠᠷ ᠪᠠᠢᠭᠤᠯᠬᠤ᠎ᠶ᠋ᠢ ᠤᠷᠢᠶᠠᠯᠠᠪᠠ᠃

ᠶᠡᠷᠦᠩᠬᠡᠢ ᠱᠦᠵᠢ ᠰᠢ ᠵᠢᠨ ᠫᠢᠩ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠢᠮᠠᠭ᠍ᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 《ᠪᠢᠳᠡ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠭᠦᠨᠵᠡᠭᠡᠢ ᠨᠡᠢᠳᠭᠡᠬᠦ᠌᠎ᠶ᠋ᠢ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠮᠡᠳᠡᠭᠡ ᠵᠠᠩᠭᠢ᠎ᠶ᠋ᠢᠨ 〈ᠴᠢᠬᠤᠯᠠ ᠵᠠᠮ〉 ᠢ᠋ ᠨᠡᠪᠲᠡᠷᠡᠭᠦᠯᠬᠦ᠌ ᠬᠡᠷᠡᠭ᠌ᠲᠡᠢ》 ᠭᠡᠵᠦ ᠬᠦᠨᠵᠡᠭᠡᠢ ᠵᠢᠭᠠᠵᠤ ᠭᠠᠷᠭᠠᠪᠠ᠃

ᠲᠦᠷᠦᠭᠦᠬᠡᠨ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠤᠳᠤᠯᠳᠠ᠎ᠶ᠋ᠢᠨ ᠬᠦᠴᠦᠨ ᠤ᠋ ᠲᠣᠣᠷ᠂ ᠱᠢᠨ᠎ᠡ ᠨᠢᠭᠡ ᠦᠶ᠎ᠡ᠎ᠶ᠋ᠢᠨ ᠴᠢᠮᠡᠭᠡ ᠬᠣᠯᠪᠣᠭᠠᠨ᠎ᠤ ᠲᠣᠣᠷ᠎ᠢ ᠪᠠᠭ᠍ᠲᠠᠭᠠᠭ᠍ᠰᠠᠨ 《ᠵᠢᠷᠭᠤᠭᠠᠨ ᠲᠣᠣᠷ》 ᠤ᠋ᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠪᠠᠢᠷᠢᠯᠠᠭᠤᠯᠤᠯᠲᠠ ᠬᠢᠵᠦ᠍᠂ ᠡᠨᠡ ᠬᠦ᠌ 《ᠴᠢᠬᠤᠯᠠ ᠵᠠᠮ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠡᠬᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠰᠠᠭᠤᠷᠢ ᠴᠢᠨᠠᠷᠲᠠᠢ᠂ ᠤᠳᠤᠷᠢᠳᠤᠮᠵᠢ᠎ᠶ᠋ᠢᠨ ᠴᠢᠨᠠᠷᠲᠠᠢ ᠦᠢᠯᠡᠳᠦᠯ᠎ᠢ ᠳᠠᠬᠢᠨᠲᠠ ᠢᠯᠡᠷᠡᠭᠦᠯᠪᠡ᠃

ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠬᠤᠯᠠᠴᠢᠯᠠᠬᠤ ᠨᠢ ᠤᠷᠲᠤ ᠬᠤᠭᠤᠴᠠᠭᠠᠨ᠎ᠤ ᠦᠶ᠋ᠯᠡᠳᠦᠯᠭᠡ᠎ᠶ᠋ᠢᠨ ᠰᠦᠪᠡᠭ᠌ᠴᠢᠯᠡᠯ᠎ᠳᠦ ᠰᠠᠭᠤᠷᠢᠯᠠᠪᠠ᠃

ᠹᠦᠵᠢᠶᠠᠨ᠎ᠤ ᠨᠢᠩᠳ᠋ᠸ ᠳ᠋ᠤ ᠠᠵᠢᠯᠯᠠᠵᠤ ᠪᠠᠢᠬᠤ ᠬᠤᠭᠤᠴᠠᠭᠠᠨ᠎ᠳᠠᠭᠠᠨ᠂ ᠰᠢ ᠵᠢᠨ ᠫᠢᠩ ᠨᠥᠬᠥᠷ 《ᠠᠵᠤ ᠠᠬᠤᠢ᠎ᠪᠠᠨ ᠬᠥᠭ᠌ᠵᠢᠭᠦᠯᠬᠦ᠌᠎ᠳᠦ ᠱᠢᠦᠳᠠᠨ ᠬᠣᠯᠪᠣᠭ᠎ᠠ᠎ᠪᠠᠨ ᠤᠷᠢᠳ᠎ᠢᠶᠠᠷ ᠬᠥᠭ᠌ᠵᠢᠭᠦᠯᠬᠦ᠌ ᠬᠡᠷᠡᠭ᠌ᠲᠡᠢ》 ᠭᠡᠳᠡᠭ᠎ᠢ ᠰᠡᠷᠭᠡᠭ᠎ᠢᠶᠡᠷ ᠠᠵᠢᠭ᠍ᠯᠠᠵᠤ᠂ 《ᠴᠢᠮᠡᠭᠡ ᠬᠣᠯᠪᠣᠭ᠎ᠠ᠎ᠶ᠋ᠢ ᠰᠠᠢᠵᠢᠷᠠᠭᠤᠯᠬᠤ ᠨᠢ ᠵᠠᠮ ᠬᠠᠷᠢᠯᠴᠠᠭᠠᠨ᠎ᠤ ᠬᠦᠷᠦᠯᠴᠡᠬᠦ᠌ ᠦᠭᠡᠢ ᠲᠠᠯ᠎ᠠ᠎ᠶ᠋ᠢ ᠨᠥᠬᠥᠪᠥᠷᠢᠯᠡᠵᠦ᠍ ᠪᠣᠯᠤᠨ᠎ᠠ᠃ ᠡᠨᠡ ᠪᠣᠯ ᠳᠠᠷᠤᠶ 〈ᠬᠤᠯᠠ ᠠᠶᠠᠯᠠᠵᠤ ᠳᠡᠢᠯᠬᠦ ᠦᠭᠡᠢ᠎ᠴᠤ ᠴᠢᠮᠡᠭᠡ ᠰᠤᠷᠠᠭ᠎ᠢ ᠰᠠᠢᠳᠤᠷ ᠬᠦᠯᠢᠶᠡᠨ ᠠᠪᠬᠤ᠎ᠳᠦ ᠲᠦᠱᠢᠭ᠌ᠯᠡᠬᠦ᠌〉 ᠶᠠᠪᠤᠳᠠᠯ ᠪᠤᠯᠤᠨ᠎ᠠ》᠃ ᠰᠢ ᠵᠢᠨ ᠫᠢᠩ ᠨᠥᠬᠥᠷ᠎ᠦᠨ ᠬᠦᠴᠦᠲᠡᠶ ᠠᠬᠢᠭᠤᠯᠤᠯ ᠳᠤᠤᠷ᠎ᠠ᠂ ᠨᠢᠩᠳᠧ᠎ᠨᠢ ᠪᠥᠬᠥ᠌ ᠮᠤᠵᠢ᠎ᠶ᠋ᠢᠨ ᠠᠩᠬᠠᠳᠠᠭ᠍ᠴᠢ ᠬᠣᠶᠠᠷ ᠢᠵᠢ ᠲᠦᠮᠡᠨ ᠡᠷᠦᠬᠡ᠎ᠶᠢᠨ ᠠᠯᠤᠰ ᠡᠵᠡᠮᠱᠢᠯᠲᠦ ᠳ᠋ᠢᠶᠠᠩᠬᠤᠸᠠ᠎ᠶ᠋ᠢᠨ ᠰᠣᠯᠢᠯᠴᠠᠭᠠᠨ᠎ᠤ ᠱᠢᠰᠲ᠋ᠧᠮ ᠲᠠᠢ ᠭᠠᠵᠠᠷ ᠣᠷᠣᠨ ᠪᠣᠯᠵᠠᠶ᠃

ᠰᠡᠭᠦᠯᠡᠷ ᠨᠢ ᠮᠤᠵᠢ᠎ᠳᠤ ᠬᠦᠷᠴᠦ᠍ ᠠᠵᠢᠯᠯᠠᠬᠤ᠎ᠳᠠᠭᠠᠨ ᠰᠢ ᠵᠢᠨ ᠫᠢᠩ ᠨᠥᠬᠥᠷ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠬᠠᠯᠠᠮᠵᠢᠯᠠᠭ᠍ᠰᠠᠭᠠᠷ ᠢᠷᠡᠪᠡ᠃ 2002 ᠣᠨ᠎ᠤ 5 ᠰᠠᠷ᠎ᠠ᠎ᠶ᠋ᠢᠨ 17 ᠤ᠋ ᠡᠳᠦᠷ᠂ 34 ᠳ᠋ᠤᠭᠡᠷ ᠬᠤᠭᠤᠴᠠᠭᠠᠨ᠎ᠤ ᠳᠡᠯᠡᠬᠡᠢ᠎ᠶ᠋ᠢᠨ ᠴᠠᠬᠢᠯᠭᠠᠨ ᠬᠣᠯᠪᠣᠭᠠᠨ᠎ᠤ ᠡᠳᠦᠷ᠂ ᠹᠦᠵᠢᠶᠠᠨ ᠮᠤᠵᠢ᠎ᠶ᠋ᠢᠨ ᠳᠠᠷᠤᠭ᠎ᠠ ᠪᠠᠢᠭ᠍ᠰᠠᠨ ᠰᠢ ᠵᠢᠨ ᠫᠢᠩ  《ᠹᠦᠵᠢᠶᠠᠨ᠎ᠤ ᠡᠳᠦᠷ᠎ᠦᠨ ᠰᠣᠨᠢᠨ》 ᠳ᠋ᠤ 《ᠲᠣᠭᠠᠴᠢᠯᠠᠯᠳᠠ᠎ᠶᠢᠨ ᠵᠦᠷᠢᠶ᠎ᠡ᠎ᠶ᠋ᠢ ᠪᠠᠭᠠᠰᠭᠠᠵᠤ᠂ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠶ᠎ᠡ》 ᠭᠡᠬᠦ᠌ ᠰᠡᠳᠦᠪ᠎ᠲᠡᠶ ᠨᠡᠷ᠎ᠡ ᠬᠠᠳᠠᠭ᠍ᠰᠠᠠ ᠵᠣᠬᠢᠶᠠᠯ ᠨᠡᠢᠲᠡᠯᠡᠵᠦ᠍᠂ ᠮᠡᠳᠡᠭᠡ ᠵᠠᠩᠭᠢᠵᠢᠯᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ᠎ᠶ᠋ᠢ 《ᠲᠣᠭᠠᠴᠢᠯᠠᠭ᠍ᠰᠠᠨ ᠹᠦᠵᠢᠶᠠᠨ》 ᠢ᠋ ᠠᠬᠢᠭᠤᠯᠬᠤ ᠵᠢᠨ ᠴᠢᠬᠤᠯᠠ ᠠᠭᠤᠯᠭ᠎ᠠ ᠪᠣᠯᠭᠠᠨ ᠴᠢᠬᠤᠯᠠᠴᠢᠯᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠣᠭᠠᠴᠢᠯᠠᠯᠳᠠ᠎ᠶᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠦ ᠤᠯᠠᠨ ᠤᠳᠠᠭ᠎ᠠ ᠱᠢᠨᠵᠢᠯᠡᠬᠦ᠌ ᠤᠬᠠᠭᠠᠨᠴᠢ ᠵᠢᠯᠣᠭᠣᠳᠤᠮᠵᠢ ᠬᠠᠩᠭᠠᠪᠠ᠄

2014 ᠣᠨ᠎ᠤ 2 ᠰᠠᠷ᠎ᠠ᠎ᠳᠤ᠂ ᠲᠥᠪ᠎ᠦᠨ ᠰᠦᠯᠵᠢᠶᠡᠨ᠎ᠦ ᠠᠮᠤᠷ ᠲᠦᠪᠱᠢᠨ ᠪᠣᠯᠤᠨ ᠮᠡᠳᠡᠭᠡ ᠵᠠᠩᠭᠢᠵᠢᠯᠲᠠ᠎ᠶ᠋ᠢᠨ ᠵᠦᠪᠯᠡᠯ᠎ᠤᠨ ᠤᠳᠤᠷᠢᠳᠭᠤ ᠳᠤᠭᠤᠢᠯᠠᠩ᠎ᠤᠨ ᠠᠩᠬᠠᠳᠤᠭᠠᠷ ᠬᠤᠷᠠᠯ ᠳᠡᠭᠡᠷ᠎ᠡ᠂ ᠰᠦᠯᠵᠢᠶᠡᠨ᠎ᠦ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠪᠠᠷ ᠳᠤᠷᠠᠳᠤᠭ᠍ᠰᠠᠨ ᠪᠥᠭᠡᠳ 《ᠠᠰᠤᠷᠤ ᠰᠠᠢ᠌ᠨ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠲᠡᠶ ᠪᠠᠢᠬᠤ》 ᠵᠢ ᠴᠢᠬᠤᠯᠠ ᠪᠦᠳᠦᠭᠡᠨ ᠪᠠᠢᠭᠤᠯᠤᠯᠲᠠ᠎ᠶ᠋ᠢᠨ ᠠᠭᠤᠯᠭ᠎ᠠ ᠪᠣᠯᠭᠠᠪᠠ;

2018 ᠣᠨ᠎ᠳᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠳᠡᠭᠡᠷ᠎ᠡ᠂ 5G᠂ ᠵᠣᠬᠢᠶᠠᠮᠠᠯ ᠣᠶᠤᠨ ᠴᠢᠳᠠᠪᠤᠷᠢ᠂ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ ᠵᠡᠷᠭᠡ ᠱᠢᠨ᠎ᠡ ᠬᠡᠯᠪᠡᠷᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ;

2021 ᠣᠨ᠎ᠤ 10 ᠰᠠᠷ᠎ᠠ᠎ᠳᠤ᠂ ᠠᠷᠪᠠ ᠶᠢᠰᠦᠳᠦᠭᠡᠷ ᠬᠤᠭᠤᠴᠠᠭᠠᠨ᠎ᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠭᠤᠴᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ᠂ ᠥᠨᠳᠥᠷ ᠬᠤᠷᠳᠤᠴᠠᠲᠤ ᠳᠦᠭᠡᠮᠡᠯ ᠤᠷᠤᠰᠢᠬᠤ᠂ ᠳᠠᠭᠠᠭᠤᠯᠢ ᠤᠳᠤᠨ ᠤ᠋ ᠴᠢᠮᠡᠭᠡ ᠬᠤᠯᠪᠤᠭ᠎ᠠ ᠪᠠ ᠡᠬᠡ ᠭᠠᠵᠠᠷ᠎ᠲᠡᠬᠢ ᠴᠢᠮᠡᠭᠡ ᠬᠤᠯᠪᠤᠭ᠎ᠠ ᠵᠢ ᠨᠢᠭᠡ ᠴᠤᠬ᠍ᠴᠠᠵᠢᠭᠤᠯᠬᠤ᠂ ᠡᠭᠦᠯᠡᠨ ᠪᠤᠳᠤᠯᠳᠠ ᠪᠠ ᠴᠢᠮᠡᠭᠡ ᠬᠤᠯᠪᠤᠭᠠᠨ᠎ᠤ ᠰᠦᠯᠵᠢᠶ᠎ᠡ᠎ᠶ᠋ᠢ ᠠᠭᠤᠰᠤᠯᠴᠠᠭᠤᠯᠬᠤ᠂ ᠣᠶᠤᠨᠴᠢ ᠪᠥᠭᠡᠳ ᠬᠤᠷᠴᠠ ᠱᠠᠯᠠᠮᠠᠭᠠᠶ᠂ ᠪᠣᠬᠢᠷᠲᠤᠯ ᠥᠬᠡᠶ ᠪᠥᠭᠡᠳ ᠪᠠᠭ᠎ᠠ ᠨᠡᠭᠦᠷᠡᠰᠦᠲᠥ᠋ᠷᠥᠭ᠌ᠴᠢᠳᠦ᠂ ᠠᠮᠤᠷ ᠲᠦᠪᠱᠢᠨ ᠡᠵᠡᠮᠳᠡᠵᠦ᠍ ᠳᠡᠢᠯᠬᠦ᠌ ᠣᠶᠤᠨᠴᠢᠯᠠᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠲᠣᠭᠠᠴᠢᠯᠠᠭ᠍ᠰᠠᠨ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢ ᠲᠦᠷᠭᠡᠳᠭᠡᠨ ᠪᠠᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ;

ᠮᠡᠷᠭᠡᠵᠢᠯ᠎ᠦᠨ ᠬᠤᠪᠢᠰᠤᠯᠲᠠ᠎ᠶ᠋ᠢ ᠳᠠᠭᠠᠯᠳᠤᠨ᠂ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠠᠭᠤᠯᠤᠭ᠍ᠳᠠᠬᠤᠨ ᠲᠠᠰᠤᠷᠠᠯᠲᠠ ᠦᠭᠡᠢ ᠥᠷᠭᠡᠵᠢᠵᠦ᠍᠂ ᠠᠯᠢ ᠤᠯᠠᠨ ᠴᠢᠬᠤᠯᠠ ᠶᠡᠬᠡ ᠨᠤᠲᠠᠯᠠᠯᠲᠠ ᠪᠠ ᠴᠢᠬᠤᠯᠠ ᠪᠠᠢᠷᠢᠯᠠᠭᠤᠯᠤᠯᠲᠠ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ ᠪᠠᠢᠨ᠎ᠠ᠃

ᠣᠳᠤ᠂ ᠮᠠᠨ᠎ᠤ ᠤᠯᠤᠰ ᠨᠢᠭᠡᠨᠲᠡ ᠪᠦᠬᠦ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠮᠡᠷᠭᠡᠵᠢᠯ᠎ᠢᠶᠡᠷ ᠣᠷᠣᠢᠯᠠᠭ᠍ᠰᠠᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠲᠣᠣᠷ᠎ᠢ ᠪᠠᠢᠭᠤᠯᠵᠤ᠂ ᠲᠠᠰᠤᠷᠠᠯᠲᠠ ᠦᠭᠡᠢ ᠳᠡᠰ ᠳᠡᠪᠱᠢᠵᠦ ᠪᠠᠢᠭ᠎ᠠ ᠲᠤᠭᠠᠴᠢᠯᠠᠯᠳᠠ᠎ᠶᠢᠨ ᠰᠠᠭᠤᠷᠢ ᠨᠢ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤᠳᠭᠠᠪᠠ᠃

ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠬᠡᠷᠬᠢᠨ ᠴᠢᠩᠭᠠᠳᠭᠠᠬᠤ ᠪᠤᠢ?

《ᠵᠣᠬᠢᠰᠲᠠᠢ ᠤᠷᠢᠳᠴᠢᠯᠠᠬᠤ》 ᠪᠣᠯ ᠠᠵᠢᠯᠯᠠᠬᠤ ᠠᠷᠭ᠎ᠠ ᠮᠥᠨ᠃ 2022 ᠣᠨ᠎ᠤ 4 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ᠎ᠦᠨ ᠡᠷᠭᠢᠯᠡᠨ ᠬᠤᠷᠠᠯᠳᠤᠭᠤᠯᠤᠭ᠍ᠰᠠᠨ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠠᠷᠪᠠᠨ ᠨᠢᠭᠡᠳᠦᠭᠡᠷ ᠬᠤᠷᠠᠯ ᠡᠴᠡ 《ᠵᠣᠬᠢᠰᠲᠠᠢ ᠤᠷᠢᠳᠴᠢᠯᠠᠵᠤ᠂ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠪᠠ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠎ᠳᠤ ᠠᠱᠢᠭ᠍ᠲᠠᠶ ᠰᠠᠭᠤᠷᠢ ᠲᠥᠬᠥᠭᠡᠷᠦᠮᠵᠢ᠎ᠶ᠋ᠢ ᠪᠠᠢᠷᠢᠱᠢᠭᠤᠯᠬᠤ᠎ᠶ᠋ᠢᠨ ᠬᠠᠮᠲᠤ ᠤᠷᠢᠳᠴᠢᠯᠠᠨ ᠪᠥᠲᠥᠭᠡᠨ ᠪᠠᠢᠭᠤᠯᠬᠤ ᠬᠡᠮᠵᠢᠶ᠎ᠡ᠎ᠶ᠋ᠢ ᠰᠠᠢᠲᠤᠷ ᠡᠵᠡᠮᠳᠡᠬᠦ᠌ ᠬᠡᠷᠡᠭ᠌ᠲᠡᠶ》 ᠭᠡᠵᠦ᠍ ᠳᠤᠷᠠᠳᠤᠨ ᠭᠠᠷᠭᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ᠂ 《ᠵᠣᠬᠢᠰᠲᠠᠢ ᠤᠷᠢᠳᠴᠢᠯᠠᠬᠤ᠂ ᠬᠡᠲᠦᠷᠡᠬᠦ᠌ ᠦᠭᠡᠢ ᠤᠷᠢᠳᠴᠢᠯᠠᠬᠤ᠎ᠶ᠋ᠢ ᠪᠠᠷᠢᠮᠲᠠᠯᠠᠵᠤ᠂ ᠰᠠᠭᠤᠷᠢ ᠲᠥᠬᠥᠭᠡᠷᠦᠮᠵᠢ᠎ᠶ᠋ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠴᠢᠩᠭᠠᠳᠭᠠᠬᠤ》 ᠵᠢ ᠲᠣᠳᠣᠷᠬᠠᠢᠯᠠᠭ᠍ᠰᠠᠨ ᠪᠥᠭᠡᠳ ᠪᠦᠬᠦ᠌ ᠤᠯᠤᠰ᠎ᠤᠨ ᠨᠢᠭᠡ ᠴᠤᠭ᠍ᠴᠠᠵᠢᠭᠤᠯᠤᠭ᠍ᠰᠠᠨ ᠪᠤᠳᠤᠯᠳᠠ᠎ᠶᠢᠨ ᠬᠦᠴᠦᠨ᠎ᠦ ᠲᠣᠣᠷ᠂ ᠳᠠᠭᠠᠭᠤᠯᠢ ᠤᠳᠤᠨ᠎ᠤ ᠢᠨᠲᠸᠷ ᠰᠦᠯᠵᠢᠶ᠎ᠡ ᠵᠡᠷᠭᠡ ᠤᠯᠠᠨ ᠵᠦᠢᠯ᠎ᠦᠨ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠪᠠᠢᠷᠢᠯᠠᠭᠤᠯᠪᠠ᠃

ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠣᠯ ᠢᠯᠠᠯᠲᠠ ᠤᠯᠬᠤ᠎ᠶ᠋ᠢᠨ ᠵᠠᠩᠭᠢᠯᠠᠭ᠎ᠠ ᠮᠥᠨ᠃ ᠶᠡᠷᠦᠩᠬᠡᠶ ᠱᠦᠵᠢ ᠰᠢ ᠵᠢᠨ ᠫᠢᠩ 《ᠢᠨᠲ᠋ᠸᠷ ᠰᠦᠯᠵᠢᠶᠡᠨ᠎ᠦ ᠭᠤᠤᠯᠯᠠᠬᠤ ᠮᠡᠷᠭᠡᠵᠢᠯ ᠪᠣᠯ ᠪᠢᠳᠡᠨ᠎ᠦ ᠬᠠᠮᠤᠭ᠎ᠤᠨ ᠴᠢᠬᠤᠯᠠ 〈ᠠᠮᠢᠨ ᠰᠤᠳᠠᠰᠤ〉 ᠮᠥᠨ》 ᠭᠡᠵᠦ᠍ ᠵᠢᠭᠠᠵᠤ ᠭᠠᠷᠭᠠᠭᠠᠳ᠂ ᠲᠣᠭᠠᠴᠢᠯᠠᠭ᠍ᠰᠠᠨ ᠮᠡᠷᠭᠡᠵᠢᠯ᠎ᠦᠨ ᠰᠠᠭᠤᠷᠢ ᠰᠤᠳᠤᠯᠤᠨ ᠨᠡᠭᠡᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠶ᠋ᠳᠪᠦᠷᠢᠯᠡᠬᠦ᠌ ᠪᠤᠭᠤᠮᠳᠠ ᠰᠢᠪᠳᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠥᠨᠳᠥᠷ ᠬᠢᠷᠢ ᠲᠦᠪᠱᠢᠨ ᠪᠥᠬᠥᠶ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠨ ᠪᠡᠶᠡᠯᠡᠭᠦᠯᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢ ᠬᠥᠭ᠌ᠵᠢᠭᠦᠯᠬᠦ᠌ ᠡᠵᠡᠨ ᠮᠡᠳᠡᠬᠦ᠌ ᠡᠷᠬᠡ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠱᠢᠬᠦ᠌ ᠬᠡᠷᠡᠭ᠌ᠲᠡᠶ ᠭᠡᠵᠦ᠍ ᠱᠠᠭᠠᠷᠳᠠᠵᠠᠶ᠃

ᠨᠡᠭᠡᠭᠡᠯᠲᠡ ᠬᠢᠵᠦ᠍ ᠬᠠᠮᠲᠤᠷᠠᠯᠴᠠᠬᠤ ᠪᠣᠯ ᠬᠠᠮᠲᠤ᠎ᠪᠠᠷ ᠠᠱᠢᠭ ᠬᠦᠷᠲᠡᠬᠦ᠌ ᠵᠠᠮ ᠮᠥᠨ᠃ 《ᠪᠦᠬᠦ᠌ ᠪᠥᠮᠪᠥᠷᠴᠡᠭ᠎ᠦᠨ ᠰᠦᠯᠵᠢᠶᠡᠨ᠎ᠦ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠬᠤ》 ᠵᠢ ᠵᠣᠷᠢᠭ᠍ᠰᠠᠨ ᠡᠴᠡ 《ᠲᠣᠭᠠᠴᠢᠯᠠᠯᠳᠠ᠎ᠶᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠲᠣᠭᠠᠴᠢᠯᠠᠯᠳᠠ᠎ᠶᠢᠨ ᠵᠦᠷᠢᠶ᠎ᠡ ᠵᠢ ᠠᠷᠢᠯᠭᠠᠬᠤ》 ᠵᠢ ᠰᠠᠨᠠᠭᠠᠴᠢᠯᠠᠭ᠍ᠰᠠᠨ ᠬᠦᠷᠲᠡᠯ᠎ᠡ᠂ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ ᠵᠢ ᠠᠬᠢᠭᠤᠯᠬᠤ᠎ᠳᠡᠬᠢ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠢᠮᠠᠭ᠍ᠲᠠ ᠴᠢᠬᠤᠯᠠᠴᠢᠯᠠᠭ᠍ᠰᠠᠭᠠᠷ ᠢᠷᠡᠵᠠᠢ᠃

《ᠪᠠᠶᠠᠵᠢᠶ᠎ᠠ ᠭᠡᠪᠡᠯ ᠤᠷᠢᠳ ᠵᠢᠡᠷ ᠵᠠᠮ ᠵᠠᠰᠠᠬᠤ ᠬᠡᠷᠡᠭ᠌ᠲᠡᠶ》 ᠭᠡᠵᠦ᠍ ᠬᠡᠯᠡᠳᠡᠭ᠃ ᠲᠣᠭᠠᠴᠢᠯᠠᠭ᠍ᠰᠠᠨ ᠴᠠᠭ ᠦᠶ᠎ᠡ᠎ᠳᠦ᠂ ᠮᠡᠳᠡᠭᠡ ᠵᠠᠩᠭᠢ ᠭᠡᠬᠦ᠌ ᠡᠨᠡ ᠬᠦ᠌ 《ᠴᠢᠬᠤᠯᠠ ᠵᠠᠮ》 ᠢ᠋ ᠦᠷᠭᠦᠯᠵᠢᠯᠡᠨ ᠨᠡᠪᠲᠡᠷᠡᠭᠦᠯᠬᠦ᠌ ᠨᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠨᠢ ᠯᠠᠪᠲᠠᠢ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠤᠨ 5 ᠰᠠᠷ᠎ᠠ᠎ᠶᠢᠨ 17 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号